《 ᠰᠢᠭᠤᠶᠢᠲᠤ ᠣᠷᠣᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠨᠢᠭᠡᠳᠦᠯᠲᠡᠶ ᠰᠢᠯᠭᠠᠯᠲᠠ ᠶᠢᠨ ᠠᠮᠤᠷ ᠲᠦᠪᠰᠢᠨ ᠤ ᠲᠥᠷᠥᠯ ᠤᠨ ᠲᠤᠬᠠᠶ  ᠭᠡᠨᠡᠳᠲᠡ ᠡᠭᠦᠰᠦᠭᠰᠡᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠲᠥᠰᠦᠯ 》 ᠤᠨ ᠮᠡᠳᠡᠭᠳᠡᠯ
ᠨᠡᠶᠢᠲᠡᠯᠡᠭᠰᠡᠨ ᠴᠠᠭ᠄
2021/11/30
   ᠬᠥᠩ ᠱᠢ ᠹᠦ᠋ ᠠᠯᠪᠠᠨ ᠲᠠᠷᠬᠠᠭᠠᠭᠰᠠᠨ〔 2021〕24 ᠳ᠋ᠦ᠋ᠭᠡᠷ ᠲᠣᠭᠠᠲᠤ       ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ  《 ᠰᠢᠭᠤᠶᠢᠲᠤ ᠣᠷᠣᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠨᠢᠭᠡᠳᠦᠯᠲᠡᠶ ᠰᠢᠯᠭᠠᠯᠲᠠ ᠶᠢᠨ ᠠᠮᠤᠷ ᠲᠦᠪᠰᠢᠨ ᠤ ᠲᠥᠷᠥᠯ ᠤᠨ ᠲᠤᠬᠠᠶ  ᠭᠡᠨᠡᠳᠲᠡ ᠡᠭᠦᠰᠦᠭᠰᠡᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠲᠥᠰᠦᠯ 》 ᠤᠨ ᠮᠡᠳᠡᠭᠳᠡᠯ ᠵᠢᠪᠬᠤᠯᠠᠩᠲᠤ ᠰᠤᠮᠤ᠂ ᠪᠡᠳᠺᠡᠷ ᠵᠣᠣ ᠪᠠᠯᠭᠠᠰᠤ᠂ ᠡᠯ᠎ᠡ ᠵᠡᠭᠡᠯᠢ ᠭᠤᠳᠤᠮᠵᠢ᠂ ᠡᠯ᠎ᠡ ᠬᠦᠷᠢᠶᠡᠯᠡᠩ ᠲᠣᠭᠤᠷᠢᠭ ( ᠦᠵᠡᠮᠵᠢ ᠶᠢᠨ ᠣᠷᠣᠨ ) ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠰᠢᠭᠤᠳ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ ᠰᠠᠯᠠᠭ᠎ᠠ ᠮᠥᠴᠢᠷ ᠨᠢᠭᠡᠴᠡ᠂ ᠡᠯ᠎ᠡ ᠠᠷᠠᠳ ᠤᠨ ᠪᠦᠯᠬᠦᠮ᠄    ᠡᠳᠦᠭᠡ 《 ᠰᠢᠭᠤᠶᠢᠲᠤ ᠣᠷᠣᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠨᠢᠭᠡᠳᠦᠯᠲᠡᠶ ᠰᠢᠯᠭᠠᠯᠲᠠ  ᠶᠢᠨ ᠠᠮᠤᠷ ᠲᠦᠪᠰᠢᠨ ᠤ ᠲᠥᠷᠥᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠲᠥᠰᠦᠯ 》 ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ  ᠃             ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                 2021 ᠣᠨ ᠤ 5 ᠳ᠋ᠤᠭᠠᠷ ᠰᠠᠷ᠎ᠠ ᠶᠢᠨ 28 ᠤ ᠡᠳᠦᠷᠰᠢᠭᠤᠶᠢᠲᠤ ᠲᠣᠭᠤᠷᠢᠭ ᠤᠨ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠨᠢᠭᠡᠳᠦᠯᠲᠡᠢ ᠰᠢᠯᠭᠠᠯᠲᠠ ᠶᠢᠨ ᠠᠮᠤᠷ ᠲᠦᠪᠰᠢᠨ ᠤ ᠲᠦᠷᠦᠯ  ᠃ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠪᠡᠯᠡᠳᠬᠡᠯ ᠲᠥᠰᠦᠯ  ᠃2021 ᠣᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠨᠢᠭᠡᠳᠦᠯᠲᠡᠶ ᠰᠢᠯᠭᠠᠯᠲᠠ ᠶᠢᠨ ᠠᠮᠤᠷ ᠲᠦᠪᠰᠢᠨ᠂ ᠲᠣᠭᠲᠠᠭᠤᠨ᠂ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠠᠨ ᠤ ᠣᠷᠣᠨ ᠤ ᠰᠤᠷᠭᠠᠨ ᠬᠥᠮᠦᠵᠢᠯ  ᠤᠨ ᠰᠢᠯᠭᠠᠯᠲᠠ ᠶᠢᠨ ᠭᠡᠨᠡᠳᠲᠡ ᠶᠢᠨ ᠬᠡᠷᠡᠭ ᠢ ᠪᠦᠲᠦᠮᠵᠢᠲᠡᠶ ᠰᠡᠷᠭᠡᠶᠢᠯᠡᠬᠦ᠂ ᠴᠠᠭ ᠲᠤᠬᠠᠶ ᠳᠤᠨᠢ ᠡᠵᠡᠮᠳᠡᠬᠦ ᠪᠠ ᠲᠣᠬᠢᠲᠠᠶ ᠰᠢᠶᠳᠪᠦᠷᠢᠯᠡᠵᠦ᠂ ᠲᠦᠷᠭᠡᠨ ᠲᠤᠰᠬᠠᠬᠤ ᠪᠠ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠭᠡᠨᠡᠳᠲᠡ ᠶᠢᠨ ᠬᠡᠷᠡᠭ ᠤᠨ ᠨᠥᠯᠥᠭᠡᠯᠡᠬᠦ ᠬᠡᠪᠴᠢᠶ᠎ᠡ ᠪᠠ ᠬᠤᠬᠢᠷᠠᠭᠤᠯᠬᠤ ᠬᠡᠮᠵᠢᠶ᠎ᠡ ᠶᠢ ᠬᠠᠮᠤᠭ  ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠵᠣᠷᠢᠭᠤᠳᠠ ᠡᠪᠳᠡᠯᠡᠭᠡ ᠬᠢᠬᠦ ᠬᠡᠷᠡᠭ ᠡᠭᠦᠰᠬᠦ ᠶᠢ ᠰᠡᠷᠭᠡᠶᠢᠯᠡᠨ᠂ ᠰᠢᠯᠭᠠᠯᠲᠠ ᠶᠢᠨ ᠴᠢᠭ᠂ ᠰᠢᠯᠭᠠᠯᠲᠠ ᠶᠢᠨ ᠲᠠᠯᠠᠪᠠᠶ ᠪᠠ ᠨᠡᠶᠢᠭᠡᠮ ᠤᠨ ᠠᠮᠤᠷ ᠲᠦᠪᠰᠢᠨ ᠢ ᠪᠠᠲᠤᠯᠠᠬᠤ ᠪᠠ ᠬᠠᠮᠠᠭᠠᠯᠠᠬᠤ ᠶᠢᠨ ᠲᠤᠰᠠᠳᠠ᠂ ᠣᠨᠴᠣᠭᠤᠶᠢᠯᠠᠨ ᠲᠣᠭᠲᠠᠭᠠᠪᠠ‌‍ᠲ᠋ᠤᠰ ᠪᠡᠯᠡᠳᠬᠡᠯ ᠲᠥᠰᠦᠯ  ᠃ ᠨᠢᠭᠡ᠂ ᠠᠵᠢᠯ ᠤᠨ ᠵᠠᠷᠴᠢᠮ ( ᠨᠢᠭᠡ ) ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ︔ ( ᠬᠤᠶᠠᠷ ) ᠨᠢᠭᠡᠳᠦᠯᠲᠡᠶ ᠵᠢᠯᠣᠭᠤᠳᠴᠤ᠂ ᠲᠦᠷᠭᠡᠨ ᠲᠤᠰᠬᠠᠬᠤ ᠬᠡᠷᠡᠭᠲᠡᠶ︔ ( ᠭᠤᠷᠪᠠ ) ᠱᠠᠲᠤ ᠬᠤᠪᠢᠶᠠᠨ ᠬᠠᠷᠢᠭᠤᠴᠠᠵᠤ᠂ ᠬᠠᠷᠢᠶ᠎ᠠ ᠣᠷᠣᠨ ᠳᠤᠨᠢ ᠬᠠᠮᠢᠶᠠᠷᠤᠭᠤᠯᠬᠤ ᠬᠡᠷᠡᠭᠲᠡᠶ︔ ( ᠳᠥᠷᠪᠡ ) ᠲᠦᠷᠭᠡᠨ ᠲᠤᠰᠬᠠᠯ ᠭᠠᠷᠭᠠᠵᠤ᠂ ᠪᠦᠲᠦᠮᠵᠢᠲᠡᠶ ᠡᠵᠡᠮᠳᠡᠬᠦ︔ ( ᠲᠠᠪᠤ ) ᠬᠥᠮᠦᠨ ᠢᠶᠠᠷ ᠦᠨᠳᠦᠰᠦ ᠪᠣᠯᠭᠠᠵᠤ᠂ ᠬᠠᠤᠯᠢ ᠶᠣᠰᠣᠭᠠᠷ ᠰᠢᠶᠳᠪᠦᠷᠢᠯᠡᠬᠦ ᠬᠡᠷᠡᠭᠲᠡᠶ︔ ( ᠵᠢᠷᠭᠤᠭ᠎ᠠ ) ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠪᠦᠳᠦᠭᠡᠨ ᠪᠠᠶᠢᠭᠤᠯᠬᠤ ᠪᠠᠷ ᠭᠤᠣᠯᠳᠠᠯᠭ᠎ᠠ ᠪᠣᠯᠭᠠᠨ᠎ᠠ︔ ( ᠲᠤᠯᠤᠭ᠎ᠠ ) ᠨᠢᠭᠤᠴᠠ ᠶᠢ ᠬᠠᠮᠠᠭᠠᠯᠠᠵᠤ᠂ ᠰᠠᠬᠢᠯᠭ᠎ᠠ ᠪᠠᠲᠤ ᠶᠢ ᠰᠠᠬᠢᠬᠤ  ᠃ ᠬᠤᠶᠠᠷ᠂ ᠬᠡᠷᠡᠭᠯᠡᠬᠦ ᠬᠡᠪᠴᠢᠶ᠎ᠡ    ᠡᠯ᠎ᠡ ᠲᠥᠷᠥᠯ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠲᠥᠷᠥᠯ ᠤᠨ ᠭᠡᠨᠡᠳᠲᠡ ᠶᠢᠨ ᠬᠡᠷᠡᠭ ᠭᠡᠳᠡᠭ ᠨᠢ ᠰᠢᠯᠭᠠᠯᠲᠠ ᠶᠢ ᠵᠣᠬᠢᠶᠠᠨ ᠪᠠᠶᠢᠭᠤᠯᠵᠤ ᠬᠠᠮᠢᠶᠠᠷᠬᠤ ᠶᠠᠪᠤᠴᠠ ᠳᠤ ᠭᠠᠷᠤᠭᠰᠠᠨ ᠰᠢᠯᠭᠠᠯᠲᠠ ᠶᠢᠨ ᠬᠠᠭᠤᠳᠠᠰᠤ ᠶᠢ ᠭᠡᠭᠡᠭᠰᠡᠨ᠂ ᠨᠢᠭᠤᠴᠠ ᠶᠢ ᠵᠠᠳᠠᠷᠠᠭᠤᠯᠤᠭᠰᠠᠨ᠂ ᠪᠤᠷᠤᠭᠤ ᠰᠢᠯᠭᠠᠯᠲᠠ  ᠶᠢᠨ ᠬᠠᠭᠤᠳᠠᠰᠤ ᠲᠠᠷᠬᠠᠭᠠᠭᠰᠠᠨ᠂ ᠰᠢᠯᠭᠠᠭᠤᠯᠤᠭᠴᠢ ᠪᠠ ᠰᠢᠯᠭᠠᠯᠲᠠ ᠶᠢᠨ ᠴᠡᠭ ᠤᠨ ᠠᠵᠢᠯᠲᠠᠨ ᠡᠪᠡᠳᠴᠢᠨ ᠡᠮᠭᠡᠭ ᠵᠢᠴᠢ ᠣᠨᠴᠠᠭᠠᠶ ᠠᠭᠤᠷ ᠠᠮᠢᠰᠬᠤᠯ ᠵᠡᠷᠭᠡ ᠠᠴᠠ ᠪᠣᠯᠤᠭᠰᠠᠨ ᠬᠦᠨᠳᠦ ᠶᠡᠭᠡ ᠬᠡᠷᠡᠭ ᠢ ᠣᠨᠴᠠᠭᠠᠶᠢᠯᠠᠨ ᠵᠢᠭᠠᠨ᠎ᠠ  ᠃ ᠭᠤᠷᠪᠠ᠂ ᠵᠢᠯᠣᠭᠤᠳᠬᠤ ᠪᠠ ᠠᠵᠢᠯᠯᠠᠬᠤ ᠰᠢᠰᠲ᠋ᠧᠮ ( ᠨᠢᠭᠡ ) ᠣᠷᠣᠨ ᠤ ᠵᠠᠰᠠᠭ ᠤᠨ ᠣᠷᠳᠣᠨ ᠤ ᠰᠢᠯᠭᠠᠯᠲᠠ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠶᠢ ᠵᠣᠬᠢᠴᠠᠭᠤᠯᠬᠤ ᠤᠳᠤᠷᠢᠳᠬᠤ ᠳᠤᠭᠤᠶᠢᠯᠠᠩ ᠡᠷᠬᠢᠯᠡᠭᠴᠢ᠄ ᠵᠢᠶᠠ ᠱᠢ ᠴᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ  ᠃ᠳᠡᠳ᠋ ᠡᠷᠬᠢᠯᠡᠭᠴᠢ᠄ ᠯᠢ ᠲᠦᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ  ᠃ᠵᠠᠩ ᠳ᠋ᠦᠩ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠭᠡᠰᠢᠭᠦᠨ᠄ ᠬᠤᠤ ᠵᠢᠤᠢ  ᠲᠣᠭᠤᠷᠢᠭ ᠤᠨ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠨᠢᠭᠤᠴᠠ ᠮᠠᠲ᠋ᠧᠷᠢᠶᠠᠯ ᠤᠨ ᠲᠣᠪᠴᠢᠶᠠᠨ ᠤ ᠳᠠᠷᠤᠭ᠎ᠠ   ᠵᠣᠣ ᠹᠧᠩ     ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ ᠤᠨ ᠳᠡᠳ᠋ ᠡᠷᠬᠢᠯᠡᠭᠴᠢ᠂ ᠤᠯᠤᠰ ᠤᠨ ᠠᠮᠤᠷ ᠲᠦᠪᠰᠢᠨ ᠤ ᠠᠯᠪᠠᠨ ᠬᠡᠷ ᠤᠨ ᠳᠡᠳ᠋ ᠡᠷᠬᠢᠯᠡᠭᠴᠢ ᠪᠥᠸᠧ ᠢᠦ᠋ᠶ ᠹᠸᠢ    ᠲᠣᠭᠤᠷᠢᠭ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠡᠷᠬᠢᠯᠡᠭᠴᠢ ᠫᠧᠩ ᡁᠢ ᠴᠢᠶᠠᠩ    ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠡᠷᠬᠢᠯᠡᠭᠴᠢ ᠯᠢᠦ ᡁᠢ ᠴᠢᠶᠠᠩ    ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠲᠢᠶᠠᠨ ᠰᠢ        ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ  ᠰᠢᠶ᠋ᠧ ᠰᠢᠶᠤᠤ ᠢᠦ᠋ᠶ     ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠰᠢᠯᠭᠠᠯᠲᠠ ᠶᠢᠨ ᠲᠥᠪ ᠤᠨ ᠡᠷᠬᠢᠯᠡᠭᠴᠢ     ᠯᠢᠶᠣᠤ ᡁᠢ ᠰᠢᠶᠦ᠋ᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ ᠪᠠᠢ ᠯᠢ ᠮᠧᠢ     ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠰᠢᠶᠤᠤ ᠹᠧᠩ     ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ  ᠵᠣᠣ ᠵᠧᠨ ᠬᠤᠸᠠᠨ     ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠᠶᠠᠩ ᠶᠦᠩ     ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠵᠠᠩ ᠮᠢᠨ     ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠯᠢ ᠰᠢᠨ ᠮᠢᠩ     ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ  ᠾᠧ ᠸᠧᠨ ᠫᠢᠩ    ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ  ᠳ᠋ᠠᠩ ᠵᠢᠶᠦ᠋ᠨ ᠸᠧᠢ   ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ  ᠶᠢᠨ ᠲᠣᠪᠴᠢᠶᠠᠨ ᠤ ᠳᠡᠳ᠋ ᠳᠠᠷᠤᠭ᠎ᠠ᠂ ᠬᠤᠲᠠ ᠶᠢᠨ ᠬᠠᠮᠢᠶᠠᠷᠤᠯᠲᠠ  ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠤᠪᠢᠶᠠᠷᠢ ᠲᠣᠪᠴᠢᠶᠠᠨ ᠤ ᠬᠠᠷᠢᠭᠤᠴᠠᠯᠭᠠᠲᠠᠨ ᠴᠢ ᠶᠦᠩ ᠸᠠᠩ     ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠰᠢᠭᠤᠶᠢᠲᠤ ᠬᠤᠪᠢᠶᠠᠷᠢ ᠲᠣᠪᠴᠢᠶ᠎ᠠ ᠶᠢᠨ ᠳᠠᠷᠤᠭ᠎ᠠ ᠯᠢᠦ ᠵᠢᠶᠠᠩ ᠲᠤᠤ    ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠳᠠᠷᠤᠭ᠎ᠠ ᠂ ᠵᠠᠩ ᠰᠢ ᠹᠧᠩ    ᠲᠣᠭᠤᠷᠢᠭ ᠤᠨ ᠰᠢᠦᠳᠠᠨ ᠤ ᠬᠤᠪᠢᠶᠠᠷᠢ ᠺᠣᠮᠫᠠᠨᠢ ᠭᠦᠸᠧ ᠵᠢᠶ ᠴᠢᠩ   ᠲᠣᠭᠤᠷᠢᠭ ᠤᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠳᠠᠷᠤᠭ᠎ᠠ  ᠯᠢᠦ ᠭᠠᠩ   ᠲᠣᠭᠤᠷᠢᠭ ᠤᠨ ᠨᠢᠭᠡᠳᠦᠮᠡᠯ ᠬᠤᠯᠪᠣᠭ᠎ᠠ ᠶᠢᠨ ᠺᠣᠮᠫᠠᠨᠢ ᠶᠢᠨ ᠳᠠᠭᠠᠭᠠᠮᠠᠯ  ᠭᠤᠣᠯ ᠡᠭᠦᠷᠭᠡ ᠬᠠᠷᠢᠭᠤᠴᠠᠯᠭ᠎ᠠ᠄ ᠬᠡᠷᠡᠭ ᠶᠠᠪᠤᠳᠠᠯ ᠤᠨ ᠵᠡᠷᠭᠡ ᠳᠡᠰ ᠢ ᠨᠤᠲᠠᠯᠠᠨ ᠲᠣᠭᠲᠠᠭᠠᠨ᠎ᠠ︔ ᠲᠣᠰ ᠪᠡᠯᠡᠳᠬᠡᠯ ᠲᠥᠰᠦᠯ ᠢ ᠡᠬᠢᠯᠡᠭᠦᠯᠬᠦ︔ ᠰᠢᠶᠳᠪᠦᠷᠢ ᠭᠠᠷᠭᠠᠬᠤ︔ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯᠯᠠᠭ᠎ᠠ ᠶᠢ ᠵᠣᠬᠢᠴᠠᠭᠤᠯᠤᠨ᠎ᠠ  ᠃  ( ᠬᠤᠶᠠᠷ ) ᠰᠢᠯᠭᠠᠯᠲᠠ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠶᠢ ᠵᠣᠬᠢᠴᠠᠭᠤᠯᠬᠤ ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠨ᠎ᠠ  ᠃ᠡᠷᠬᠢᠯᠡᠭᠴᠢ᠄ ᠵᠠᠩ ᠳ᠋ᠦᠩ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ   ᠳᠡᠳ᠋ ᠡᠷᠬᠢᠯᠡᠭᠴᠢ ᠄ ᠲᠢᠶᠠᠨ ᠰᠢ ᠭᠠᠩ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ  ᠭᠡᠰᠢᠭᠦᠨ᠄ ᠰᠢᠶ᠋ᠧ ᠰᠢᠶᠤᠤ ᠢᠦ᠋ᠶ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠵᠢᠯᠲᠠᠨ ᠡᠯᠰᠡᠬᠦ ᠰᠢᠯᠭᠠᠯᠲᠠ ᠶᠢᠨ ᠠᠯᠪᠠᠨ ᠬᠡᠷ ᠤᠨ ᠡᠷᠬᠢᠯᠡᠭᠴᠢ   ( ᠭᠤᠷᠪᠠ ) ᠠᠵᠢᠯ ᠤᠨ ᠳᠡᠰ ᠳᠠᠷᠠᠭᠠᠯᠠᠯ᠄  1 . ᠤᠳᠤᠷᠢᠳᠬᠤ ᠳᠤᠭᠤᠶᠢᠯᠠᠩ ᠤᠨ ᠰᠢᠶᠳᠪᠦᠷᠢᠲᠦ ᠪᠣᠳᠣᠯᠭ᠎ᠠ ᠶᠢ ᠦᠨᠳᠦᠰᠦᠯᠡᠨ᠂ ᠬᠡᠷᠡᠭ ᠤᠨ ᠪᠠᠶᠢᠳᠠᠯ ᠢ ᠲᠡᠷᠡ ᠳᠠᠷᠤᠶ ᠳᠤᠨᠢ ᠳᠡᠭᠡᠭᠰᠢ ᠮᠡᠳᠡᠭᠦᠯᠦᠨ᠎ᠡ᠂ ᠡᠭᠦᠨ ᠳᠤ᠄  ( 1 ) ᠬᠡᠷᠡᠭ ᠡᠭᠦᠰᠦᠭᠰᠡᠨ ᠴᠠᠭ᠂ ᠭᠠᠵᠠᠷ︔  ( 2 ) ᠬᠡᠷᠡᠭ ᠤᠨ ᠰᠢᠯᠲᠠᠭᠠᠨ︔  ( 3 ) ᠬᠡᠷᠡᠭ ᠤᠨ ᠰᠢᠨᠵᠢ ᠴᠢᠨᠠᠷ︔  ( 4 ) ᠨᠥᠯᠥᠭᠡᠯᠡᠬᠦ ᠬᠡᠪᠴᠢᠶ᠎ᠡ᠂ ᠨᠥᠯᠥᠭᠡᠯᠡᠬᠦ ᠬᠡᠮᠵᠢᠶ᠎ᠡ︔  ( 5 ) ᠣᠳᠣᠬᠠᠨ ᠤ ᠠᠷᠭ᠎ᠠ ᠬᠡᠮᠵᠢᠶ᠎ᠡ︔ ( 6 ) ᠬᠡᠷᠡᠭ ᠶᠠᠪᠤᠳᠠᠯ ᠤᠨ ᠵᠡᠷᠭᠡ ᠳᠡᠰ ᠤᠨ ᠲᠤᠬᠠᠢ ᠠᠩᠬ᠎ᠠ ᠠᠯᠬᠤᠮ ᠤᠨ ᠮᠠᠭᠠᠳᠯᠠᠯᠲᠠ  ᠃  2 . ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠵᠢᠭᠠᠪᠤᠷᠢ ᠠᠪᠬᠤ ᠶᠢᠨ ᠬᠠᠮᠲᠤ ᠦᠨᠡᠨᠬᠦ ᠶᠠᠪᠤᠭᠳᠠᠭᠤᠰᠢᠲᠠᠶ ᠠᠷᠭ᠎ᠠ ᠬᠡᠮᠵᠢᠶ᠎ᠡ ᠠᠪᠤᠨ᠎ᠠ  ᠃ ᠥᠪᠡᠷᠲᠡᠭᠡᠨ ᠵᠠᠰᠠᠬᠤ ᠣᠷᠣᠨ ᠤ ᠰᠤᠷᠤᠭᠴᠢ ᠡᠯᠰᠡᠬᠦ ᠰᠢᠯᠭᠠᠯᠲᠠ ᠶᠢᠨ ᠲᠥᠪ ᠤᠨ ᠵᠢᠵᠢᠭᠦᠷ ᠤᠨ ᠤᠲᠠᠰᠤ᠄ 0471 - 3261814᠂ ᠢᠯᠡᠴᠢᠯᠡᠨ ᠮᠡᠳᠡᠭᠦᠯᠬᠦ ᠤᠲᠠᠰᠤ᠄ 0471 - 3261805︔ ᠬᠤᠲᠠ ᠶᠢᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠥᠪ ᠤᠨ ᠵᠢᠵᠢᠭᠦᠷ ᠤᠨ ᠤᠲᠠᠰᠤ᠄ 04725154818︔ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠥᠪ ᠤᠨ ᠵᠢᠵᠢᠭᠦᠷᠯᠡᠬᠦ ᠤᠲᠠᠰᠤ᠄ 04728726539  ᠃  3 . ᠴᠠᠭ ᠲᠤᠬᠠᠶ ᠳᠤᠨᠢ ᠬᠠᠷᠢᠭᠤ ᠮᠡᠳᠡᠭᠦᠯᠵᠦ᠂ ᠨᠡᠪᠲᠡᠷᠡᠯᠴᠡᠬᠦ ᠬᠡᠷᠡᠭᠲᠡᠶ︔ ᠬᠤᠶᠢᠲᠤᠬᠢ ᠶᠠᠪᠤᠳᠠᠯ ᠢ ᠰᠠᠶᠢᠲᠤᠷ ᠬᠢᠬᠦ  ᠃  4 ᠭᠡᠨᠡᠳᠲᠡ ᠶᠢᠨ ᠬᠡᠷᠡᠭ ᠤᠨ ᠨᠥᠯᠥᠭᠡᠯᠡᠬᠦ ᠬᠡᠪᠴᠢᠶ᠎ᠡ ᠶᠢ ᠴᠢᠩᠭ᠎ᠠ ᠬᠢᠵᠠᠭᠠᠷᠯᠠᠬᠤ ᠬᠡᠷᠡᠭᠲᠡᠢ  ᠃ᠳᠥᠷᠪᠡ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ    ( ᠨᠢᠭᠡ ) ᠡᠨᠡ ᠵᠢᠯ ᠤᠨ ᠰᠤᠷᠭᠠᠨ ᠬᠥᠮᠦᠵᠢᠯ ᠤᠨ ᠲᠥᠷᠥᠯ ᠤᠨ ᠰᠢᠯᠭᠠᠯᠲᠠ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠰᠢᠯᠭᠠᠯᠲᠠ ᠪᠣᠯᠤᠨ᠎ᠠ᠂ ᠰᠢᠯᠭᠠᠯᠲᠠ ᠶᠢᠨ ᠴᠡᠭ ᠲᠤ ᠨᠢᠭᠡ ᠳᠡᠳ᠋ ᠭᠤᠤᠯ ᠰᠢᠯᠭᠠᠯᠲᠠ ᠨᠡᠮᠡᠵᠦ᠂ ᠬᠢᠵᠢᠭ ᠲᠤ ᠬᠤᠯᠪᠣᠭᠳᠠᠬᠤ ᠡᠩ  ᠤᠨ ᠠᠵᠢᠯ ᠪᠠ ᠭᠡᠨᠡᠳᠲᠡ ᠶᠢᠨ ᠬᠡᠷᠡᠭ ᠢ ᠰᠢᠶᠳᠪᠦᠷᠢᠯᠡᠬᠦ ᠶᠢ ᠲᠤᠰᠬᠠᠶ ᠬᠠᠷᠢᠭᠤᠴᠠᠨ᠎ᠠ︔ ᠬᠡᠷᠪᠡ ᠰᠢᠯᠭᠠᠭᠤᠯᠤᠭᠴᠢ ᠵᠢᠴᠢ ᠠᠵᠢᠯᠲᠠᠨ ᠡᠪᠡᠳᠴᠢᠨ ᠡᠮᠭᠡᠭ ᠠᠴᠠ ᠪᠣᠯᠵᠣ ᠰᠢᠯᠭᠠᠯᠲᠠ ᠶᠢᠨ ᠬᠡᠪ ᠢᠶᠠᠷ ᠶᠠᠪᠤᠭᠳᠠᠬᠤ ᠶᠢ ᠨᠥᠯᠥᠭᠡᠯᠡᠭᠰᠡᠨ ᠪᠠᠶᠢᠪᠠᠯ᠂ ᠬᠢᠵᠢᠭ ᠢ ᠰᠡᠷᠭᠡᠶᠢᠯᠡᠬᠦ ᠠᠵᠢᠯ ᠤᠨ ᠶᠠᠪᠤᠴᠠ ᠪᠠ ᠰᠢᠶᠳᠪᠦᠷᠢᠯᠡᠬᠦ ᠶᠠᠪᠤᠴᠠ ᠶᠢ ᠴᠠᠭ ᠲᠤᠬᠠᠶ ᠳᠤᠨᠢ ᠡᠬᠢᠯᠡᠭᠦᠯᠵᠦ᠂ ᠡᠮᠨᠡᠯᠭᠡ ᠶᠢᠨ ᠠᠵᠢᠯᠲᠠᠨ ᠲᠤᠬᠠᠶ ᠶᠢᠨ ᠭᠠᠵᠠᠷ ᠲᠤᠨᠢ ᠡᠮᠨᠡᠨ ᠵᠠᠰᠠᠬᠤ ᠪᠤᠶᠤ ᠵᠢᠭᠠᠨ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠬᠦᠷᠭᠡᠵᠦ ᠡᠮᠨᠡᠨ ᠵᠠᠰᠠᠭᠤᠯᠬᠤ ᠬᠡᠷᠡᠭᠲᠡᠶ  ᠃    ( ᠬᠤᠶᠠᠷ ) ᠰᠢᠯᠭᠠᠯᠲᠠ ᠶᠢᠨ ᠲᠣᠰ ᠡᠳᠦᠷ ᠬᠠᠯᠠᠭᠤᠷᠠᠬᠤ᠂ ᠬᠠᠨᠢᠶᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠲᠠᠢ ᠪᠣᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ᠂ ᠡᠪᠡᠳᠴᠢᠨ ᠡᠮᠭᠡᠭ  ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠪᠠ ᠡᠮᠴᠢᠯᠡᠭᠡᠨ ᠤ ᠪᠠᠶᠢᠭᠤᠯᠤᠮᠵᠢ ᠶᠢᠨ ᠲᠣᠮᠢᠯᠠᠭᠰᠠᠨ ᠡᠮᠨᠡᠯᠭᠡ ᠶᠢᠨ ᠠᠵᠢᠯᠲᠠᠨ ᠨᠢ ᠨᠢᠭᠡᠳ ᠨᠢᠭᠡ ᠪᠠᠷ ᠲᠤᠰᠬᠠᠶ ᠮᠡᠷᠭᠡᠵᠢᠯ ᠤᠨ ᠦᠨᠡᠯᠡᠨ ᠵᠢᠱᠢᠯᠲᠡ ᠬᠢᠵᠦ᠂ ᠰᠢᠯᠭᠠᠯᠲᠠ ᠶᠢᠨ ᠴᠡᠭ ᠤᠨ ᠡᠷᠬᠢᠯᠡᠭᠴᠢ ᠨᠢ ᠲᠤᠰᠬᠠᠶ ᠮᠡᠷᠭᠡᠵᠢᠯ ᠤᠨ ᠦᠨᠡᠯᠡᠨ ᠵᠢᠱᠢᠯᠲᠡ ᠶᠢᠨ ᠰᠠᠨᠠᠭᠤᠯᠭ᠎ᠠ ᠶᠢ ᠦᠨᠳᠦᠰᠦᠯᠡᠨ᠂ ᠥᠷᠭᠡᠨ ᠣᠯᠠᠨ ᠰᠢᠯᠭᠠᠭᠤᠯᠤᠭᠴᠢ ᠪᠠ ᠰᠢᠯᠭᠠᠯᠲᠠ ᠶᠢᠨ ᠠᠵᠢᠯᠲᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠭᠰᠠᠨ ᠤᠷᠢᠲᠠᠯ ᠳᠣᠤᠷ᠎ᠠ᠂ ᠰᠢᠯᠭᠠᠯᠲᠠ ᠳᠤ ᠬᠡᠪ ᠤᠨ ᠣᠷᠣᠯᠴᠠᠬᠤ ᠨᠥᠬᠦᠴᠡᠯ ᠢ ᠪᠦᠷᠢᠯᠳᠦᠭᠦᠯᠦᠭᠰᠡᠨ ᠡᠰᠡᠬᠦ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠳᠡᠭᠡᠳᠦ ᠱᠠᠲᠤᠨ ᠤ ᠰᠣᠷᠣᠭᠴᠢ ᠡᠯᠰᠡᠬᠦ ᠰᠠᠯᠠᠭ᠎ᠠ ᠮᠥᠴᠢᠷ ᠲᠤ ᠮᠡᠳᠡᠭᠦᠯᠦᠨ᠂ ᠬᠡᠷᠪᠡ ᠪᠦᠷᠢᠯᠳᠦᠭᠦᠯᠦᠭᠰᠡᠨ ᠥᠬᠡᠶ ᠪᠠᠶᠢᠪᠠᠯ᠂ ᠰᠢᠯᠭᠠᠭᠤᠯᠤᠭᠴᠢᠳ ᠡᠷᠡᠭᠦᠯ ᠡᠩᠬᠡ ᠰᠢᠯᠭᠠᠭᠤᠯᠤᠭᠴᠢᠳ ᠲᠠᠢ ᠬᠠᠮᠲᠤ ᠰᠢᠯᠭᠠᠯᠲᠠ ᠶᠢᠨ ᠲᠠᠯᠠᠪᠤᠷ ᠲᠤ ᠰᠢᠯᠭᠠᠯᠲᠠ ᠳᠤ ᠣᠷᠣᠯᠴᠠᠵᠤ ᠪᠣᠯᠬᠤ ᠥᠬᠡᠶ᠂ ᠡᠷᠬᠡᠪᠰᠢ ᠲᠤᠰᠠᠭᠠᠷᠯᠠᠬᠤ ᠪᠡᠯᠡᠳᠬᠡᠯ ᠰᠢᠯᠭᠠᠯᠲᠠ ᠶᠢᠨ ᠲᠠᠯᠠᠪᠤᠷ ᠲᠤ ᠲᠣᠬᠢᠷᠠᠭᠤᠯᠤᠨ ᠰᠢᠯᠭᠠᠬᠤ ᠬᠡᠷᠡᠭᠲᠡᠶ  ᠃     ᠰᠢᠯᠭᠠᠯᠲᠠ ᠶᠢᠨ ᠶᠠᠪᠤᠴᠠ ᠳᠤ᠂ ᠬᠠᠯᠠᠭᠤᠷᠠᠬᠤ᠂ ᠬᠠᠨᠢᠶᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠲᠠᠢ ᠬᠥᠮᠦᠰ ᠢ ᠣᠯᠵᠤ ᠮᠡᠳᠡᠪᠡᠯ᠂ ᠰᠢᠯᠭᠠᠯᠲᠠ ᠶᠢᠨ ᠴᠡᠭ ᠤᠨ ᠲᠤᠬᠠᠶ ᠶᠢᠨ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠪᠠ ᠡᠮᠴᠢᠯᠡᠭᠡᠨ ᠤ ᠪᠠᠶᠢᠭᠤᠯᠤᠮᠵᠢ ᠶᠢᠨ ᠲᠣᠮᠢᠯᠠᠭᠰᠠᠨ ᠡᠮᠨᠡᠯᠭᠡ ᠶᠢᠨ ᠠᠵᠢᠯᠲᠠᠨ ᠠᠴᠠ ᠣᠨᠴᠠᠭᠠᠶ ᠬᠡᠷᠡᠭ ᠢᠶᠠᠷ ᠰᠤᠳᠤᠯᠤᠨ ᠮᠠᠭᠠᠳᠯᠠᠵᠤ᠂ ᠰᠢᠯᠭᠠᠯᠲᠠ ᠶᠢᠨ ᠨᠥᠬᠦᠴᠡᠯ ᠢ ᠦᠷᠭᠦᠯᠵᠢᠯᠡᠨ ᠪᠡᠶᠡᠯᠡᠭᠦᠯᠬᠦ ᠨᠥᠬᠦᠴᠡᠯ ᠢ ᠪᠦᠷᠢᠯᠳᠦᠭᠦᠯᠦᠭᠰᠡᠨ ᠰᠢᠯᠭᠠᠭᠤᠯᠤᠭᠴᠢ ᠶᠢ ᠡᠷᠬᠡᠪᠰᠢ ᠲᠤᠰᠠᠭᠠᠷᠯᠠᠬᠤ ᠳᠤ ᠪᠡᠯᠡᠳᠬᠡᠬᠦ ᠰᠢᠯᠭᠠᠯᠲᠠ ᠶᠢᠨ ᠲᠠᠯᠠᠪᠤᠷ ᠲᠤ ᠲᠣᠬᠢᠷᠠᠭᠤᠯᠵᠤ᠂ ᠰᠢᠯᠭᠠᠭᠤᠯᠤᠭᠴᠢ ᠶᠢ ᠡᠩ ᠤᠨ ᠰᠢᠯᠭᠠᠯᠲᠠ ᠶᠢᠨ ᠲᠠᠯᠠᠪᠤᠷ ᠠᠴᠠ ᠲᠤᠰᠠᠭᠠᠷᠯᠠᠬᠤ ᠳᠤ ᠪᠡᠯᠡᠳᠬᠡᠬᠦ ᠰᠢᠯᠭᠠᠯᠲᠠ ᠶᠢᠨ ᠲᠠᠯᠠᠪᠤᠷ ( ᠰᠢᠯᠭᠠᠯᠲᠠ ᠶᠢᠨ ᠴᠡᠭ ᠠᠴᠠ ᠭᠠᠷᠤᠭᠰᠠᠨ ᠥᠬᠡᠶ ) ᠲᠤ ᠰᠢᠯᠵᠢᠭᠦᠯᠬᠦ ᠳᠤ ᠰᠠᠭᠠᠲᠠᠭᠰᠠᠨ ᠴᠠᠭ ᠢ ᠮᠤᠵᠢ  ᠶᠢᠨ ᠱᠠᠲᠤᠨ ᠤ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠪᠠᠷ ᠵᠥᠪᠰᠢᠶᠡᠷᠡᠭᠦᠯᠦᠭᠡᠳ ᠨᠥᠬᠦᠵᠦ ᠪᠦᠷᠢᠳᠦᠭᠦᠯᠬᠦ ᠬᠡᠷᠡᠭᠲᠡᠶ  ᠃ ᠬᠢᠴᠢᠶᠡᠯ ᠲᠥᠷᠥᠯ ᠤᠨ ᠰᠢᠯᠭᠠᠯᠲᠠ ᠳᠠᠭᠤᠰᠬᠤ ᠦᠶ᠎ᠡ ᠳᠤ᠂ ᠰᠤᠳᠤᠯᠤᠨ ᠮᠠᠭᠠᠳᠯᠠᠬᠤ  ᠶᠢ ᠬᠠᠷᠢᠭᠤᠴᠠᠵᠤ ᠪᠠᠶᠢᠭ᠎ᠠ ᠲᠤᠰᠬᠠᠶ ᠮᠡᠷᠭᠡᠵᠢᠯ ᠤᠨ ᠠᠵᠢᠯᠲᠠᠨ ᠲᠤᠬᠠᠶ ᠶᠢᠨ ᠲᠠᠯᠠᠪᠤᠷ ᠲᠤ ᠪᠣᠶ ᠪᠥᠬᠦᠶ ᠰᠢᠯᠭᠠᠭᠤᠯᠤᠭᠴᠢ ᠳᠤ ᠲᠥᠬᠦᠮ ᠲᠠᠶᠢᠯᠪᠤᠷᠢᠯᠠᠨ ᠲᠣᠳᠣᠷᠬᠠᠶᠢᠯᠠᠵᠤ᠂ ᠪᠤᠰᠤᠳ ᠰᠢᠯᠭᠠᠭᠤᠯᠤᠭᠴᠢ ᠶᠢᠨ ᠭᠡᠯᠮᠡᠭᠳᠡᠯ  ᠠᠴᠠ ᠵᠠᠶᠢᠯᠠᠰᠬᠢᠨ᠎ᠡ  ᠃    ( ᠭᠤᠷᠪᠠ ) ᠰᠢᠯᠭᠠᠯᠲᠠ ᠶᠢᠨ ᠬᠠᠭᠤᠳᠠᠰᠤ ᠶᠢ ᠬᠠᠳᠠᠭᠠᠯᠠᠨ ᠬᠠᠮᠢᠶᠠᠷᠬᠤ᠂ ᠲᠡᠭᠡᠭᠡᠪᠦᠷᠢᠯᠡᠨ ᠬᠦᠷᠭᠡᠬᠦ ᠳᠤ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠢ ᠢᠮᠠᠭᠲᠠ ᠴᠢᠩᠭ᠎ᠠ ᠬᠡᠷᠡᠭᠵᠢᠭᠦᠯᠵᠦ᠂ ᠪᠠᠷᠢᠮᠵᠢᠶ᠎ᠠ ᠶᠣᠰᠣᠭᠠᠷ ᠬᠠᠷᠠᠵᠤ ᠬᠠᠮᠢᠶᠠᠷᠬᠤ ᠠᠵᠢᠯᠲᠠᠨ ᠪᠠ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢ ᠰᠠᠶᠢᠲᠤᠷ ᠳᠣᠭᠢᠷᠠᠭᠤᠯᠬᠤ ᠬᠡᠷᠡᠭᠲᠡᠶ  ᠃ ᠲᠡᠷᠭᠡ᠂ ᠠᠵᠢᠯᠲᠠᠨ ᠤ ᠠᠮᠤᠷ ᠲᠦᠪᠰᠢᠨ ᠨᠠᠶᠢᠳᠠᠪᠤᠷᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ  ᠃ ᠬᠤᠯᠪᠣᠭᠳᠠᠯ ᠪᠦᠬᠦᠢ ᠬᠥᠮᠦᠰ ᠤᠨ ᠪᠡᠶ᠎ᠡ ᠶᠢᠨ ᠬᠠᠯᠠᠭᠤᠨ ᠢ ᠬᠢᠨᠠᠨ ᠬᠡᠮᠵᠢᠬᠦ ᠳᠤ ᠬᠡᠷᠪᠡ ᠲᠤᠰ ᠲᠣᠭᠲᠠᠭᠠᠯ ᠢ ᠴᠢᠩᠭ᠎ᠠ ᠬᠡᠷᠡᠭᠵᠢᠭᠦᠯᠦᠭᠰᠡᠨ ᠦᠭᠡᠶ ᠪᠣᠯ ᠵᠠᠷᠯᠢᠭᠳᠠᠵᠤ ᠪᠠᠶᠢᠭᠠᠳ ᠳᠠᠷᠤᠶᠢᠬᠠᠨ ᠵᠠᠯᠠᠷᠠᠭᠤᠯᠬᠤ ᠶᠢᠨ ᠬᠠᠮᠲᠤ ᠬᠠᠷᠢᠭᠤᠴᠠᠯᠭ᠎ᠠ ᠡᠭᠦᠷᠭᠡᠯᠡᠭᠴᠢ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ  ᠃    ( ᠳᠥᠷᠪᠡ ) ᠰᠢᠯᠭᠠᠯᠲᠠ ᠶᠢᠨ ᠬᠠᠭᠤᠳᠠᠰᠤ ᠶᠢᠨ ᠨᠢᠭᠤᠴᠠ ᠶᠢ ᠵᠠᠳᠠᠷᠠᠭᠤᠯᠤᠭᠰᠠᠨ ᠪᠠᠶᠢᠳᠠᠯ ᠭᠠᠷᠪᠠᠯ᠂ ᠲᠡᠷᠡ ᠳᠠᠷᠤᠶ ᠳᠤᠨᠢ ᠳᠡᠭᠡᠭᠰᠢ ᠮᠡᠳᠡᠭᠦᠯᠬᠦ ᠶᠢᠨ ᠬᠠᠮᠲᠤ᠂ ᠰᠢᠯᠭᠠᠯᠲᠠ ᠳᠤ ᠬᠤᠯᠪᠣᠭᠳᠠᠭᠰᠠᠨ ᠬᠥᠮᠦᠰ ᠢ ᠦᠳᠲᠡᠷ ᠲᠦᠷᠭᠡᠨ ᠬᠢᠵᠠᠭᠠᠷᠯᠠᠵᠤ᠂ ᠬᠡᠪᠴᠢᠶ᠎ᠡ ᠨᠢ ᠥᠷᠭᠡᠳᠬᠦ ᠶᠢ ᠰᠡᠷᠭᠡᠶᠢᠯᠡᠨ ᠬᠤᠷᠢᠭᠯᠠᠵᠤ᠂ ᠳᠣᠲᠣᠭᠠᠳᠤ ᠶᠢ ᠬᠠᠮᠠᠭᠠᠯᠠᠬᠤ ᠠᠵᠢᠯᠲᠠᠨ  ᠳᠤ ᠳᠠᠭᠠᠭᠠᠯᠭᠠᠨ ᠪᠠᠶᠢᠴᠠᠭᠠᠯᠲᠠ ᠬᠢᠯᠭᠡᠬᠦ ᠬᠡᠷᠡᠭᠲᠡᠶ  ᠃    ( ᠲᠠᠪᠤ ) ᠰᠢᠯᠭᠠᠯᠲᠠ ᠶᠢᠨ ᠬᠠᠭᠤᠳᠠᠰᠤ ᠶᠢ ᠪᠤᠷᠤᠭᠤ ᠶᠠᠪᠤᠭᠤᠯᠤᠭᠰᠠᠭᠠᠷ ᠳᠠᠷᠤᠶ ᠲᠦᠷᠭᠡᠨ ᠰᠢᠯᠭᠠᠯᠲᠠ ᠶᠢᠨ ᠶᠠᠪᠤᠳᠠᠯ ᠤᠨ ᠠᠯᠪᠠᠨ ᠬᠡᠷ ᠲᠤ ᠬᠦᠷᠴᠦ ᠲᠣᠰ ᠴᠠᠭ ᠤᠨ ᠬᠡᠰᠡᠭ ᠤᠨ ᠰᠢᠯᠭᠠᠭᠤᠯᠬᠤ ᠬᠢᠴᠢᠶᠡᠯ ᠲᠥᠷᠥᠯ ᠤᠨ ᠰᠢᠯᠭᠠᠯᠲᠠ ᠶᠢᠨ ᠬᠠᠭᠤᠳᠠᠰᠤ ᠶᠢ ᠰᠣᠯᠢᠬᠤ ᠶᠢᠨ ᠬᠠᠮᠲᠤ ᠲᠡᠷᠡ ᠳᠠᠷᠤᠶ ᠳᠤᠨᠢ ᠳᠡᠭᠡᠭᠰᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠬᠠᠷᠢᠭᠤᠴᠠᠯᠭᠠᠲᠠᠨ  ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠰᠢᠯᠭᠠᠯᠲᠠ ᠶᠢᠨ ᠴᠠᠭ ᠢ ᠤᠷᠲᠤᠳᠬᠠᠵᠤ ᠪᠣᠯᠤᠨ᠎ᠠ  ᠃ ᠲᠣᠰ ᠰᠢᠯᠭᠠᠯᠲᠠ  ᠶᠢᠨ ᠬᠠᠭᠤᠳᠠᠰᠤ ᠲᠠᠢ ᠣᠶᠢᠷᠠᠲᠤᠭᠰᠠᠳ ᠢ ᠲᠤᠰᠠᠭᠠᠷᠯᠠᠬᠤ ᠠᠷᠭ᠎ᠠ ᠬᠡᠮᠵᠢᠶ᠎ᠡ ᠠᠪᠴᠤ᠂ ᠰᠢᠯᠭᠠᠯᠲᠠ ᠶᠢᠨ ᠬᠠᠭᠤᠳᠠᠰᠤ  ᠶᠢᠨ ᠬᠢᠴᠢᠶᠡᠯ ᠲᠥᠷᠥᠯ ᠢ ᠪᠤᠷᠤᠭᠤ ᠰᠢᠯᠭᠠᠵᠤ ᠪᠠᠷᠠᠬᠤ ᠪᠣᠯᠲᠠᠯ᠎ᠠ ᠶᠠᠪᠤᠭᠤᠯᠤᠨ᠎ᠠ  ᠃    ( ᠵᠢᠷᠭᠤᠭ᠎ᠠ ) ᠰᠢᠯᠭᠠᠯᠲᠠ ᠳᠠᠭᠤᠰᠴᠤ ᠬᠠᠷᠢᠭᠤᠯᠲᠠ ᠶᠢᠨ ᠬᠠᠭᠤᠳᠠᠰᠤ᠂ ᠰᠡᠳᠦᠪ ᠬᠠᠷᠢᠭᠤᠯᠬᠤ ᠺᠠᠷᠲ ᠳᠤᠲᠠᠭᠳᠠᠭᠰᠠᠨ ᠪᠠᠶᠢᠳᠠᠯ ᠭᠠᠷᠬᠤ ᠦᠶᠡᠰ  ᠃ ᠰᠢᠯᠭᠠᠭᠤᠯᠤᠭᠴᠢᠳ ᠰᠢᠯᠭᠠᠯᠲᠠ ᠶᠢᠨ ᠬᠠᠭᠤᠳᠠᠰᠤ ᠪᠠᠨ ᠪᠦᠬᠦᠨ ᠢ ᠬᠠᠷᠢᠭᠤᠯᠵᠤ᠂ ᠰᠡᠳᠦᠪ ᠬᠠᠷᠢᠭᠤᠯᠬᠤ ᠺᠠᠷᠲ ᠢᠶᠠᠨ ᠪᠦᠷᠢᠳᠬᠡᠭᠰᠡᠨ ᠤ ᠳᠠᠷᠠᠭ᠎ᠠ ᠰᠠᠶ᠋ᠢ ᠰᠢᠯᠭᠠᠭᠤᠯᠤᠭᠴᠢᠳ ᠤᠨ ᠰᠢᠯᠭᠠᠯᠲᠠ ᠶᠢᠨ ᠲᠠᠯᠠᠪᠤᠷ ᠠᠴᠠ ᠤᠬᠤᠷᠢᠨ ᠭᠠᠷᠬᠤ ᠶᠢ ᠵᠥᠪᠰᠢᠶᠡᠷᠡᠵᠦ ᠪᠣᠯᠤᠨ᠎ᠠ  ᠃ ᠬᠡᠷᠪᠡ ᠰᠢᠯᠭᠠᠭᠤᠯᠤᠭᠴᠢ ᠬᠠᠷᠢᠭᠤᠯᠲᠠ ᠶᠢᠨ ᠬᠠᠭᠤᠳᠠᠰᠤ ᠪᠠᠨ ᠠᠪᠴᠤ ᠶᠠᠪᠤᠭᠰᠠᠨ ᠪᠠᠶᠢᠪᠠᠯ᠂ ᠰᠡᠳᠦᠪ ᠬᠠᠷᠢᠭᠤᠯᠬᠤ ᠺᠠᠷᠲ ᠢ ᠲᠡᠷᠡ ᠳᠠᠷᠤᠶ  ᠳᠤᠨᠢ ᠨᠡᠬᠡᠮᠵᠢᠯᠡᠨ ᠠᠪᠴᠢᠷᠠᠬᠤ ᠬᠡᠷᠡᠭᠲᠡᠶ︔ ᠵᠢᠱᠢᠶᠡᠯᠡᠪᠡᠯ ᠰᠢᠯᠭᠠᠯᠲᠠ ᠶᠢᠨ ᠶᠠᠪᠤᠳᠠᠯ ᠤᠨ ᠠᠯᠪᠠᠨ ᠬᠡᠷ ᠠᠴᠠ ᠰᠢᠯᠭᠠᠯᠲᠠ ᠶᠢᠨ ᠬᠠᠭᠤᠳᠠᠰᠤ ᠶᠢ ᠪᠠᠶᠢᠴᠠᠭᠠᠵᠤ᠂ ᠰᠡᠳᠦᠪ ᠬᠠᠷᠢᠭᠤᠯᠬᠤ ᠺᠠᠷᠲ ᠤᠨ ᠲᠤᠭ᠎ᠠ ᠬᠡᠮᠵᠢᠶ᠎ᠡ ᠶᠢ ᠪᠠᠶᠢᠴᠠᠭᠠᠬᠤ ᠳᠤ ᠳᠤᠲᠠᠭᠳᠠᠯ ᠪᠠᠶᠢᠪᠠᠯ ᠰᠢᠯᠭᠠᠯᠲᠠ ᠶᠢᠨ ᠴᠡᠭ ᠠᠴᠠ ᠨᠠᠷᠢᠨ ᠬᠢᠨᠠᠮᠠᠭᠠᠶ ᠡᠷᠢᠵᠦ᠂ ᠱᠠᠲᠤ ᠳᠠᠷᠠᠭᠠᠯᠠᠨ ᠳᠡᠭᠡᠭᠰᠢ ᠮᠡᠳᠡᠭᠦᠯᠦᠨ᠎ᠡ  ᠃    ( ᠲᠤᠯᠤᠭ᠎ᠠ ) ᠰᠢᠯᠭᠠᠯᠲᠠ ᠶᠢᠨ ᠶᠠᠪᠤᠴᠠ ᠳᠤ ᠬᠡᠷᠡᠯᠳᠤᠵᠤ ᠵᠣᠳᠣᠯᠳᠤᠭᠰᠠᠨ᠂ ᠬᠡᠪ ᠤᠨ ᠰᠢᠯᠭᠠᠯᠲᠠ ᠶᠢᠨ ᠡᠮᠬᠢ ᠵᠢᠷᠤᠮ ᠢ ᠰᠠᠮᠠᠭᠤᠷᠠᠭᠤᠯᠤᠭᠰᠠᠨ ᠵᠡᠷᠭᠡ ᠦᠢᠯᠡ ᠠᠵᠢᠯᠯᠠᠭ᠎ᠠ ᠡᠭᠦᠰᠦᠭᠰᠡᠨ ᠪᠠᠶᠢᠪᠠᠯ᠂ ᠰᠢᠯᠭᠠᠯᠲᠠ ᠶᠢᠨ ᠭᠠᠵᠠᠷ  ᠤᠨ ᠠᠮᠤᠷ ᠢ ᠬᠠᠮᠠᠭᠠᠯᠠᠬᠤ ᠠᠵᠢᠯᠳᠠᠨ ᠲᠡᠷᠡ ᠳᠠᠷᠤᠢ ᠳᠤᠨᠢ ᠪᠠᠶᠢᠳᠠᠯ ᠢ ᠡᠵᠡᠮᠳᠡᠵᠦ᠂ ᠴᠢᠬᠤᠯᠠᠲᠠᠢ ᠦᠶ᠎ᠡ ᠳᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠲᠤᠰᠢᠶᠠᠵᠤ ᠰᠢᠢᠳᠪᠦᠷᠢᠯᠡᠭᠦᠯᠦᠨ᠎ᠡ  ᠃    ( ᠨᠠᠶᠮᠠ ) ᠰᠢᠯᠭᠠᠯᠲᠠ ᠶᠢᠨ ᠬᠤᠭᠤᠴᠠᠭᠠᠨ ᠳᠤ ᠵᠣᠬᠢᠶᠠᠨ ᠪᠠᠶᠢᠭᠤᠯᠤᠯᠲᠠ ᠲᠠᠢ ᠪᠠᠷ ᠣᠳᠣ ᠦᠶ᠎ᠡ ᠶᠢᠨ ᠴᠢᠮᠡᠭᠡ ᠬᠤᠯᠪᠣᠭᠠᠨ ᠤ ᠠᠷᠭ᠎ᠠ ᠪᠠᠷᠢᠯ ᠢ ᠠᠰᠢᠭᠯᠠᠨ ᠶᠡᠭᠡ ᠬᠡᠪᠴᠢᠶ᠎ᠡ ᠪᠠᠷ ᠭᠡᠮ ᠬᠢᠭᠰᠡᠨ ᠢ ᠣᠯᠵᠤ ᠮᠡᠳᠡᠪᠡᠯ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠡᠷᠡᠭ ᠪᠣᠯᠭᠠᠨ ᠳᠠᠩᠰᠠᠯᠠᠵᠤ ᠪᠠᠶᠢᠴᠠᠭᠠᠨ ᠰᠢᠶᠳᠪᠦᠷᠢᠯᠡᠬᠦ ᠬᠡᠷᠡᠭᠲᠡᠶ  ᠃ ᠰᠢᠯᠭᠠᠯᠲᠠ ᠬᠢᠨᠠᠭᠴᠢ ᠳᠣᠲᠣᠨ᠎ᠠ ᠭᠠᠳᠠᠨ᠎ᠠ ᠰᠥᠯᠪᠡᠭᠡᠯᠳᠦᠵᠦ᠂ ᠰᠢᠯᠭᠠᠭᠤᠯᠤᠭᠴᠢ ᠶᠢ ᠬᠠᠪᠰᠤᠷᠤᠨ ᠬᠡᠮ ᠬᠢᠭᠰᠡᠨ ᠪᠠᠶᠢᠪᠠᠯ᠂ ᠰᠢᠯᠭᠠᠯᠲᠠ ᠶᠢᠨ ᠴᠡᠭ ᠤᠨ ᠭᠤᠤᠯ ᠰᠢᠯᠭᠠᠯᠲᠠ ᠪᠠᠷ ᠲᠡᠭᠦᠨ ᠤ ᠰᠢᠯᠭᠠᠯᠲᠠ ᠬᠢᠨᠠᠬᠤ ᠬᠢᠷᠢ ᠬᠡᠮ ᠢ ᠨᠢ ᠬᠦᠴᠦᠨ ᠥᠬᠡᠶ ᠪᠣᠯᠭᠠᠬᠤ ᠪᠠᠷ ᠲᠣᠭᠲᠠᠭᠠᠬᠤ ᠶᠢᠨ ᠬᠠᠮᠲᠤ ᠰᠠᠬᠢᠯᠭ᠎ᠠ ᠪᠠᠲᠤ ᠶᠢ ᠵᠥᠷᠢᠴᠡᠭᠰᠡᠨ ᠬᠠᠷᠢᠭᠤᠴᠠᠯᠭ᠎ᠠ ᠨᠡᠬᠡᠮᠵᠢᠯᠡᠨ᠎ᠡ  ᠃    ( ᠶᠢᠰᠦ ) ᠰᠢᠯᠭᠠᠯᠲᠠ ᠶᠢᠨ ᠬᠤᠭᠤᠴᠠᠭᠠᠨ ᠳᠤ᠂ ᠬᠡᠷᠪᠡ ᠲᠤᠶᠢᠯ ᠤᠨ ᠠᠭᠤᠷ ᠠᠮᠢᠰᠬᠤᠯ ᠠᠴᠠ ᠪᠣᠯᠵᠣ ᠬᠡᠪ  ᠤᠨ ᠰᠢᠯᠭᠠᠯᠲᠠ ᠶᠢ ᠨᠥᠯᠥᠭᠡᠯᠡᠪᠡᠯ᠂ ᠰᠢᠯᠭᠠᠯᠲᠠ ᠬᠢᠨᠠᠬᠤ ᠠᠵᠢᠯᠲᠠᠨ ᠲᠡᠷᠡ ᠳᠠᠷᠤᠶ ᠳᠤᠨᠢ ᠭᠤᠤᠯ ᠰᠢᠯᠭᠠᠯᠲᠠ ᠳᠤ ᠮᠡᠳᠡᠭᠦᠯᠵᠦ᠂ ᠭᠤᠤᠯ ᠰᠢᠯᠭᠠᠯᠲᠠ ᠳᠤ ᠴᠠᠭ ᠲᠤᠬᠠᠶ ᠳᠤᠨᠢ ᠱᠠᠲᠤ ᠳᠠᠷᠠᠭᠠᠯᠠᠨ ᠳᠡᠭᠡᠭᠰᠢ ᠮᠡᠳᠡᠭᠦᠯᠦᠨ᠎ᠡ  ᠃    ( ᠠᠷᠪᠠ ) ᠰᠢᠯᠭᠠᠯᠲᠠ ᠠᠴᠠ ᠡᠮᠦᠨ᠎ᠡ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ᠂ ᠰᠢᠯᠭᠠᠯᠲᠠ ᠶᠢᠨ ᠳᠠᠷᠠᠭ᠎ᠠ ᠰᠢᠯᠭᠠᠭᠤᠯᠤᠭᠰᠠᠳ ᠤᠨ ᠠᠮᠢᠳᠤᠷᠠᠯ ᠤᠨ ᠣᠷᠣᠨ ᠪᠦᠰᠡ ᠶᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠳᠠᠯᠳᠠ ᠭᠡᠮ ᠢ ᠠᠷᠢᠯᠭᠠᠨ᠂ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠬᠥᠮᠦᠨ ᠳᠤᠨᠢ ᠬᠦᠷᠦᠭᠦᠯᠬᠦ ᠬᠡᠷᠡᠭᠲᠡᠶ  ᠃     ᠠᠷᠪᠠᠨ ᠨᠢᠭᠡ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ᠂ ᠵᠠᠮ ᠬᠠᠷᠢᠯᠴᠠᠭᠠᠨ ᠤ ᠬᠡᠰᠡᠭ᠂ ᠢᠳᠡᠭᠡᠨ ᠤᠮᠳᠠᠭᠠᠨ᠂ ᠪᠠᠭᠤᠳᠠᠯ᠂ ᠲᠡᠷᠭᠡ ᠬᠥᠰᠬᠡ ᠶᠢ ᠴᠢᠩᠭ᠎ᠠ ᠵᠠᠬᠢᠷᠤᠨ ᠬᠠᠮᠢᠶᠠᠷᠴᠤ᠂ ᠬᠡᠪ ᠤᠨ ᠪᠤᠰᠤ ᠪᠠᠶᠢᠳᠠᠯ ᠪᠠᠶᠢᠬᠤ ᠶᠢ ᠣᠯᠵᠤ ᠮᠡᠳᠡᠪᠡᠯ ᠳᠠᠷᠤᠶᠢᠬᠠᠨ ᠠᠷᠭ᠎ᠠ ᠬᠡᠮᠵᠢᠶ᠎ᠡ ᠠᠪᠬᠤ ᠬᠡᠷᠡᠭᠲᠡᠶ  ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠨᠢ ᠰᠢᠯᠭᠠᠯᠲᠠ ᠶᠢᠨ ᠲᠠᠯᠠᠪᠠᠶ ᠶᠢᠨ ᠡᠷᠬᠢᠨ ᠲᠣᠭᠤᠷᠢᠨ ᠳᠤ ᠪᠠᠶᠢᠷᠢᠯᠠᠭᠤᠯᠵᠤ ᠡᠵᠡᠮᠳᠡᠬᠦ ᠠᠵᠢᠯ ᠢ ᠰᠠᠶᠢᠲᠤᠷ ᠬᠢᠵᠦ᠂ ᠰᠡᠵᠢᠭᠯᠡᠯᠲᠡᠶ ᠬᠥᠮᠦᠨ᠂ ᠪᠣᠳᠠᠰ  ᠤᠨ ᠣᠷᠣᠵᠤ ᠢᠷᠡᠬᠦ ᠶᠢ ᠡᠷᠡᠰ ᠬᠤᠷᠢᠭᠯᠠᠵᠤ᠂ ᠡᠨᠡ ᠬᠤᠭᠤᠴᠠᠭᠠᠨ ᠳᠤ ᠰᠢᠯᠭᠠᠭᠤᠯᠤᠭᠴᠢ ᠶᠢᠨ ᠪᠣᠶ ᠪᠥᠬᠦᠶ ᠠᠮᠢᠳᠤᠷᠠᠯ ᠤᠨ ᠣᠷᠣᠨ ᠪᠦᠰᠡ ᠶᠢᠨ ᠠᠮᠤᠷ ᠲᠦᠪᠰᠢᠨ ᠨᠠᠶᠢᠳᠠᠪᠤᠷᠢᠲᠠᠶ ᠪᠠᠶᠢᠬᠤ ᠶᠢ ᠪᠠᠲᠤᠯᠠᠬᠤ ᠬᠡᠷᠡᠭᠲᠡᠶ᠂ ᠬᠡᠷᠪᠡ ᠬᠡᠪ ᠤᠨ ᠪᠤᠰᠤ ᠪᠠᠶᠢᠳᠠᠯ ᠭᠠᠷᠪᠠᠯ ᠳᠠᠷᠤᠶᠢᠬᠠᠨ ᠵᠢᠭᠰᠠᠭᠠᠨ ᠪᠠᠶᠢᠴᠠᠭᠠᠬᠤ ᠶᠢᠨ ᠬᠠᠮᠲᠤ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ  ᠃    ( ᠠᠷᠪᠠᠨ ᠬᠤᠶᠠᠷ ) ᠭᠠᠵᠠᠷ ᠬᠥᠳᠡᠯᠦᠯᠲᠡ᠂ ᠰᠦᠷᠳᠡᠭᠦᠯᠦᠯ ᠤᠨ ᠬᠡᠷᠡᠭ᠂ ᠬᠢᠵᠢᠭ ᠤᠨ ᠪᠠᠶᠢᠳᠠᠯ ᠵᠡᠷᠭᠡ ᠬᠡᠪ  ᠤᠨ ᠰᠢᠯᠭᠠᠯᠲᠠ ᠶᠢ ᠨᠥᠯᠥᠭᠡᠯᠡᠬᠦ ᠭᠡᠨᠡᠳᠲᠡ ᠶᠢᠨ ᠬᠡᠷᠡᠭ ᠭᠠᠷᠪᠠᠯ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠷᠤᠶᠢᠬᠠᠨ ᠡᠬᠢᠯᠡᠭᠦᠯᠬᠦ ᠶᠢᠨ ᠬᠠᠮᠲᠤ ᠳᠡᠭᠡᠳᠦ ᠱᠠᠲᠤᠨ ᠤ ᠰᠢᠯᠭᠠᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠬᠦ ᠶᠢᠨ ᠬᠠᠮᠲᠤ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠪᠣᠯᠤᠨ ᠡᠮᠴᠢᠯᠡᠭᠡᠨ ᠤ ᠪᠠᠶᠢᠭᠤᠯᠤᠮᠵᠢ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠳᠠᠭᠠᠭᠠᠯᠭᠠᠵᠤ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠰᠢᠶᠳᠪᠦᠷᠢᠯᠡᠨ᠎ᠡ  ᠃    ( ᠠᠷᠪᠠᠨ ᠭᠤᠷᠪᠠ ) ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠲᠣᠰ ᠤᠳᠠᠭᠠᠨ ᠤ ᠰᠢᠯᠭᠠᠯᠲᠠ ᠳᠤ ᠬᠤᠯᠪᠣᠭᠳᠠᠬᠤ ᠨᠡᠶᠢᠭᠡᠮ ᠤᠨ ᠪᠠᠶᠢᠳᠠᠯ ᠤᠨ ᠶᠠᠷᠢᠶ᠎ᠠ ᠬᠡᠯᠡᠯᠴᠡᠭᠡ ᠶᠢ ᠨᠢᠭᠲᠠ ᠠᠩᠬᠠᠷᠬᠤ ᠶᠢᠨ ᠬᠠᠮᠲᠤ ᠵᠥᠪ ᠢᠶᠠᠷ ᠬᠥᠲᠥᠯᠥᠨ ᠵᠢᠯᠣᠭᠤᠳᠴᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠶ  ᠃ ᠨᠡᠶᠢᠭᠡᠮ ᠤᠨ ᠵᠠᠭᠤᠴᠢ ᠪᠠᠶᠢᠭᠤᠯᠤᠮᠵᠢ ᠪᠣᠯᠤᠨ ᠠᠵᠢᠯᠲᠠᠳ ᠤᠨ ᠲᠡᠭᠦᠨ ᠤ ᠳᠣᠲᠣᠷ᠎ᠠ ᠣᠷᠣᠯᠴᠠᠵᠤ᠂ ᠰᠢᠯᠭᠠᠯᠲᠠ ᠶᠢᠨ ᠬᠡᠪ ᠤᠨ ᠡᠮᠬᠢ ᠵᠢᠷᠤᠮ ᠢ ᠰᠠᠮᠠᠭᠤᠷᠠᠭᠤᠯᠵᠤ᠂ ᠰᠢᠯᠭᠠᠯᠲᠠ ᠶᠢᠨ ᠬᠡᠪ ᠰᠤᠷᠲᠠᠯ ᠢ ᠡᠪᠳᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ  ᠃ ᠲᠠᠪᠤ᠂ ᠪᠤᠰᠤᠳ  ᠲᠣᠰ ᠪᠡᠯᠡᠳᠬᠡᠯ ᠲᠥᠰᠦᠯ ᠳᠤ ᠬᠤᠯᠪᠣᠭᠳᠠᠭᠰᠠᠨ ᠥᠬᠡᠶ ᠪᠣᠯ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠪᠡᠯᠡᠳᠬᠡᠯ ᠲᠥᠰᠦᠯ 》 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠭᠡᠨᠡᠳᠲᠡ ᠶᠢᠨ ᠬᠡᠷᠡᠭ ᠢ ᠰᠢᠶᠳᠪᠦᠷᠢᠯᠡᠬᠦ ᠠᠷᠭ᠎ᠠ 》 ᠵᠢᠴᠢ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠷᠣᠭᠴᠢ ᠡᠯᠰᠡᠬᠦ ᠰᠢᠯᠭᠠᠯᠲᠠ ᠶᠢᠨ ᠵᠥᠪᠯᠡᠯ ᠤᠨ ᠠᠯᠪᠠᠨ ᠬᠡᠷ 〈 ᠤᠯᠤᠰ ᠤᠨ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠪᠠᠶᠢᠳᠠᠯ ᠳᠣᠤᠷᠠᠬᠢ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠳᠤᠭᠤᠶᠢᠯᠠᠩ ᠤᠨ ᠰᠢᠯᠭᠠᠨ ᠪᠠᠶᠢᠴᠠᠭᠠᠬᠤ ᠬᠢᠵᠢᠭ ᠰᠡᠷᠭᠡᠶᠢᠯᠡᠬᠦ ᠠᠵᠢᠯ  ᠤᠨ ᠵᠢᠯᠣᠭᠤᠳᠬᠤ ᠰᠠᠨᠠᠯ 〉 ᠢ ᠤᠯᠠᠮᠵᠢᠯᠠᠨ ᠶᠠᠪᠤᠭᠤᠯᠬᠤ ᠲᠤᠬᠠᠶ ᠮᠡᠳᠡᠭᠳᠡᠯ 》 ( ᠥᠪᠥᠷ ᠰᠣᠷᠣᠭᠴᠢ ᠡᠯᠰᠡᠬᠦ ᠰᠢᠯᠭᠠᠯᠲᠠ ᠶᠢᠨ ᠠᠯᠪᠠᠨ ᠬᠡᠷ 20207 ᠳ᠋ᠤᠭᠠᠷ ᠲᠣᠭᠠᠲᠤ ) ᠤᠨ ᠵᠣᠷᠢᠭ ᠰᠠᠨᠠᠭ᠎ᠠ ᠶᠢ ᠦᠨᠳᠦᠰᠦᠯᠡᠨ ᠰᠢᠶᠳᠪᠦᠷᠢᠯᠡᠨ᠎ᠡ  ᠃            ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                              2021 ᠣᠨ ᠤ 5 ᠳ᠋ᠤᠭᠠᠷ ᠰᠠᠷ᠎ᠠ ᠶᠢᠨ 28 ᠤ ᠡᠳᠦᠷ                              
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号