ᠬᠤᠶᠠᠳᠤᠭᠠᠷ ᠪᠦᠯᠦᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/11/30
   ᠱᠢ ᠹᠦ᠋ ᠠᠯᠪᠠᠨ ᠲᠠᠷᠬᠠᠭᠠᠭᠰᠠᠨ 〔2021〕30 ᠳ᠋ᠤᠭᠠᠷ ᠲᠣᠭᠠᠲᠤ  ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ  ᠬᠤᠶᠠᠳᠤᠭᠠᠷ ᠪᠦᠯᠦᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢ ᠨᠡᠶᠢᠲᠡᠯᠡᠬᠦ ᠲᠤᠬᠠᠶ ᠮᠡᠳᠡᠭᠳᠡᠯ ᠵᠢᠪᠬᠤᠯᠠᠩᠲᠤ ᠰᠤᠮᠤ᠂ ᠪᠠᠳᠺᠠᠷ ᠵᠣᠣ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠦᠷᠢᠶᠡᠯᠡᠩ ᠲᠣᠭᠤᠷᠢᠭ ( ᠦᠵᠡᠮᠵᠢ ᠶᠢᠨ ᠣᠷᠣᠨ ) ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠰᠢᠭᠤᠳ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ᠂ ᠡᠯ᠎ᠡ ᠠᠷᠠᠳ ᠤᠨ ᠪᠦᠯᠬᠦᠮ᠄     ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠬᠤᠷᠢᠶᠠᠨ  ᠤ ᠠᠯᠪᠠᠨ ᠭᠡᠷ ᠢ ᠦᠨᠳᠦᠰᠦᠯᠡᠪᠡᠯ᠂ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ 《 ᠰᠢᠭᠤᠶᠢᠲᠤ ᠲᠣᠭᠤᠷᠢᠭ ᠤᠨ ᠰᠤᠮᠤ ᠪᠠᠯᠭᠠᠰᠤ ᠪᠠ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠬᠠᠤᠯᠢ ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠬᠦ ᠠᠵᠢᠯ ᠢ ᠠᠬᠢᠭᠤᠯᠬᠤ ᠠᠵᠢᠯ ᠤᠨ ᠲᠥᠰᠦᠯ ᠤᠨ ᠲᠤᠬᠠᠶ ᠮᠡᠳᠡᠭᠳᠡᠯ 》 ( ᠱᠢ ᠨᠠᠮ ᠠᠯᠪᠠᠨ ᠲᠠᠷᠬᠠᠭᠠᠭᠰᠠᠨ 201964 ᠳ᠋ᠦ᠋ᠭᠡᠷ ᠲᠣᠭᠠᠲᠤ ) ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ᠂ ᠰᠤᠮᠤ ᠪᠠᠯᠭᠠᠰᠤ ᠪᠣᠯᠤᠨ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠤᠭᠤᠳ ᠬᠤᠯᠪᠣᠭᠳᠠᠯ ᠪᠥᠬᠦᠶ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠬᠠᠷᠢᠴᠠᠩᠭᠤᠶ ᠪᠠᠷ ᠲᠥᠪᠯᠡᠷᠡᠭᠦᠯᠦᠨ ᠶᠠᠪᠤᠭᠤᠯᠬᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠶᠢ ᠲᠥᠪᠯᠡᠷᠡᠭᠦᠯᠬᠦ ᠬᠡᠷᠡᠭᠲᠡᠶ᠂ ᠰᠤᠮᠤ ᠪᠠᠯᠭᠠᠰᠤ ᠪᠠ ᠵᠡᠭᠡᠯᠢ ᠭᠤᠳᠤᠮᠵᠢ ᠶᠢᠨ ᠨᠡᠷ᠎ᠡ ᠪᠠᠷ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ᠂ ᠮᠠᠨ ᠤ ᠣᠷᠣᠨ ᠳᠤ ᠵᠢᠪᠬᠤᠯᠠᠩᠲᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢ ᠨᠡᠶᠢᠲᠡ ᠪᠠᠶᠢᠭᠤᠯᠪᠠ᠂ ᠪᠡᠳᠺᠡᠷ ᠵᠣᠣ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠳ᠋ᠠᠳᠧ ᠾᠧᠩ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠪᠠᠶ ᠬᠤ᠋ ᠭᠸᠤ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ  ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠠᠶᠢᠭᠤᠯᠤᠭᠳᠠᠭᠰᠠᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠠᠴᠠ ᠰᠤᠮᠤ᠂ ᠰᠢᠶᠠᠩ ᠪᠠᠯᠭᠠᠰᠤ᠂ ᠲᠠᠷᠢᠶᠠᠯᠠᠩ  ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠣᠯᠭᠤᠭᠰᠠᠨ 72 ᠵᠦᠶᠯ ᠤᠨ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠢ ᠨᠠᠷᠢᠯᠢᠭᠵᠢᠭᠤᠯᠤᠨ ᠡᠮᠬᠢᠯᠡᠵᠦ᠂ ᠠᠵᠢᠯ ᠢᠶᠠᠨ ᠥᠷᠨᠢᠭᠦᠯᠵᠦ᠂ ᠠᠵᠢᠯᠯᠠᠭᠠᠨ ᠨᠢ ᠦᠨᠳᠦᠰᠦᠨ ᠳᠡᠭᠡᠨ ᠤᠷᠤᠭᠰᠢᠲᠠᠶ ᠪᠠᠶᠢᠨ᠎ᠠ  ᠃ ᠣᠲᠣ ᠳᠡᠭᠡᠷᠡᠬᠢ ᠳᠥᠷᠪᠡᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠢᠯᠡ ᠨᠡᠶᠢᠲᠡᠯᠡᠬᠦ ᠴᠢᠬᠤᠯᠠᠲᠠᠶ᠂ ᠡᠳᠦᠭᠡ ᠰᠢᠭᠤᠶᠢᠲᠤ ᠣᠷᠣᠨ ᠤ ᠬᠤᠶᠠᠳᠤᠭᠠᠷ ᠪᠦᠯᠦᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠵᠠᠰᠠᠭ ᠵᠠᠬᠢᠷᠭᠠᠨ ᠤ ᠪᠠᠶᠢᠭᠤᠯᠭ᠎ᠠ  ᠠᠴᠠ ᠳᠣᠤᠷᠠᠬᠢ ᠮᠡᠲᠦ ᠨᠡᠶᠢᠲᠡᠯᠡᠶ᠎ᠡ᠄      ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠪᠠᠳᠺᠠᠷ ᠵᠣᠣ ᠪᠠᠯᠭᠠᠰᠤᠨ‌‍ᠤ‌ᠠᠷᠠᠳ ᠤᠨ ᠵᠠᠰᠠᠭ ᠤᠨ ᠣᠷᠳᠣᠨ      ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠵᠢᠪᠬᠤᠯᠠᠩᠲᠤ ᠰᠤᠮᠤ ᠶᠢᠨ ᠠᠷᠠᠳ ᠤᠨ ᠵᠠᠰᠠᠭ ᠤᠨ ᠣᠷᠳᠣᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠳ᠋ᠠ ᠳ᠋ᠧ ᠾᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠪᠠᠢ ᠬᠤ᠋ ᠭᠧᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ             ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                  2021 ᠣᠨ ᠤ 7 ᠳ᠋ᠤᠭᠠᠷ ᠰᠠᠷ᠎ᠠ ᠶᠢᠨ 1 ᠤ ᠡᠳᠦᠷ  
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号