《 ᠰᠢᠭᠤᠶᠢᠲᠤ ᠣᠷᠣᠨ ᠤ 2021 ᠣᠨ ᠤ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ  ᠶᠢ ᠳᠠᠷᠤᠮᠠᠯᠯᠠᠨ ᠲᠠᠷᠬᠠᠭᠠᠬᠤ ᠲᠤᠬᠠᠶ  ᠠᠵᠢᠯ ᠤᠨ ᠭᠤᠤᠯᠳᠠᠯᠭ᠎ᠠ ᠶᠢ ᠬᠡᠷᠡᠭᠵᠢᠭᠦᠯᠬᠦ ᠲᠥᠰᠦᠯ 》 ᠤᠨ ᠮᠡᠳᠡᠭᠳᠡᠯ
ᠨᠡᠶᠢᠲᠡᠯᠡᠭᠰᠡᠨ ᠴᠠᠭ᠄
2021/11/30
     ᠱᠢ ᠹᠦ᠋ ᠠᠯᠪᠠᠨ ᠲᠠᠷᠬᠠᠭᠠᠭᠰᠠᠨ 〔2021〕28 ᠳ᠋ᠤᠭᠠᠷ ᠲᠣᠭᠠᠲᠤ    ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ  《 ᠰᠢᠭᠤᠶᠢᠲᠤ ᠣᠷᠣᠨ ᠤ 2021 ᠣᠨ ᠤ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠳᠠᠷᠤᠮᠠᠯᠯᠠᠨ ᠲᠠᠷᠬᠠᠭᠠᠬᠤ ᠲᠤᠬᠠᠶ  ᠠᠵᠢᠯ ᠤᠨ ᠭᠤᠤᠯᠳᠠᠯᠭ᠎ᠠ ᠶᠢ ᠬᠡᠷᠡᠭᠵᠢᠭᠦᠯᠬᠦ ᠲᠥᠰᠦᠯ 》 ᠤᠨ ᠮᠡᠳᠡᠭᠳᠡᠯ  ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠄    ᠪᠤᠭᠤᠲᠤ ᠬᠤᠲᠠ ᠶᠢᠨ ᠠᠭᠠᠷ ᠮᠠᠨᠳᠠᠯ ᠤᠰᠤ ᠬᠥᠷᠥᠰᠥᠨ ᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 《 〈 2021 ᠣᠨ ᠤ ᠪᠥᠬᠦ ᠣᠷᠣᠨ ᠤ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠭᠤᠤᠯᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠦᠯ 〉 ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ 》 ( ᠪᠤᠭᠤᠲᠤ ᠪᠣᠬᠢᠷᠲᠤᠯ ᠶᠡᠷᠦᠩᠬᠡᠶᠢᠯᠡᠨ ᠵᠠᠰᠠᠬᠤ ᠠᠯᠪᠠᠨ ᠲᠠᠷᠬᠠᠭᠠᠭᠰᠠᠨ 20212 ᠳ᠋ᠤᠭᠠᠷ ᠲᠣᠭᠠᠲᠤ ) ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ 《 ᠰᠢᠭᠤᠶᠢᠲᠤ ᠲᠣᠭᠤᠷᠢᠭ ᠤᠨ 2021 ᠣᠨ ᠤ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠭᠤᠤᠯᠳᠠᠯᠭ᠎ᠠ ᠶᠢ ᠬᠡᠷᠡᠭᠵᠢᠭᠦᠯᠬᠦ ᠲᠥᠰᠦᠯ 》 ᠢ ᠨᠠᠶᠢᠷᠠᠭᠤᠯᠤᠨ ᠵᠣᠬᠢᠶᠠᠪᠠ᠂ ᠡᠳᠦᠭᠡ ᠲᠥᠰᠦᠯ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠪᠣᠯᠪᠠᠤ  ᠃    ᠳᠠᠭᠠᠯᠳᠤᠭᠤᠯᠤᠯ᠄ ᠰᠢᠭᠤᠶᠢᠲᠤ ᠣᠷᠣᠨ ᠤ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ  ᠤᠨ ᠴᠢᠬᠤᠯᠠ ᠬᠡᠷᠡᠭᠵᠢᠭᠦᠯᠬᠦ ᠲᠥᠰᠦᠯ             ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                2021 ᠣᠨ ᠤ 6 ᠳ᠋ᠤᠭᠠᠷ ᠰᠠᠷ᠎ᠠ ᠶᠢᠨ 19 ᠤ ᠡᠳᠦᠷ  ᠰᠢᠭᠤᠶᠢᠲᠤ ᠲᠣᠭᠤᠷᠢᠭ ᠤᠨ 2021 ᠣᠨ ᠤ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ  ᠤᠨ ᠭᠤᠤᠯᠳᠠᠯᠭ᠎ᠠ ᠶᠢ ᠬᠡᠷᠡᠭᠵᠢᠭᠦᠯᠬᠦ ᠲᠥᠰᠦᠯ     ᠮᠠᠨ ᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ᠂ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠠᠮᠤᠷ ᠲᠦᠪᠰᠢᠨ᠂ ᠭᠠᠵᠠᠷ ᠳᠣᠤᠷᠠᠬᠢ ᠤᠰᠤᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠴᠢᠨ ᠲᠣᠭᠤᠷᠢᠨ ᠤ ᠠᠮᠤᠷ ᠲᠦᠪᠰᠢᠨ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ 《 〈 2021 ᠣᠨ ᠤ ᠪᠥᠬᠦ ᠣᠷᠣᠨ ᠤ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠭᠤᠤᠯᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠦᠯ 〉 ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ 》 ( ᠪᠤᠭᠤᠲᠤ ᠪᠣᠬᠢᠷᠲᠤᠯ ᠶᠡᠷᠦᠩᠬᠡᠶᠢᠯᠡᠨ ᠵᠠᠰᠠᠬᠤ ᠠᠯᠪᠠᠨ ᠲᠠᠷᠬᠠᠭᠠᠭᠰᠠᠨ 2021 . 2 ᠳ᠋ᠤᠭᠠᠷ ᠲᠣᠭᠠᠲᠤ ) ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠣᠷᠣᠨ ᠤ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠣᠨᠴᠣᠭᠤᠶᠢᠯᠠᠨ 《 ᠰᠢᠭᠤᠶᠢᠲᠤ ᠲᠣᠭᠤᠷᠢᠭ ᠤᠨ 2021 ᠣᠨ ᠤ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠭᠤᠤᠯᠳᠠᠯᠭ᠎ᠠ ᠶᠢ ᠬᠡᠷᠡᠭᠵᠢᠭᠦᠯᠬᠦ ᠲᠥᠰᠦᠯ 》 ᠢ ᠲᠣᠭᠲᠠᠭᠠᠪᠠ  ᠃ ᠨᠢᠭᠡ᠂ ᠶᠡᠷᠦᠩᠬᠡᠶ ᠬᠠᠷᠠᠯᠲᠠ    ᠪᠥᠬᠦ ᠣᠷᠣᠨ ᠤ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠪᠠ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠪᠦᠲᠦᠮᠵᠢᠲᠡᠶ ᠪᠠᠲᠤᠯᠠᠨ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠲᠦᠭᠰᠢᠭᠦᠷᠢ ᠶᠢ ᠦᠨᠳᠦᠰᠦᠨ ᠳᠡᠭᠡᠨ ᠬᠠᠮᠢᠶᠠᠷᠤᠨ ᠡᠵᠡᠮᠳᠡᠨ᠎ᠡ  ᠃ ᠪᠣᠬᠢᠷᠲᠤᠭᠰᠠᠨ ᠲᠠᠷᠢᠶᠠᠨ ᠭᠠᠵᠠᠷ ᠢ ᠠᠶᠤᠯᠭᠦᠢ ᠠᠰᠢᠭᠯᠠᠬᠤ ᠨᠤᠷᠮ᠎ᠠ ᠶᠢ 98 % ᠳᠤ ᠬᠦᠷᠭᠡᠵᠦ᠂ ᠪᠣᠬᠢᠷᠲᠤᠭᠰᠠᠨ ᠭᠠᠵᠠᠷ ᠢ ᠠᠶᠤᠯᠭᠦᠢ ᠠᠰᠢᠭᠯᠠᠬᠤ ᠨᠤᠷᠮ᠎ᠠ ᠶᠢ 90 % ᠠᠴᠠ ᠳᠣᠣᠷ᠎ᠠ ᠪᠠᠶᠢᠯᠭᠠᠵᠤ ᠪᠣᠯᠬᠤ ᠦᠭᠡᠢ  ᠃ ᠬᠤᠶᠠᠷ᠂ ᠭᠤᠣᠯᠳᠠᠯᠭ᠎ᠠ ᠲᠠᠢ ᠡᠭᠦᠷᠭᠡ ( ᠨᠢᠭᠡ ) ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠠᠵᠢᠯᠯᠠᠭ᠎ᠠ   ᠶᠢ ᠦᠷᠭᠦᠯᠵᠢᠯᠡᠨ ᠬᠡᠷᠡᠭᠵᠢᠭᠦᠯᠦᠨ᠎ᠡ  ᠃1 . ᠪᠣᠬᠢᠷᠲᠤᠭᠰᠠᠨ ᠲᠠᠷᠢᠶᠠᠨ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠪᠠ ᠴᠢᠩᠭ᠎ᠠ ᠬᠠᠮᠢᠶᠠᠷᠤᠨ ᠡᠵᠡᠮᠳᠡᠨ᠎ᠡ  ᠃ ᠬᠥᠷᠥᠰᠥ ᠰᠢᠷᠣᠶ ᠶᠢᠨ ᠪᠣᠬᠢᠷᠲᠤᠯ ᠤᠨ ᠪᠠᠶᠢᠳᠠᠯ ᠤᠨ ᠨᠠᠷᠢᠨ ᠪᠠᠶᠢᠴᠠᠭᠠᠯᠲᠠ ᠪᠠ ᠲᠠᠷᠢᠶᠠᠨ ᠭᠠᠵᠠᠷ ᠤᠨ ᠶᠠᠰᠤ ᠴᠢᠨᠠᠷ ᠤᠨ ᠲᠥᠷᠥᠯ ᠢᠯᠭᠠᠯ ᠢ ᠢᠯᠭᠠᠨ ᠲᠣᠭᠲᠠᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠨ ᠭᠠᠵᠠᠷ ᠢ ᠲᠥᠷᠥᠯ ᠬᠤᠪᠢᠶᠠᠨ ᠬᠠᠮᠢᠶᠠᠷᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ  ᠃ ᠪᠤᠭᠤᠲᠤ ᠬᠤᠲᠠ ᠶᠢᠨ ᠪᠣᠬᠢᠷᠲᠤᠭᠰᠠᠨ ᠲᠠᠷᠢᠶᠠᠨ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠬᠢᠭᠡᠳ ᠴᠢᠩᠭ᠎ᠠ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠬᠦ ᠲᠥᠰᠦᠯ ᠳᠠᠬᠢ ᠮᠠᠨ ᠤ ᠣᠷᠣᠨ ᠤ ᠬᠠᠷᠠᠯᠲᠠ ᠡᠭᠦᠷᠭᠡ᠂ ᠮᠡᠷᠭᠡᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠪᠣᠬᠢᠷᠲᠤᠭᠰᠠᠨ ᠲᠠᠷᠢᠶᠠᠨ ᠭᠠᠵᠠᠷ ( ᠠᠮᠤᠷ ᠲᠦᠪᠰᠢᠨ ᠢᠶᠠᠷ ᠠᠰᠢᠭᠯᠠᠬᠤ ᠲᠥᠷᠥᠯ ᠤᠨ ᠲᠠᠷᠢᠶᠠᠨ ᠭᠠᠵᠠᠷ ) ᠤᠨ ᠬᠥᠷᠥᠰᠥ ᠰᠢᠷᠣᠶ  ᠶᠢᠨ ᠣᠷᠴᠢᠨ ᠲᠣᠭᠤᠷᠢᠨ ᠤ ᠲᠦᠭᠰᠢᠭᠦᠷᠢ ᠶᠢ ᠦᠨᠳᠦᠰᠦᠨ ᠳᠡᠭᠡᠨ ᠬᠠᠮᠢᠶᠠᠷᠤᠨ ᠡᠵᠡᠮᠳᠡᠬᠦ ᠶᠢ ᠦᠨᠡᠨᠬᠦ ᠪᠠᠲᠤᠯᠠᠵᠤ᠂ ᠲᠠᠷᠢᠶᠠᠨ ᠭᠠᠵᠠᠷ ᠤᠨ ᠣᠷᠴᠢᠨ ᠲᠣᠭᠤᠷᠢᠨ ᠤ ᠶᠠᠰᠤ ᠴᠢᠨᠠᠷ ᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠵᠤ᠂ ᠡᠩ ᠲᠡᠷᠢᠭᠦᠨ ᠳᠤ ᠬᠠᠮᠠᠭᠠᠯᠠᠬᠤ ᠲᠥᠷᠥᠯ ᠤᠨ ᠲᠠᠯᠠᠪᠠᠶ ᠶᠢ ᠪᠠᠭᠠᠰᠬᠠᠬᠤ ᠥᠬᠡᠶ᠂ ᠠᠮᠤᠷ ᠲᠦᠪᠰᠢᠨ ᠢᠶᠠᠷ ᠠᠰᠢᠭᠯᠠᠬᠤ ᠲᠥᠷᠥᠯ ᠤᠨ ᠲᠠᠯᠠᠪᠠᠶ ᠶᠢ ᠨᠡᠮᠡᠭᠳᠡᠭᠦᠯᠬᠦ ᠥᠬᠡᠶ᠂ ᠴᠢᠩᠭ᠎ᠠ ᠬᠠᠮᠢᠶᠠᠷᠤᠨ ᠡᠵᠡᠮᠳᠡᠬᠦ ᠲᠥᠷᠥᠯ ᠤᠨ ᠲᠠᠷᠢᠶᠠᠨ ᠭᠠᠵᠠᠷ ᠥᠬᠡᠶ ᠪᠠᠶᠢᠬᠤ ᠶᠢ ᠪᠠᠲᠤᠯᠠᠨ᠎ᠠ  ᠃ ᠲᠦᠷᠦᠭᠦᠯᠡᠬᠦ ᠨᠢᠭᠡᠴᠡ᠄ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠪᠡᠶᠡᠯᠡᠭᠦᠯᠬᠦ ᠴᠠᠭ ᠬᠤᠭᠤᠴᠠᠭ᠎ᠠ᠄ 2021 ᠣᠨ ᠤ 10 ᠳ᠋ᠤᠭᠠᠷ ᠰᠠᠷ᠎ᠠ ᠶᠢᠨ ᠰᠡᠭᠦᠯᠴᠢ     2 . ᠥᠯᠥ ᠪᠣᠬᠢᠷᠲᠤᠭᠰᠠᠨ ᠪᠠ ᠬᠥᠩᠭᠡᠪᠲᠦᠷ ᠪᠣᠬᠢᠷᠲᠤᠭᠰᠠᠨ ᠲᠠᠷᠢᠶᠠᠨ ᠭᠠᠵᠠᠷ ᠢ ᠤᠷᠢᠳᠠᠪᠠᠷ ᠬᠠᠮᠠᠭᠠᠯᠠᠨ᠎ᠠ  ᠃ ᠪᠣᠳᠠᠲᠤ ᠪᠠᠶᠢᠳᠠᠯ ᠢ ᠦᠨᠳᠦᠰᠦᠯᠡᠨ᠂ ᠬᠥᠷᠥᠰᠥ ᠰᠢᠷᠣᠶ ᠶᠢᠨ ᠪᠣᠬᠢᠷᠲᠤᠯ ᠤᠨ ᠪᠠᠶᠢᠳᠠᠯ ᠤᠨ ᠨᠠᠷᠢᠨ ᠪᠠᠶᠢᠴᠠᠭᠠᠯᠲᠠ ᠪᠠ ᠲᠠᠷᠢᠶᠠᠨ ᠭᠠᠵᠠᠷ ᠤᠨ ᠶᠠᠰᠤ ᠴᠢᠨᠠᠷ ᠤᠨ ᠲᠥᠷᠥᠯ ᠢᠯᠭᠠᠯ ᠢ ᠢᠯᠭᠠᠨ ᠲᠣᠭᠲᠠᠭᠠᠭᠰᠠᠨ ᠦᠷ᠎ᠡ ᠳ᠋ᠦᠩ ᠳᠠᠬᠢ ᠨᠥᠬᠦᠴᠡᠯ ᠳᠤ ᠨᠡᠶᠢᠴᠡᠬᠦ ᠡᠩ ᠲᠡᠷᠢᠭᠦᠨ ᠳᠤ ᠬᠠᠮᠠᠭᠠᠯᠠᠬᠤ ᠲᠥᠷᠥᠯ ᠤᠨ ᠲᠠᠷᠢᠶᠠᠨ ᠭᠠᠵᠠᠷ ᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢᠶᠠᠷ ᠬᠤᠪᠢᠶᠠᠷᠢᠯᠠᠨ ᠲᠣᠭᠲᠠᠭᠠᠬᠤ ᠶᠢᠨ ᠬᠠᠮᠲᠤ ᠴᠢᠩᠭ᠎ᠠ ᠬᠠᠮᠠᠭᠠᠯᠠᠬᠤ ᠶᠢ ᠬᠡᠷᠡᠭᠵᠢᠭᠦᠯᠵᠦ᠂ ᠲᠠᠯᠠᠪᠠᠶ ᠶᠢ ᠪᠠᠭᠠᠰᠬᠠᠬᠤ ᠥᠬᠡᠶ᠂ ᠶᠠᠰᠤ ᠴᠢᠨᠠᠷ ᠢ ᠪᠠᠭᠤᠷᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠨ᠎ᠠ  ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠬᠦ ᠪᠠᠨ ᠨᠡᠮᠡᠭᠳᠡᠭᠦᠯᠬᠦ ᠬᠡᠷᠡᠭᠲᠡᠶ  ᠃    ᠲᠦᠷᠦᠭᠦᠯᠡᠨ ᠬᠢᠬᠦ ᠨᠢᠭᠡᠴᠡ᠄ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ    ᠬᠠᠮᠵᠢᠯᠴᠠᠬᠤ ᠨᠢᠭᠡᠴᠡ᠄ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ    ᠪᠡᠶᠡᠯᠡᠭᠦᠯᠬᠦ ᠴᠠᠭ ᠬᠤᠭᠤᠴᠠᠭ᠎ᠠ᠄ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠨᠥᠬᠦᠴᠡᠯ ᠳᠤ ᠨᠡᠶᠢᠴᠡᠬᠦ ᠡᠩ ᠲᠡᠷᠢᠭᠦᠨ ᠳᠤ ᠬᠠᠮᠠᠭᠠᠯᠠᠬᠤ ᠲᠥᠷᠥᠯ ᠤᠨ ᠲᠠᠷᠢᠶᠠᠨ ᠭᠠᠵᠠᠷ ᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠪᠣᠯᠭᠠᠨ ᠬᠤᠪᠢᠶᠠᠷᠢᠯᠠᠨ᠎ᠠ  ᠃  3 . ᠪᠣᠬᠢᠷᠲᠤᠭᠰᠠᠨ ᠲᠠᠷᠢᠶᠠᠨ ᠭᠠᠵᠠᠷ ᠤᠨ ᠡᠷᠬᠢᠨ ᠲᠣᠭᠤᠷᠢᠨ ᠤ ᠪᠣᠬᠢᠷᠲᠤᠯ ᠤᠨ ᠡᠬᠢ ᠰᠤᠷᠪᠤᠯᠵᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠦᠨ᠎ᠡ  ᠃ ᠪᠣᠬᠢᠷᠲᠤᠭᠳᠠᠭᠰᠠᠨ ᠲᠠᠷᠢᠶᠠᠨ ᠭᠠᠵᠠᠷ ᠤᠨ ᠡᠷᠬᠢᠨ ᠲᠣᠭᠤᠷᠢᠨ ᠤ ᠪᠣᠬᠢᠷᠲᠤᠯ ᠤᠨ ᠡᠬᠢ ᠰᠤᠷᠪᠤᠯᠵᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠺᠠᠳ᠋ᠮᠢ ᠵᠡᠷᠭᠡ ᠬᠦᠨᠳᠦ ᠲᠡᠮᠦᠷᠯᠢᠭ ᠲᠤ ᠬᠤᠯᠪᠣᠭᠳᠠᠭᠰᠠᠨ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠵᠢᠴᠢ ᠥᠩᠭᠡᠲᠦ ᠲᠡᠮᠦᠷᠯᠢᠭ ᠰᠣᠩᠭᠤᠨ ᠪᠣᠯᠪᠠᠰᠤᠷᠠᠭᠤᠯᠬᠤ ᠠᠵᠤ ᠠᠬᠤᠶᠢᠯᠠᠯ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠪᠣᠬᠢᠷ ᠪᠣᠳᠠᠰ ᠤᠨ ᠲᠠᠷᠢᠶᠠᠨ ᠭᠠᠵᠠᠷ ᠲᠤ ᠣᠷᠣᠬᠤ ᠠᠷᠭ᠎ᠠ ᠵᠠᠮ ᠢ ᠲᠠᠰᠤᠯᠬᠤ ᠬᠡᠷᠡᠭᠲᠡᠶ  ᠃  ᠲᠦᠷᠦᠭᠦᠯᠡᠨ ᠬᠢᠬᠦ ᠨᠢᠭᠡᠴᠡ᠄ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ  ᠬᠠᠮᠵᠢᠯᠴᠠᠬᠤ ᠨᠢᠭᠡᠴᠡ᠄ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ   ᠪᠡᠶᠡᠯᠡᠭᠦᠯᠬᠦ ᠴᠠᠭ ᠬᠤᠭᠤᠴᠠᠭ᠎ᠠ᠄ 2021 ᠣᠨ ᠤ 5 ᠳ᠋ᠤᠭᠠᠷ ᠰᠠᠷ᠎ᠠ ᠶᠢᠨ ᠰᠡᠭᠦᠯᠴᠢ ᠪᠠᠷ᠂ ᠪᠣᠬᠢᠷᠲᠤᠭᠰᠠᠨ ᠲᠠᠷᠢᠶᠠᠨ ᠭᠠᠵᠠᠷ ᠤᠨ ᠡᠷᠬᠢᠨ ᠲᠣᠭᠤᠷᠢᠨ ᠤ ᠪᠣᠬᠢᠷᠲᠤᠯ ᠤᠨ ᠡᠬᠢ ᠶᠢ ᠵᠢᠭᠰᠠᠭᠠᠨ ᠪᠠᠶᠢᠴᠠᠭᠠᠬᠤ᠂ ᠺᠠᠳᠮᠢ ᠵᠡᠷᠭᠡ ᠬᠦᠨᠳᠦ ᠲᠡᠮᠦᠷᠯᠢᠭ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠢ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠦᠨ᠎ᠡ  ᠃ ᠪᠤᠰᠤᠳ ᠠᠵᠢᠯ ᠢ ᠦᠷᠭᠦᠯᠵᠢᠯᠡᠨ ᠠᠬᠢᠭᠤᠯᠪᠠ  ᠃   4 . ᠪᠣᠬᠢᠷᠲᠤᠭᠰᠠᠨ ᠭᠠᠵᠠᠷ ᠢ ᠤᠷᠢᠳᠠᠪᠠᠷ ᠬᠠᠮᠢᠶᠠᠷᠤᠨ ᠡᠵᠡᠮᠳᠡᠬᠦ ᠨᠡᠷᠡᠰ ᠤᠨ ᠵᠢᠭᠰᠠᠭᠠᠯᠲᠠ ᠶᠢ ᠪᠠᠶᠢᠭᠤᠯᠤᠨ᠎ᠠ  ᠃ ᠪᠤᠭᠤᠲᠤ ᠬᠤᠲᠠ ᠶᠢᠨ ᠪᠣᠬᠢᠷᠲᠤᠭᠰᠠᠨ ᠭᠠᠵᠠᠷ ᠢ ᠤᠷᠢᠳ ᠢᠶᠠᠷ ᠬᠠᠮᠢᠶᠠᠷᠤᠨ ᠡᠵᠡᠮᠳᠡᠬᠦ ᠨᠡᠷᠡᠰ ᠤᠨ ᠵᠢᠭᠰᠠᠭᠠᠯᠲᠠ ᠶᠣᠰᠣᠭᠠᠷ᠂ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠭᠠᠵᠠᠷ ᠰᠢᠷᠣᠶ ᠶᠢᠨ ᠬᠡᠷᠡᠭᠯᠡᠬᠦ ᠡᠷᠬᠡᠲᠦ ᠬᠥᠮᠦᠨ ᠢ ᠬᠠᠤᠯᠢ ᠶᠣᠰᠣᠭᠠᠷ ᠵᠢᠯᠣᠭᠤᠳᠴᠤ ᠪᠠᠶᠢᠭᠠᠳ ᠤᠯᠤᠰ ᠤᠨ ᠬᠤᠯᠪᠣᠭᠳᠠᠯ ᠪᠥᠬᠦᠶ ᠣᠷᠴᠢᠨ ᠲᠣᠭᠤᠷᠢᠨ ᠤ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠶᠣᠰᠣᠭᠠᠷ᠂ ᠲᠡᠭᠦᠨ ᠤ ᠬᠡᠷᠡᠭᠯᠡᠬᠦ ᠭᠠᠵᠠᠷ ᠰᠢᠷᠣᠶ ᠳᠤ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠪᠠᠶᠢᠴᠠᠭᠠᠯᠲᠠ᠂ ᠲᠦᠭᠰᠢᠭᠦᠷᠢ ᠶᠢᠨ ᠦᠨᠡᠯᠡᠨ ᠵᠢᠱᠢᠯᠲᠡ᠂ ᠬᠠᠮᠢᠶ᠎ᠠ ᠪᠥᠬᠦᠶ ᠮᠡᠳᠡᠭᠦᠯᠦᠯᠲᠡ ᠶᠢ ᠬᠢᠨᠠᠨ ᠲᠣᠭᠲᠠᠭᠠᠭᠰᠠᠨ ᠤ ᠳᠠᠷᠠᠭ᠎ᠠ᠂ ᠪᠥᠬᠦ ᠤᠯᠤᠰ ᠤᠨ ᠪᠣᠬᠢᠷᠲᠤᠭᠰᠠᠨ ᠭᠠᠵᠠᠷ ᠰᠢᠷᠣᠶ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠴᠠᠭ ᠲᠤᠬᠠᠶ ᠳᠤᠨᠢ ᠳᠠᠮᠵᠢᠭᠤᠯᠤᠨ᠎ᠠ  ᠃ ᠡᠩ ᠲᠡᠷᠢᠭᠦᠨ ᠳᠤ ᠬᠠᠮᠢᠶᠠᠷᠤᠨ ᠡᠵᠡᠮᠳᠡᠬᠦ ᠨᠡᠷᠡᠰ ᠲᠤ ᠣᠷᠣᠭᠤᠯᠤᠭᠰᠠᠨ ᠭᠠᠵᠠᠷ ᠢ ᠴᠢᠩᠭ᠎ᠠ ᠬᠠᠮᠢᠶᠠᠷᠤᠨ ᠡᠵᠡᠮᠳᠡᠨ᠎ᠡ  ᠃  ᠲᠦᠷᠦᠭᠦᠯᠡᠨ ᠬᠢᠬᠦ ᠨᠢᠭᠡᠴᠡ᠄ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ    ᠬᠠᠮᠵᠢᠯᠴᠠᠬᠤ ᠨᠢᠭᠡᠴᠡ᠄ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠠᠵᠤ ᠠᠬᠤᠶᠢᠯᠠᠯ ᠤᠨ ᠪᠠᠶᠢᠭ᠎ᠠ ᠭᠠᠵᠠᠷ ᠤᠨ ᠬᠠᠷᠢᠶ᠎ᠠ ᠭᠠᠵᠠᠷ ᠤᠨ ᠵᠠᠰᠠᠭ ᠤᠨ ᠣᠷᠳᠣᠨ  ᠃    ᠪᠡᠶᠡᠯᠡᠭᠦᠯᠬᠦ ᠴᠠᠭ ᠬᠤᠭᠤᠴᠠᠭ᠎ᠠ᠄ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ  ᠃    5 . ᠪᠣᠬᠢᠷᠲᠤᠭᠰᠠᠨ ᠰᠡᠵᠢᠭᠯᠡᠯᠲᠡᠶ ᠭᠠᠵᠠᠷ ᠤᠨ ᠨᠠᠷᠢᠨ ᠬᠠᠭᠤᠳᠠᠰᠤ ᠶᠢ ᠪᠠᠶᠢᠭᠤᠯᠤᠨ᠎ᠠ  ᠃ ᠪᠤᠭᠤᠲᠤ ᠬᠤᠲᠠ  ᠶᠢᠨ ᠪᠣᠬᠢᠷᠲᠤᠭᠰᠠᠨ ᠰᠡᠵᠢᠭᠯᠡᠯᠲᠡᠶ ᠭᠠᠵᠠᠷ ᠤᠨ ᠨᠠᠷᠢᠨ ᠲᠠᠩᠰᠠ ᠶᠢᠨ ᠳᠣᠲᠣᠷᠠᠬᠢ ᠰᠢᠭᠤᠶᠢᠲᠤ ᠣᠷᠣᠨ ᠤ ᠭᠠᠵᠠᠷ ᠢ ᠪᠦᠬᠦᠨ ᠢ ᠬᠢᠨᠠᠯᠲᠠ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠵᠤ᠂ ᠪᠥᠬᠦ ᠤᠯᠤᠰ ᠤᠨ ᠪᠣᠬᠢᠷᠲᠤᠭᠰᠠᠨ ᠭᠠᠵᠠᠷ  ᠤᠨ ᠮᠡᠳᠡᠭᠡ ᠵᠠᠩᠭᠢ ᠶᠢᠨ ᠰᠢᠰᠲ᠋ᠧᠮ ᠳᠤ ᠳᠠᠮᠵᠢᠭᠤᠯᠤᠨ᠎ᠠ  ᠃ ᠪᠣᠬᠢᠷᠲᠤᠭᠰᠠᠨ ᠰᠡᠵᠢᠭᠯᠡᠯᠲᠡᠶ ᠭᠠᠵᠠᠷ ᠤᠨ ᠬᠠᠮᠢᠶ᠎ᠠ ᠪᠥᠬᠦᠶ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ  ᠃ ᠪᠣᠬᠢᠷᠲᠤᠭᠰᠠᠨ ᠰᠡᠵᠢᠭᠯᠡᠯᠲᠡᠶ ᠭᠠᠵᠠᠷ ᠤᠨ ᠭᠠᠵᠠᠷ ᠰᠢᠷᠣᠶ ᠶᠢᠨ ᠬᠡᠷᠡᠭᠯᠡᠬᠦ ᠡᠷᠬᠡᠲᠦ ᠬᠥᠮᠦᠨ ᠢ ᠰᠢᠮᠳᠠᠭᠤᠯᠵᠤ ᠪᠠᠶᠢᠭᠠᠳ ᠤᠯᠤᠰ ᠤᠨ ᠬᠤᠯᠪᠣᠭᠳᠠᠯ ᠪᠥᠬᠦᠶ ᠣᠷᠴᠢᠨ ᠲᠣᠭᠤᠷᠢᠨ ᠤ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠶᠣᠰᠣᠭᠠᠷ᠂ ᠪᠣᠬᠢᠷᠲᠤᠭᠰᠠᠨ ᠰᠡᠵᠢᠭᠯᠡᠯᠲᠡᠶ ᠭᠠᠵᠠᠷ  ᠤᠨ ᠠᠩᠬ᠎ᠠ ᠠᠯᠬᠤᠮ ᠤᠨ ᠪᠠᠶᠢᠴᠠᠭᠠᠯᠲᠠ ᠶᠢ ᠥᠷᠨᠢᠭᠦᠯᠵᠦ᠂ ᠪᠠᠶᠢᠴᠠᠭᠠᠯᠲᠠ ᠶᠢᠨ ᠮᠡᠳᠡᠭᠦᠯᠦᠯᠲᠡ ᠪᠣᠯᠭᠠᠵᠤ᠂ ᠪᠥᠬᠦ ᠤᠯᠤᠰ ᠤᠨ ᠪᠣᠬᠢᠷᠲᠤᠭᠰᠠᠨ ᠭᠠᠵᠠᠷ ᠤᠨ ᠮᠡᠳᠡᠭᠡ ᠵᠠᠩᠭᠢ ᠶᠢᠨ ᠰᠢᠰᠲ᠋ᠧᠮ ᠳᠤ ᠳᠠᠮᠵᠢᠭᠤᠯᠬᠤ ᠶᠢᠨ ᠬᠠᠮᠲᠤ ᠨᠡᠶᠢᠭᠡᠮ  ᠳᠤ ᠢᠯᠡ ᠪᠣᠯᠭᠠᠬᠤ ᠬᠡᠷᠡᠭᠲᠡᠶ  ᠃    ᠲᠦᠷᠦᠭᠦᠯᠡᠨ ᠬᠢᠬᠦ ᠨᠢᠭᠡᠴᠡ᠄ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ    ᠪᠡᠶᠡᠯᠡᠭᠦᠯᠬᠦ ᠴᠠᠭ ᠬᠤᠭᠤᠴᠠᠭ᠎ᠠ᠄ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ ᠪᠠᠷ ᠪᠡᠶᠡᠯᠡᠭᠦᠯᠦᠨ᠎ᠡ  ᠃    6 . ᠭᠠᠵᠠᠷ ᠰᠢᠷᠣᠶ ᠶᠢᠨ ᠬᠡᠷᠡᠭᠯᠡᠯᠲᠡ ᠶᠢ ᠵᠦᠶ ᠵᠣᠬᠢᠰᠲᠠᠶ ᠲᠥᠯᠥᠪᠵᠢᠭᠦᠯᠦᠨ᠎ᠡ  ᠃ ᠤᠯᠤᠰ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠭᠰᠠᠨ ᠭᠠᠵᠠᠷ ᠤᠨ ᠳ᠋ᠠᠶᠢᠲ᠋ᠠ ᠬᠥᠮᠥᠷᠭᠡ ᠵᠢᠴᠢ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠮᠠᠨ ᠤ ᠣᠷᠣᠨ ᠤ ᠪᠣᠬᠢᠷᠲᠤᠭᠰᠠᠨ ᠰᠡᠵᠢᠭᠯᠡᠯᠲᠡᠶ ᠭᠠᠵᠠᠷ ᠵᠢᠴᠢ ᠪᠣᠬᠢᠷᠲᠤᠭᠰᠠᠨ ᠭᠠᠵᠠᠷ ᠤᠨ ᠣᠷᠣᠨ ᠵᠠᠶ ᠶᠢᠨ ᠮᠡᠳᠡᠭᠡ ᠵᠠᠩᠭᠢ ᠶᠢ ᠬᠠᠮᠲᠤᠪᠠᠷ ᠬᠦᠷᠲᠡᠨ᠎ᠡ  ᠃ ᠭᠠᠵᠠᠷ ᠰᠢᠷᠣᠶ ᠶᠢᠨ ᠬᠡᠷᠡᠭᠴᠡᠭᠡ ᠶᠢ ᠵᠦᠢ ᠵᠣᠬᠢᠰᠲᠠᠶ ᠲᠥᠯᠥᠪᠵᠢᠭᠦᠯᠵᠦ᠂ ᠬᠥᠷᠥᠰᠥ ᠰᠢᠷᠣᠶ ᠶᠢ ᠪᠣᠬᠢᠷᠲᠤᠭᠤᠯᠵᠤ ᠮᠡᠳᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ  ᠢ ᠵᠦᠢ ᠵᠣᠬᠢᠰᠲᠠᠶ ᠲᠥᠯᠥᠪᠵᠢᠭᠦᠯᠦᠨ ᠪᠠᠶᠢᠷᠢᠰᠢᠭᠤᠯᠬᠤ ᠬᠡᠷᠡᠭᠲᠡᠶ  ᠃ ᠪᠣᠬᠢᠷᠲᠤᠭᠰᠠᠨ ᠰᠡᠵᠢᠭᠯᠡᠯᠲᠡᠶ ᠭᠠᠵᠠᠷ᠂ ᠪᠣᠬᠢᠷᠲᠤᠭᠰᠠᠨ ᠭᠠᠵᠠᠷ ᠤᠨ ᠣᠷᠣᠨ ᠵᠠᠶ ᠶᠢᠨ ᠮᠡᠳᠡᠭᠡ ᠵᠠᠩᠭᠢ ᠬᠢᠭᠡᠳ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ 《 ᠨᠢᠭᠡ ᠵᠢᠷᠤᠭ 》 ᠢ ᠪᠡᠶᠡᠯᠡᠭᠦᠯᠦᠨ᠎ᠡ  ᠃   ᠲᠦᠷᠦᠭᠦᠯᠡᠨ ᠬᠢᠬᠦ ᠨᠢᠭᠡᠴᠡ᠄ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ   ᠬᠠᠮᠵᠢᠯᠴᠠᠬᠤ ᠨᠢᠭᠡᠴᠢ᠄ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ  ᠃   ᠪᠡᠶᠡᠯᠡᠭᠦᠯᠬᠦ ᠴᠠᠭ ᠬᠤᠭᠤᠴᠠᠭ᠎ᠠ᠄ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ ᠪᠠᠷ᠂ ᠪᠣᠬᠢᠷᠲᠤᠭᠰᠠᠨ ᠰᠡᠵᠢᠭᠯᠡᠯᠲᠡᠶ ᠭᠠᠵᠠᠷ᠂ ᠪᠣᠬᠢᠷᠲᠤᠭᠰᠠᠨ ᠭᠠᠵᠠᠷ ᠤᠨ ᠣᠷᠣᠨ ᠵᠠᠶ ᠶᠢᠨ ᠮᠡᠳᠡᠭᠡ ᠵᠠᠩᠭᠢ ᠬᠢᠭᠡᠳ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ 《 ᠵᠢᠷᠤᠭ 》 ᠢ ᠪᠡᠶᠡᠯᠡᠭᠦᠯᠦᠨ᠎ᠡ  ᠃ ᠪᠤᠰᠤᠳ ᠠᠵᠢᠯ ᠢ ᠦᠷᠭᠦᠯᠵᠢᠯᠡᠨ ᠠᠬᠢᠭᠤᠯᠪᠠ  ᠃   7 . ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠥᠪᠰᠢᠶᠡᠷᠡᠨ ᠣᠷᠣᠭᠤᠯᠬᠤ ᠪᠠᠨ ᠴᠢᠩᠳᠠᠯᠠᠵᠤ᠂ ᠨᠡᠭᠡᠭᠡᠯᠲᠡ ᠬᠢᠬᠦ ᠪᠠ ᠬᠡᠷᠡᠭᠯᠡᠬᠦ ᠴᠠᠭ ᠤᠨ ᠳᠠᠷᠠᠭᠠᠯᠠᠯ ᠢ ᠴᠢᠬᠤᠯᠠᠴᠢᠯᠠᠬᠤ ᠬᠡᠷᠡᠭᠲᠡᠶ  ᠃ ᠭᠠᠵᠠᠷ ᠰᠢᠷᠣᠶ ᠲᠠᠲᠠᠪᠤᠷᠢᠯᠠᠬᠤ᠂ ᠰᠢᠯᠵᠢᠭᠦᠯᠦᠨ ᠥᠭᠬᠦ᠂ ᠬᠡᠷᠡᠭᠴᠡᠭᠡ ᠶᠢ ᠨᠢ ᠬᠤᠪᠢᠷᠠᠭᠤᠯᠬᠤ ᠵᠡᠷᠭᠡ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠱᠠᠭᠠᠷᠳᠠᠯᠭ᠎ᠠ ᠳᠤ ᠨᠡᠶᠢᠴᠡᠬᠦ ᠥᠬᠡᠶ ᠪᠣᠬᠢᠷᠲᠤᠭᠰᠠᠨ ᠭᠠᠵᠠᠷ ᠢ ᠳᠠᠬᠢᠨ ᠨᠡᠭᠡᠭᠡᠨ ᠠᠰᠢᠭᠯᠠᠬᠤ ᠶᠢ ᠴᠢᠩᠭ᠎ᠠ ᠴᠠᠭᠠᠵᠠᠯᠠᠨ᠎ᠠ  ᠃ ᠪᠣᠬᠢᠷᠲᠤᠭᠰᠠᠨ ᠭᠠᠵᠠᠷ ᠢ ᠳᠠᠬᠢᠨ ᠨᠡᠭᠡᠭᠡᠨ ᠠᠰᠢᠭᠯᠠᠬᠤ ᠶᠢ ᠴᠢᠩᠭ᠎ᠠ ᠬᠠᠮᠢᠶᠠᠷᠴᠤ᠂ ᠪᠣᠬᠢᠷᠲᠤᠭᠰᠠᠨ ᠭᠠᠵᠠᠷ ᠢ ᠳᠠᠬᠢᠨ ᠨᠡᠭᠡᠭᠡᠨ ᠠᠰᠢᠭᠯᠠᠬᠤ ᠶᠢ ᠲᠥᠯᠥᠪᠵᠢᠭᠦᠯᠭᠡ ᠶᠢᠨ ᠬᠡᠷᠡᠭᠴᠡᠭᠡ ᠳᠤ ᠨᠡᠶᠢᠴᠡᠭᠦᠯᠬᠦ ᠬᠥᠷᠥᠰᠥ ᠰᠢᠷᠣᠶ  ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠱᠠᠭᠠᠷᠳᠠᠯᠭ᠎ᠠ ᠶᠢ ᠦᠨᠡᠨᠬᠦ ᠪᠠᠲᠤᠯᠠᠬᠤ ᠬᠡᠷᠡᠭᠲᠡᠶ  ᠃ ᠭᠠᠵᠠᠷ ᠰᠢᠷᠣᠶ  ᠶᠢᠨ ᠬᠠᠩᠭᠠᠯᠭ᠎ᠠ ᠵᠢᠴᠢ ᠬᠠᠮᠢᠶ᠎ᠠ ᠪᠥᠬᠦᠶ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠣᠯᠭᠤᠬᠤ ᠴᠠᠭ ᠤᠨ ᠳᠠᠷᠠᠭᠠᠯᠠᠯ ᠢ ᠵᠦᠶ ᠵᠣᠬᠢᠰᠲᠠᠶ ᠳᠣᠭᠢᠷᠠᠭᠤᠯᠤᠨ᠎ᠠ  ᠃    ᠲᠦᠷᠦᠭᠦᠯᠡᠨ ᠬᠢᠬᠦ ᠨᠢᠭᠡᠴᠡ᠄ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ    ᠬᠠᠮᠵᠢᠯᠴᠠᠬᠤ ᠨᠢᠭᠡᠴᠡ᠄ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ  ᠃    ᠪᠡᠶᠡᠯᠡᠭᠦᠯᠬᠦ ᠴᠠᠭ ᠬᠤᠭᠤᠴᠠᠭ᠎ᠠ᠄ ᠦᠷᠭᠦᠯᠵᠢᠯᠡᠨ ᠠᠬᠢᠭᠤᠯᠤᠨ᠎ᠠ  ᠃   8 . ᠪᠣᠬᠢᠷᠲᠤᠭᠰᠠᠨ ᠭᠠᠵᠠᠷ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠵᠠᠰᠠᠵᠤ ᠰᠡᠷᠭᠦᠭᠡᠬᠦ ᠶᠢ ᠴᠢᠩᠭᠠᠳᠬᠠᠨ᠎ᠠ  ᠃ ᠪᠤᠭᠤᠲᠤ ᠬᠤᠲᠠ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ  ᠶᠢᠨ ᠪᠣᠬᠢᠷᠲᠤᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠡᠷᠡᠰ ᠤᠨ ᠵᠢᠭᠰᠠᠭᠠᠯᠲᠠ ᠶᠢ ᠦᠨᠳᠦᠰᠦᠯᠡᠨ᠂ ᠴᠢᠩᠭ᠎ᠠ ᠬᠠᠮᠢᠶᠠᠷᠤᠨ ᠡᠵᠡᠮᠳᠡᠵᠦ᠂ ᠬᠥᠳᠡᠯᠦᠩᠭᠦᠶ ᠪᠠᠷ ᠬᠠᠮᠢᠶᠠᠷᠤᠨ᠎ᠠ  ᠃ ᠲᠦᠷ ᠨᠡᠭᠡᠭᠡᠨ ᠠᠰᠢᠭᠯᠠᠬᠤ ᠦᠭᠡᠶ ᠪᠣᠬᠢᠷᠲᠤᠭᠰᠠᠨ ᠭᠠᠵᠠᠷ ᠤᠨ ᠬᠡᠰᠡᠭ ᠲᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠥᠯᠥᠪᠯᠡᠭᠡ ᠲᠣᠭᠲᠠᠭᠠᠬᠤ ᠶᠢᠨ ᠬᠠᠮᠲᠤ ᠦᠨᠡᠨᠬᠦ ᠶᠠᠪᠤᠭᠳᠠᠭᠤᠰᠢᠲᠠᠶ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠠᠪᠴᠤ᠂ ᠪᠣᠬᠢᠷᠲᠤᠯ ᠤᠨ ᠥᠷᠭᠡᠵᠢᠬᠦ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ  ᠃   ᠲᠦᠷᠦᠭᠦᠯᠡᠨ ᠬᠢᠬᠦ ᠨᠢᠭᠡᠴᠡ᠄ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ   ᠬᠠᠮᠵᠢᠯᠴᠠᠬᠤ ᠨᠢᠭᠡᠴᠡ᠄ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ  ᠃    ᠪᠡᠶᠡᠯᠡᠭᠦᠯᠬᠦ ᠴᠠᠭ ᠬᠤᠭᠤᠴᠠᠭ᠎ᠠ᠄ 2021 ᠣᠨ ᠤ 11 ᠳ᠋ᠦ᠋ᠭᠡᠷ ᠰᠠᠷ᠎ᠠ ᠶᠢᠨ ᠰᠡᠭᠦᠯᠴᠢ  ᠃   9 . ᠦᠶᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ ᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ  ᠃ ᠪᠤᠭᠤᠲᠤ ᠬᠤᠲᠠ ᠶᠢᠨ ᠬᠥᠷᠥᠰᠥ ᠰᠢᠷᠣᠶ ᠶᠢᠨ ᠪᠣᠬᠢᠷᠲᠤᠯ ᠤᠨ ᠭᠤᠤᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ ᠤᠨ ᠨᠡᠷᠡᠰ ᠢ ᠦᠨᠳᠦᠰᠦᠯᠡᠨ᠂ ᠭᠤᠤᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠬᠦ ᠶᠢᠨ ᠬᠠᠮᠲᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠵᠢᠴᠢ ᠭᠠᠵᠠᠷ ᠳᠣᠤᠷᠠᠬᠢ ᠤᠰᠤ ᠶᠢ ᠥᠪᠡᠰᠦᠪᠡᠨ ᠬᠢᠨᠠᠨ ᠰᠢᠨᠵᠢᠬᠦ ᠶᠢ ᠥᠷᠨᠢᠭᠦᠯᠵᠦ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠬᠠᠷᠭᠤᠭᠤᠯᠤᠨ ᠣᠯᠭᠤᠬᠤ ᠶᠢ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠳᠤ ᠣᠷᠣᠭᠤᠯᠤᠨ᠎ᠠ  ᠃ ᠬᠥᠷᠥᠰᠥ ᠰᠢᠷᠣᠶ ᠶᠢᠨ ᠪᠣᠬᠢᠷᠲᠤᠯ ᠤᠨ ᠭᠤᠤᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ ᠪᠣᠬᠢᠷ ᠤᠰᠤ ᠶᠢ ᠲᠥᠪᠯᠡᠷᠡᠭᠦᠯᠦᠨ ᠰᠢᠶᠳᠪᠦᠷᠢᠯᠡᠬᠦ ᠪᠡᠯᠡᠳᠬᠡᠮᠵᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠶᠳᠪᠦᠷᠢᠯᠡᠬᠦ ᠪᠡᠯᠡᠳᠬᠡᠮᠵᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠤᠯᠠᠬᠤ ᠲᠠᠯᠠᠪᠤᠷ ᠵᠡᠷᠭᠡ ᠡᠷᠬᠢᠨ ᠲᠣᠭᠤᠷᠢᠨ ᠤ ᠬᠥᠷᠥᠰᠥ ᠰᠢᠷᠣᠶ ᠶᠢ ᠣᠷᠴᠢᠨ ᠲᠣᠭᠤᠷᠢᠨ ᠤ ᠬᠢᠨᠠᠨ ᠰᠢᠨᠵᠢᠬᠦ ᠰᠢᠰᠲ᠋ᠧᠮᠵᠢ ᠳᠤ ᠠᠯᠬᠤᠮ ᠠᠯᠬᠤᠮ  ᠢᠶᠠᠷ ᠣᠷᠣᠭᠤᠯᠤᠨ᠎ᠠ  ᠃ ᠬᠠᠭᠠᠵᠤ ᠪᠢᠲᠡᠭᠦᠮᠵᠢᠯᠡᠭᠰᠡᠨ᠂ ᠨᠡᠭᠦᠯᠭᠡᠭᠰᠡᠨ ᠬᠥᠷᠥᠰᠥ ᠰᠢᠷᠣᠶ ᠶᠢᠨ ᠪᠣᠬᠢᠷᠲᠤᠯ ᠤᠨ ᠭᠤᠣᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ ᠵᠢᠴᠢ ᠠᠶᠤᠯ ᠲᠠᠢ ᠬᠢᠮᠢ ᠶᠢᠨ ᠡᠳ ᠦᠢᠯᠡᠳᠪᠦᠷᠢᠯᠡᠬᠦ ᠠᠵᠤ ᠠᠬᠤᠶᠢᠯᠠᠯ ᠤᠨ ᠪᠡᠯᠡᠳᠬᠡᠮᠵᠢ᠂ ᠲᠥᠬᠦᠭᠡᠷᠦᠮᠵᠢ ᠪᠤᠶᠤ ᠪᠠᠷᠢᠯᠭ᠎ᠠ᠂ ᠪᠠᠷᠢᠯᠭ᠎ᠠ ᠶᠢᠨ ᠵᠦᠢᠯ ᠢ ᠨᠤᠷᠠᠭᠠᠬᠤ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠥᠷᠥᠰᠥ ᠰᠢᠷᠣᠶ ᠪᠠ ᠭᠠᠵᠠᠷ ᠳᠣᠣᠷᠠᠬᠢ ᠤᠰᠤ ᠶᠢ ᠪᠣᠬᠢᠷᠲᠤᠭᠤᠯᠬᠤ ᠶᠢ ᠰᠡᠷᠭᠡᠶᠢᠯᠡᠬᠦ ᠬᠡᠷᠡᠭᠲᠡᠶ  ᠃    ᠲᠦᠷᠦᠭᠦᠯᠡᠨ ᠬᠢᠬᠦ ᠨᠢᠭᠡᠴᠡ᠄ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ    ᠬᠠᠮᠵᠢᠯᠴᠠᠬᠤ ᠨᠢᠭᠡᠴᠡ᠄ ᠲᠣᠭᠤᠷᠢᠭ ᠤᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ  ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号