《 ᠰᠢᠭᠤᠶᠢᠲᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠶᠯ ᠤᠨ ᠭᠠᠵᠠᠷ ᠰᠢᠷᠣᠶ ᠲᠠᠲᠠᠪᠤᠷᠢᠯᠠᠬᠤ ᠶᠢ ᠳᠠᠷᠤᠮᠠᠯᠯᠠᠨ ᠲᠠᠷᠬᠠᠭᠠᠬᠤ ᠲᠤᠬᠠᠶ  ᠲᠥᠰᠦᠯ》 ᠤᠨ  ᠮᠡᠳᠡᠭᠳᠡᠯ
ᠨᠡᠶᠢᠲᠡᠯᠡᠭᠰᠡᠨ ᠴᠠᠭ᠄
2021/11/30
        ᠱᠢ ᠹᠦ᠋ ᠠᠯᠪᠠᠨ ᠲᠠᠷᠬᠠᠭᠠᠭᠰᠠᠨ 202133 ᠳ᠋ᠤᠭᠠᠷ ᠲᠣᠭᠠᠲᠤ       ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ  《 ᠰᠢᠭᠤᠶᠢᠲᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠶᠯ ᠤᠨ ᠭᠠᠵᠠᠷ ᠰᠢᠷᠣᠶ ᠲᠠᠲᠠᠪᠤᠷᠢᠯᠠᠬᠤ ᠶᠢ ᠳᠠᠷᠤᠮᠠᠯᠯᠠᠨ ᠲᠠᠷᠬᠠᠭᠠᠬᠤ ᠲᠤᠬᠠᠶ  ᠲᠥᠰᠦᠯ ᠤᠨ  ᠮᠡᠳᠡᠭᠳᠡᠯ     ᠪᠡᠳᠺᠡᠷ ᠵᠣᠣ ᠪᠠᠯᠭᠠᠰᠤ᠂ ᠰᠢᠭᠤᠶᠢᠲᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ  ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄     ᠲᠣᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ 《 ᠰᠢᠭᠤᠶᠢᠲᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠶᠯ ᠤᠨ ᠭᠠᠵᠠᠷ ᠰᠢᠷᠣᠶ ᠲᠠᠲᠠᠪᠤᠷᠢᠯᠠᠬᠤ 《 ᠲᠥᠰᠦᠯ 》 ᠢ ᠲᠠ ᠨᠠᠷ ᠲᠤ ᠳᠠᠷᠤᠮᠠᠯᠯᠠᠨ ᠲᠠᠷᠬᠠᠭᠠᠪᠠ᠂ ᠪᠣᠳᠠᠲᠠᠶ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ  ᠃             ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                               2021 ᠣᠨ ᠤ 7 ᠳ᠋ᠤᠭᠠᠷ ᠰᠠᠷ᠎ᠠ ᠶᠢᠨ 1 ᠤ ᠡᠳᠦᠷ          ᠰᠢᠭᠤᠶᠢᠲᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠤᠣᠯᠳᠠᠯᠭ᠎ᠠ ᠲᠠᠢ ᠵᠦᠢᠯᠡᠰ ᠲᠤ ᠬᠡᠷᠡᠭᠯᠡᠬᠦ ᠭᠠᠵᠠᠷ ᠰᠢᠷᠣᠢ ᠶᠢ ᠲᠠᠲᠠᠪᠤᠷᠢᠯᠠᠬᠤ ᠲᠥᠰᠦᠯ  ᠃ᠠᠵᠤ ᠦᠶᠯᠡᠳᠪᠦᠷᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠬᠦ ᠶᠢᠨ ᠲᠥᠯᠥᠭᠡ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ  ᠤᠨ ᠦᠢᠯᠡᠳᠪᠦᠷᠢᠯᠡᠯ ᠪᠠ ᠲᠥᠯᠥᠪᠵᠢᠭᠦᠯᠭᠡ ᠶᠢᠨ ᠬᠡᠷᠡᠭᠴᠡᠭᠡ ᠶᠢ ᠬᠠᠩᠭᠠᠨ᠎ᠠ᠂ ᠭᠠᠵᠠᠷ ᠰᠢᠷᠣᠢ ᠶᠢᠨ ᠲᠠᠲᠠᠪᠤᠷᠢᠯᠠᠯᠲᠠ  ᠶᠢᠨ ᠲᠥᠯᠥᠪᠦᠷᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠂ ᠭᠠᠵᠠᠷ ᠰᠢᠷᠣᠢ ᠪᠠᠨ ᠲᠠᠲᠠᠪᠤᠷᠢᠯᠠᠭᠳᠠᠭᠰᠠᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠬᠠᠮᠠᠭᠠᠯᠠᠨ᠎ᠠ᠂ ᠬᠥᠳᠡᠭᠡ ᠲᠣᠰᠬᠤᠨ ᠤ ᠭᠠᠴᠠᠭᠠᠨ ᠤ ᠠᠷᠠᠳ ᠵᠢᠴᠢ ᠪᠤᠰᠤᠳ ᠡᠷᠬᠡᠲᠦ ᠬᠥᠮᠦᠨ ᠤ ᠬᠠᠤᠯᠢ ᠶᠣᠰᠣᠨ ᠤ ᠡᠷᠬᠡ ᠠᠰᠢᠭ᠂ 《 ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠠᠴᠠ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ 》 ᠶᠢ ᠦᠨᠳᠦᠰᠦᠯᠡᠪᠡᠯ᠂ 《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ  ᠶᠢᠨ ᠬᠠᠤᠯᠢ ᠶᠢ ᠬᠡᠷᠡᠭᠵᠢᠭᠦᠯᠬᠦ ᠲᠦᠷᠢᠮ 》᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 〈 ᠤ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ 〉 ᠶᠢ ᠬᠡᠷᠡᠭᠵᠢᠭᠦᠯᠬᠦ ᠠᠷᠭ᠎ᠠ 》᠂ 《 ᠪᠤᠭᠤᠲᠤ ᠬᠤᠲᠠ ᠶᠢᠨ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠶ ᠵᠢᠴᠢ ᠭᠠᠵᠠᠷ ᠳᠡᠭᠡᠷᠡᠬᠢ ᠪᠣᠳᠠᠰ ᠢ ᠲᠠᠲᠠᠪᠤᠷᠢᠯᠠᠨ ᠨᠤᠷᠠᠭᠠᠬᠤ ᠨᠥᠬᠦᠪᠥᠷᠢ ᠶᠢᠨ ᠲᠦᠷ ᠬᠡᠷᠡᠭᠵᠢᠭᠦᠯᠬᠦ ᠠᠷᠭ᠎ᠠ 》 ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠭᠤᠶᠢᠲᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠪᠴᠢᠶᠡᠨ ᠳᠠᠬᠢ ᠭᠤᠣᠯᠳᠠᠯᠭ᠎ᠠ ᠲᠠᠢ ᠵᠦᠢᠯᠡᠰ  ᠤᠨ ᠭᠠᠵᠠᠷ ᠰᠢᠷᠣᠢ ᠶᠢ ᠲᠠᠲᠠᠪᠤᠷᠢᠯᠠᠬᠤ ᠲᠥᠰᠦᠯ ᠢ ᠣᠨᠴᠠᠭᠠᠶᠢᠯᠠᠨ ᠲᠣᠭᠲᠠᠭᠠᠪᠠ  ᠃     ᠨᠢᠭᠡ᠂ ᠭᠠᠵᠠᠷ ᠰᠢᠷᠣᠢ ᠲᠠᠲᠠᠪᠤᠷᠢᠯᠠᠬᠤ ᠠᠵᠢᠯ ᠤᠨ ᠤᠳᠤᠷᠢᠳᠬᠤ ᠳᠤᠭᠤᠶᠢᠯᠠᠩ  ᠢ ᠪᠠᠶᠢᠭᠤᠯᠤᠨ᠎ᠠ  ᠃ᠳᠤᠭᠤᠶᠢᠯᠠᠩ ᠤᠨ ᠳᠠᠷᠤᠭ᠎ᠠ᠄ ᠯᠢ ᠰᠢᠶᠠᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋‌‍ᠲ᠋ᠠᠷᠤᠭ᠎ᠠ  ᠳᠤᠭᠤᠶᠢᠯᠠᠩ ᠤᠨ ᠳᠡᠳ᠋ ᠳᠠᠷᠤᠭ᠎ᠠ᠄ ᠷᠧᠨ ᠸᠧᠨ ᠴᠢᠶᠠᠩ ᠤᠨ ᠪᠠᠳᠺᠠᠷ ᠵᠣᠣ ᠪᠠᠯᠭᠠᠰᠤᠨ ᠤ ᠳᠠᠷᠤᠭ᠎ᠠ  ᠰᠢᠶᠤᠤ ᠹᠧᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ ( ᠵᠠᠰᠠᠭ ᠵᠠᠬᠢᠷᠭᠠᠨ ᠤ ᠠᠵᠢᠯ  ᠢ ᠡᠷᠭᠢᠯᠡᠳᠡᠭ )  ᠸᠠᠩ ᠰᠢᠤᠢ ᠳ᠋ᠦᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ  ᠭᠦᠸᠧ ᠽᠧ ᠬᠤᠩ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ ᠴᠧᠨ ᠰᠢᠨ ᠢᠦ᠋ᠶ ᠰᠢᠭᠤᠶᠢᠲᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠰᠠᠭᠤᠷᠢ ᠪᠥᠲᠥᠭᠡᠨ ᠪᠠᠶᠢᠭᠤᠯᠤᠯᠲᠠ ᠶᠢᠨ ᠬᠡᠯᠲᠡᠰ ᠤᠨ ᠳᠠᠷᠤᠭ᠎ᠠ ᠭᠡᠰᠢᠭᠦᠨ᠄ ᠵᠠᠩ ᠢᠦ᠋ᠶ ᠡᠦ ᠳ᠋ᠠᠩ ᠵᠣᠣ ᠪᠠᠯᠭᠠᠰᠤᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠪᠠᠢ ᠫᠢᠩ ᠫᠢᠩ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠲᠥᠯᠥᠪᠵᠢᠭᠦᠯᠭᠡ ᠶᠢᠨ ᠰᠠᠯᠠᠭᠠᠨ ᠤ ᠳᠠᠷᠤᠭ᠎ᠠ ᠮᠠ ᠵᠢᠶᠦ᠋ᠨ ᠯᠢᠶᠠᠩ ᠪᠠᠳᠺᠠᠷ ᠵᠣᠣ ᠪᠠᠯᠭᠠᠰᠤᠨ ᠤ ᠲᠠᠷᠢᠶᠠᠯᠠᠩ ᠮᠠᠯ ᠠᠵᠤ ᠠᠬᠤᠶ ᠶᠢᠨ ᠦᠶᠯᠡᠴᠢᠯᠡᠭᠡᠨ ᠤ ᠲᠥᠪ  ᠤᠨ ᠭᠡᠰᠢᠭᠦᠴᠢ  ᠃ᠬᠤᠶᠠᠷ᠂ ᠠᠵᠢᠯ ᠤᠨ ᠡᠭᠦᠷᠭᠡ ᠬᠠᠷᠢᠭᠤᠴᠠᠯᠭ᠎ᠠ    ᠪᠡᠳᠺᠡᠷ ᠵᠣᠣ ᠪᠠᠯᠭᠠᠰᠤ ᠲᠦᠷᠦᠭᠦᠯᠡᠨ᠂ ᠠᠽᠢ ᠰᠢᠨ ᠯᠦᠩ ᠱᠦᠨ ᠺᠣᠮᠫᠠᠨᠢ ᠲᠥᠷᠥᠯ ᠵᠦᠶᠯ ᠢ ᠬᠡᠷᠡᠭᠵᠢᠭᠦᠯᠬᠦ ᠣᠷᠣᠨ ᠪᠦᠰᠡ ᠶᠢᠨ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠵᠢᠴᠢ ᠡᠳᠦᠷ ᠲᠤᠲᠤᠮ ᠤᠨ ᠠᠵᠢᠯ᠂ ᠨᠡᠶᠢᠭᠡᠮ ᠤᠨ ᠵᠥᠷᠢᠴᠡᠯ ᠢ ᠰᠢᠶᠳᠪᠦᠷᠢᠯᠡᠬᠦ ᠠᠵᠢᠯ ᠢ ᠬᠠᠮᠵᠢᠯᠴᠠᠨ ᠬᠠᠷᠢᠭᠤᠴᠠᠨ᠎ᠠ︔ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠭᠠᠵᠠᠷ ᠰᠢᠷᠣᠶ ᠶᠢᠨ ᠲᠥᠷᠥᠯ ᠢ ᠲᠣᠭᠲᠠᠭᠠᠬᠤ᠂ ᠲᠠᠲᠠᠪᠤᠷᠢᠯᠠᠬᠤ ᠵᠥᠪᠳᠡᠯᠴᠡᠬᠡᠷ ᠢ ᠬᠢᠨᠠᠨ ᠬᠠᠷᠭᠤᠭᠤᠯᠬᠤ ᠵᠢᠴᠢ ᠵᠠᠯᠭᠠᠮᠵᠢ ᠭᠠᠵᠠᠷ ᠰᠢᠷᠣᠶ ᠶᠢ ᠮᠡᠳᠡᠭᠦᠯᠦᠨ ᠵᠥᠪᠰᠢᠶᠡᠷᠡᠭᠦᠯᠬᠦ ᠵᠡᠷᠭᠡ ᠠᠵᠢᠯ ᠢ ᠬᠠᠷᠢᠭᠤᠴᠠᠨ᠎ᠠ︔ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠪᠡᠳᠭᠡᠷ ᠵᠣᠣ ᠪᠠᠯᠭᠠᠰᠤ ᠭᠠᠵᠠᠷ ᠰᠢᠷᠣᠶ ᠲᠠᠲᠠᠪᠤᠷᠢᠯᠠᠬᠤ ᠬᠡᠪᠴᠢᠶᠡᠨ ᠳᠠᠬᠢ ᠲᠠᠷᠠᠬᠠᠶ ᠪᠤᠲᠠᠷᠬᠠᠶ ᠪᠤᠯᠠᠰᠢ ᠶᠢ ᠨᠡᠭᠦᠯᠭᠡᠬᠦ ᠶᠢ ᠬᠠᠮᠲᠤ ᠪᠠᠷ ᠬᠠᠷᠢᠭᠤᠴᠠᠨ᠎ᠠ︔ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠬᠤᠭᠤᠴᠠᠭᠠᠨ ᠳᠠᠬᠢ ᠠᠵᠤ ᠠᠬᠤᠶᠢᠯᠠᠯ ᠤᠨ ᠦᠶᠯᠡᠴᠢᠯᠡᠭᠡᠨ ᠤ ᠪᠠᠲᠤᠯᠠᠭ᠎ᠠ ᠶᠢ ᠬᠠᠷᠢᠭᠤᠴᠠᠨ᠎ᠠ  ᠃ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠨᠢ ᠭᠠᠵᠠᠷ ᠰᠢᠷᠣᠶ ᠲᠠᠲᠠᠪᠤᠷᠢᠯᠠᠬᠤ ᠯᠤᠭ᠎ᠠ ᠬᠤᠯᠪᠣᠭᠳᠠᠬᠤ ᠪᠡᠯᠡ ᠮᠥᠩᠭᠦ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠬᠤ ᠬᠡᠷᠡᠭᠲᠡᠶ  ᠃ ᠭᠤᠷᠪᠠ᠂ ᠭᠠᠵᠠᠷ ᠰᠢᠷᠣᠢ ᠲᠠᠲᠠᠪᠤᠷᠢᠯᠠᠬᠤ ᠬᠡᠪᠴᠢᠶ᠎ᠡ  ᠭᠠᠵᠠᠷ ᠰᠢᠷᠣᠢ ᠲᠠᠲᠠᠪᠤᠷᠢᠯᠠᠬᠤ ᠬᠡᠪᠴᠢᠶ᠎ᠡ ᠨᠢ ᠡᡁᠸᠤ ᠪᠠ᠂ ᠪᠸᠢ ᠹᠦ᠋ ᠶᠦᠩ ᠵᠢᠤᠢ᠂ ᠳ᠋ᠠᠩ ᠫᠦ ᠶᠣᠣ ᠲᠣᠰᠬᠤᠨ  ᠤ ᠳᠤᠭᠤᠶᠢᠯᠠᠩ ᠳᠤ ᠬᠤᠯᠪᠣᠭᠳᠠᠵᠤ᠂ ᠵᠢᠩ ᠸᠧᠢ ᠨᠧᠩ ᠬᠤᠸᠠ ᠺᠣᠮᠫᠠᠨᠢ ᠶᠢᠨ ᠪᠠᠷᠠᠭᠤᠨ ᠡᠭᠦᠳᠡ ᠪᠠᠷ ᠪᠠᠷᠠᠭᠤᠨᠰᠢ  ᠪᠠᠨ ᠤᠮᠠᠷᠠᠰᠢ᠂ ᠶᠠ ᠰᠢᠨ ᠯᠦᠩ ᠱᠦᠨ ᠺᠣᠮᠫᠠᠨᠢ ᠶᠢᠨ ᠬᠤᠶᠠᠳᠤᠭᠠᠷ ᠬᠤᠭᠤᠴᠠᠭᠠᠨ ᠤ ᠬᠦᠳᠡᠷ ᠤᠨ ᠰᠢᠭᠠᠷᠤ ᠶᠢᠨ ᠪᠢᠴᠢᠯ ᠨᠤᠨᠲᠠᠭ ᠤᠨ ᠦᠢᠯᠡᠳᠪᠦᠷᠢ ᠶᠢᠨ ᠲᠠᠰᠤᠬ ᠤᠨ ᠪᠠᠷᠠᠭᠤᠨ ᠡᠮᠦᠨ᠎ᠡ ᠵᠢᠴᠢ ᠠᠰ ᠤᠮᠠᠷᠠᠲᠤ ᠶᠢᠨ ᠠᠭᠤᠯᠠᠨ ᠬᠥᠲᠥᠯ ᠳᠤ ᠪᠠᠶᠢᠷᠢᠯᠠᠵᠤ᠂ 1750 . 07 ᠮᠦ ᠶᠢᠨ ᠲᠠᠯᠠᠪᠠᠢ ᠲᠠᠢ  ᠃ ᠲᠦᠷᠪᠡ᠂ ᠭᠠᠵᠠᠷ ᠰᠢᠷᠣᠢ ᠶᠢ ᠲᠠᠲᠠᠪᠤᠷᠢᠯᠠᠬᠤ ᠲᠥᠯᠥᠪᠦᠷᠢ ᠶᠢᠨ ᠴᠠᠭ ᠬᠤᠭᠤᠴᠠᠭ᠎ᠠ ᠨᠥᠬᠦᠪᠥᠷᠢᠯᠡᠬᠦ ᠭᠡᠷ᠎ᠡ ᠲᠣᠭᠲᠠᠭᠰᠠᠨ ᠤ ᠳᠠᠷᠠᠭ᠎ᠠ ᠭᠤᠷᠪᠠᠨ ᠰᠠᠷ᠎ᠠ ᠶᠢᠨ ᠳᠣᠲᠣᠷ᠎ᠠ ᠥᠭᠬᠦ ᠬᠡᠷᠡᠭᠲᠡᠶ  ᠃ ᠲᠠᠪᠤ᠂ ᠭᠠᠵᠠᠷ ᠰᠢᠷᠣᠢ ᠵᠢᠴᠢ ᠭᠠᠵᠠᠷ ᠳᠡᠭᠡᠷᠡᠬᠢ ᠪᠣᠳᠠᠰ ᠢ ᠲᠠᠲᠠᠪᠤᠷᠢᠯᠠᠬᠤ ᠨᠥᠬᠦᠪᠥᠷᠢ ᠶᠢᠨ ᠪᠠᠷᠢᠮᠵᠢᠶ᠎ᠠ  ( ᠨᠢᠭᠡ ) ᠭᠠᠵᠠᠷ ᠰᠢᠷᠣᠢ ᠶᠢᠨ ᠲᠥᠯᠥᠪᠦᠷᠢ ᠶᠢᠨ ᠰᠦᠢᠳᠬᠡᠯ  ᠤᠰᠤᠨ ᠲᠠᠷᠢᠶ᠎ᠠ ᠶᠢᠨ ᠨᠥᠬᠦᠪᠥᠷᠢ ᠶᠢᠨ ᠪᠠᠷᠢᠮᠵᠢᠶ᠎ᠠ ᠨᠢ ᠮᠦ ᠪᠦᠷᠢ 35300 ᠲᠥᠭᠦᠷᠢᠭ᠂ ᠬᠠᠭᠤᠷᠠᠶ ᠲᠠᠷᠢᠶ᠎ᠠ  ᠶᠢᠨ ᠨᠥᠬᠦᠪᠥᠷᠢ ᠶᠢᠨ ᠪᠠᠷᠢᠮᠵᠢᠶ᠎ᠠ ᠨᠢ ᠮᠦ ᠪᠦᠷᠢ 20000 ᠲᠥᠭᠦᠷᠢᠭ᠂ ᠣᠶ ᠮᠣᠳᠣᠨ ᠤ ᠭᠠᠵᠠᠷ ᠤᠨ ᠨᠥᠬᠦᠪᠥᠷᠢ  ᠶᠢᠨ ᠪᠠᠷᠢᠮᠵᠢᠶ᠎ᠠ ᠨᠢ ᠮᠦ ᠪᠦᠷᠢ 8600 ᠲᠥᠭᠦᠷᠢᠭ᠂ ᠴᠡᠴᠡᠷᠯᠢᠭ ᠤᠨ ᠭᠠᠵᠠᠷ ᠤᠨ ᠨᠥᠬᠦᠪᠥᠷᠢ ᠶᠢᠨ ᠪᠠᠷᠢᠮᠵᠢᠶ᠎ᠠ ᠨᠢ ᠮᠦ ᠪᠦᠷᠢ 14300 ᠲᠥᠭᠦᠷᠢᠭ᠂ ᠪᠡᠯᠴᠢᠭᠡᠷ ᠤᠨ ᠨᠥᠬᠦᠪᠥᠷᠢ ᠶᠢᠨ ᠪᠠᠷᠢᠮᠵᠢᠶ᠎ᠠ ᠨᠢ ᠮᠦ ᠪᠦᠷᠢ 6300 ᠲᠥᠭᠦᠷᠢᠭ ᠪᠣᠯᠤᠨ᠎ᠠ  ᠃ ᠳᠡᠭᠡᠷ᠎ᠡ ᠳᠤᠷᠠᠳᠤᠭᠰᠠᠨ ᠨᠥᠬᠦᠪᠥᠷᠢ ᠳᠤ ᠭᠠᠴᠠᠭᠠᠨ ᠤ ᠬᠠᠮᠲᠤ ᠶᠢᠨ ᠬᠥᠭᠵᠢᠯᠲᠡ ᠶᠢᠨ ᠰᠠᠭᠤᠷᠢ ᠮᠥᠩᠭᠦ 300 ᠲᠥᠭᠦᠷᠢᠭ ᠮᠦ ᠪᠠᠭᠲᠠᠨ᠎ᠠ  ᠃  ( ᠬᠤᠶᠠᠷ ) ᠭᠠᠵᠠᠷ ᠳᠡᠭᠡᠷᠡᠬᠢ ᠲᠠᠭᠠᠯᠳᠠ ᠪᠣᠳᠠᠰ ᠤᠨ ᠲᠥᠯᠥᠪᠦᠷᠢ ᠶᠢᠨ ᠰᠦᠢᠳᠬᠡᠯ  1 ᠭᠠᠵᠠᠷ ᠳᠡᠭᠡᠷᠡᠬᠢ ᠲᠠᠭᠠᠯᠳᠠ ᠪᠣᠳᠠᠰ ᠤᠨ ᠲᠥᠯᠥᠪᠦᠷᠢ ᠶᠢ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠺᠣᠮᠫᠠᠨᠢ ᠶᠢᠨ ᠦᠨᠡᠯᠡᠨ ᠵᠢᠱᠢᠭᠰᠡᠨ ᠦᠨ᠎ᠡ ᠶᠢ ᠦᠨᠳᠦᠰᠦᠯᠡᠨ ᠲᠥᠯᠥᠪᠦᠷᠢ ᠥᠭᠭᠦᠨ᠎ᠡ  ᠃  2 . ᠲᠠᠷᠢᠶᠠᠯᠠᠩ ᠤᠨ ᠤᠰᠤᠨ ᠠᠰᠢᠭᠯᠠᠯᠲᠠ᠂ ᠮᠠᠰᠢᠨ ᠴᠠᠬᠢᠯᠭᠠᠨ ᠢᠶᠠᠷ ᠤᠰᠤ ᠵᠠᠯᠠᠬᠤ ᠪᠡᠯᠡᠳᠬᠡᠮᠵᠢ᠂ ᠴᠠᠬᠢᠯᠭᠠᠨ ᠬᠦᠴᠦᠨ᠂ ᠷᠠᠳᠢᠣ ᠨᠡᠪᠲᠡᠷᠡᠭᠦᠯᠭᠡ᠂ ᠴᠢᠮᠡᠭᠡ ᠬᠤᠯᠪᠣᠭᠠᠨ ᠤ ᠪᠡᠯᠡᠳᠬᠡᠮᠵᠢ᠂ ᠦᠶᠡᠷ ᠢ ᠰᠡᠷᠭᠡᠶᠢᠯᠡᠬᠦ ᠪᠡᠯᠡᠳᠬᠡᠮᠵᠢ ᠵᠢᠴᠢ ᠪᠤᠰᠤᠳ ᠳᠠᠭᠠᠯᠲᠠ ᠡᠳ ᠤᠨ ᠨᠤᠷᠠᠭᠠᠬᠤ ᠴᠢᠬᠤᠯᠠ ᠲᠠᠢ ᠮᠥᠷᠲᠡᠭᠡᠨ ᠨᠡᠭᠦᠯᠭᠡᠨ ᠰᠢᠯᠵᠢᠭᠦᠯᠵᠦ ᠪᠣᠯᠬᠤ ᠶᠢ ᠨᠢ ᠥᠮᠴᠢᠯᠡᠬᠦ ᠡᠷᠬᠡ ᠲᠠᠢ ᠨᠢᠭᠡᠴᠡ ᠥᠪᠡᠷ ᠲᠡᠭᠡᠨ ᠬᠠᠷᠢᠭᠤᠴᠠᠬᠤ ᠶᠢᠨ ᠬᠠᠮᠲᠤ ᠨᠡᠭᠦᠯᠭᠡᠨ ᠰᠢᠯᠵᠢᠭᠦᠯᠬᠦ ᠰᠦᠢᠳᠬᠡᠯ ᠥᠭᠴᠦ᠂ ᠨᠡᠭᠦᠯᠭᠡᠨ ᠰᠢᠯᠵᠢᠭᠦᠯᠬᠦ ᠰᠦᠢᠳᠬᠡᠯ ᠢ ᠲᠤᠰ ᠬᠤᠲᠠ ᠪᠣᠯᠤᠨ ᠮᠠᠨ ᠤ ᠣᠷᠣᠨ ᠤ ᠲᠣᠭᠲᠠᠭᠠᠭᠰᠠᠨ ᠲᠡᠭᠡᠭᠡᠪᠦᠷᠢ ᠶᠢᠨ ᠦᠨ᠎ᠡ ᠬᠠᠩᠰᠢ᠂ ᠤᠭᠰᠠᠷᠠᠬᠤ ᠦᠨ᠎ᠡ ᠬᠠᠩᠰᠢ ᠪᠠᠷ ᠲᠣᠭᠲᠠᠭᠠᠨ᠎ᠠ︔ ᠨᠡᠭᠦᠯᠭᠡᠨ ᠰᠢᠯᠵᠢᠭᠦᠯᠵᠦ ᠪᠣᠯᠬᠤ ᠦᠭᠡᠢ ᠪᠠᠶᠢᠪᠠᠯ᠂ ᠲᠠᠬᠢᠨ ᠪᠠᠶᠢᠭᠤᠯᠬᠤ ᠦᠨ᠎ᠡ ᠶᠢ ᠦᠨᠳᠦᠰᠦᠯᠡᠨ ᠨᠥᠬᠦᠪᠥᠷᠢ ᠥᠭᠭᠦᠨ᠎ᠡ  ᠃  3 . ᠣᠶ ᠮᠣᠳᠣ ᠶᠢᠨ ᠨᠥᠬᠦᠪᠥᠷᠢ ᠶᠢ ᠪᠣᠳᠠᠲᠠᠶ ᠣᠶ ᠪᠣᠯᠤᠭᠰᠠᠨ ᠪᠠᠶᠢᠳᠠᠯ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠰᠢᠭᠤᠶᠢᠲᠤ ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠲᠠᠢ ᠤᠶᠠᠯᠳᠤᠭᠤᠯᠤᠨ ᠬᠡᠷᠡᠭᠵᠢᠭᠦᠯᠦᠨ᠎ᠡ  ᠃ ᠵᠢᠷᠭᠤᠭ᠎ᠠ᠂ ᠭᠠᠵᠠᠷ ᠰᠢᠷᠣᠢ ᠵᠢᠴᠢ ᠭᠠᠵᠠᠷ ᠳᠡᠭᠡᠷᠡᠬᠢ ᠪᠣᠳᠠᠰ ᠤᠨ ᠲᠥᠯᠥᠪᠦᠷᠢ ᠶᠢᠨ ᠰᠦᠢᠳᠬᠡᠯ ᠢ ᠤᠷᠢᠳᠴᠢᠯᠠᠨ ᠵᠢᠱᠢᠬᠦ  ᠃ᠭᠠᠵᠠᠷ ᠰᠢᠷᠣᠶ ᠲᠠᠲᠠᠪᠤᠷᠢᠯᠠᠭᠰᠠᠨ ᠶᠡᠷᠦᠩᠬᠡᠶ ᠲᠠᠯᠠᠪᠠᠶ ᠨᠢ 17507 ᠮᠥ ᠪᠣᠯᠤᠨ᠎ᠠ  ᠃ ᠡᠭᠦᠨ ᠳᠤ ᠬᠠᠭᠤᠷᠠᠶ ᠲᠠᠷᠢᠶ᠎ᠠ᠄ 13 . 82 ᠮᠥ᠂ ᠮᠥ ᠪᠦᠷᠢ ᠳᠤ 1 . 97 ᠲᠦᠮᠡᠨ ᠲᠥᠭᠦᠷᠢᠭ᠂ ᠨᠡᠶᠢᠲᠡ 27 . 2254 ᠲᠦᠮᠡᠨ ᠲᠥᠭᠦᠷᠢᠭ︔ ᠪᠣᠳᠠ ᠮᠣᠳᠣᠨ ᠣᠶᠢᠲᠤ ᠭᠠᠵᠠᠷ᠂ ᠪᠤᠰᠤᠳ ᠣᠶᠢᠲᠤ ᠭᠠᠵᠠᠷ᠂ ᠣᠶᠢᠲᠤ ᠭᠠᠵᠠᠷ᠄ 102 . 6 ᠮᠥ ᠪᠠᠶᠢᠵᠤ᠂ ᠮᠥ ᠪᠦᠷᠢ 0 . 83 ᠲᠦᠮᠡᠨ ᠲᠥᠭᠦᠷᠢᠭ᠂ ᠨᠡᠶᠢᠲᠡ 85 . 1580 ᠲᠦᠮᠡᠨ ᠲᠥᠭᠦᠷᠢᠭ ᠪᠣᠯᠤᠨ᠎ᠠ︔ ᠪᠠᠶᠢᠭᠠᠯᠢᠯᠢᠭ ᠪᠡᠯᠴᠢᠭᠡᠷ᠂ ᠪᠤᠰᠤᠳ ᠪᠡᠯᠴᠢᠭᠡᠷ᠄ 1633 . 65 ᠮᠥ᠂ ᠮᠥ ᠪᠦᠷᠢ ᠳᠤ 0 . 6 ᠲᠦᠮᠡᠨ ᠲᠥᠭᠦᠷᠢᠭ᠂ ᠨᠡᠶᠢᠲᠡ 980 . 19 ᠲᠦᠮᠡᠨ ᠲᠥᠭᠦᠷᠢᠭ︔ ᠲᠣᠰᠬᠤᠨ ᠤ ᠬᠠᠮᠲᠤ ᠶᠢᠨ ᠬᠥᠭᠵᠢᠯᠲᠡ ᠶᠢᠨ ᠰᠠᠭᠤᠷᠢ ᠮᠥᠩᠭᠦ᠄ 1135 . 07 ᠮᠥ᠂ ᠮᠥ ᠪᠦᠷᠢ 0 . 03 ᠲᠦᠮᠡᠨ ᠲᠥᠭᠦᠷᠢᠭ᠂ ᠨᠡᠶᠢᠲᠡ 34 . 0521 ᠲᠦᠮᠡᠨ ᠲᠥᠭᠦᠷᠢᠭ  ᠃ ᠭᠠᠵᠠᠷ ᠳᠡᠭᠡᠷᠡᠬᠢ ᠪᠣᠳᠠᠰ ᠤᠨ ᠵᠠᠷᠤᠳᠠᠯ ᠤᠨ ᠵᠢᠱᠢᠯᠲᠡ᠄ 400 ᠲᠦᠮᠡᠨ ᠲᠥᠭᠦᠷᠢᠭ︔ ᠠᠵᠢᠯ ᠤᠨ ᠵᠠᠷᠤᠳᠠᠯ 30 ᠲᠦᠮᠡᠨ ᠲᠥᠭᠦᠷᠢᠭ︔ 2012 ᠣᠨ ᠳᠤ ᠵᠢᠩ ᠸᠧᠶ ᠶᠢᠨ ᠦᠶᠯᠡᠳᠪᠦᠷᠢ ᠳᠤ ᠣᠷᠣᠬᠤ ᠱᠦᠶᠨᠢ ᠵᠠᠮ ᠤᠨ ᠪᠧᠶ ᠹᠦ᠋ ᠶᠦᠩ ᠵᠢᠤᠢ ᠭᠠᠵᠠᠷ ᠰᠢᠷᠣᠶ ᠲᠠᠲᠠᠪᠤᠷᠢᠯᠠᠬᠤ ᠵᠠᠷᠤᠳᠠᠯ ᠢ 290 . 75 ᠲᠦᠮᠡᠨ ᠲᠥᠭᠦᠷᠢᠭ ᠬᠠᠰᠤᠨ ᠭᠠᠷᠭᠠᠵᠠᠶ  ᠃ ᠨᠡᠢᠲᠡ ᠤᠷᠢᠳᠴᠢᠯᠠᠨ ᠵᠠᠷᠤᠴᠠᠭᠤᠯᠤᠭᠰᠠᠨ ᠨᠢ᠄ 1265 . 8755 ᠲᠦᠮᠡᠨ ᠲᠥᠭᠦᠷᠢᠭ  ᠃ ᠳᠣᠯᠤᠭ᠎ᠠ᠂ ᠴᠠᠬᠢᠯᠭᠠᠨ ᠬᠦᠷᠭᠡᠵᠦ ᠲᠦᠭᠡᠭᠡᠬᠦ ᠱᠤᠭᠤᠮ ᠢ ᠥᠭᠡᠷᠡᠴᠢᠯᠡᠬᠦ ᠵᠢᠴᠢ ᠴᠢᠮᠡᠭᠡ ᠨᠡᠪᠲᠡᠷᠡᠯᠭᠡ ᠶᠢᠨ ᠲᠥᠬᠦᠭᠡᠷᠦᠮᠵᠢ ᠶᠢ ᠨᠡᠭᠦᠯᠭᠡᠬᠦ ᠠᠵᠢᠯ ᠤᠨ ᠵᠠᠷᠤᠳᠠᠯ  ᠃ᠴᠠᠬᠢᠯᠭᠠᠨ ᠬᠦᠷᠭᠡᠵᠦ ᠲᠦᠭᠡᠭᠡᠬᠦ ᠱᠤᠭᠤᠮ ᠢ ᠥᠭᠡᠷᠡᠴᠢᠯᠡᠬᠦ ᠵᠢᠴᠢ ᠴᠢᠮᠡᠭᠡ ᠨᠡᠪᠲᠡᠷᠡᠯᠭᠡ ᠶᠢᠨ ᠲᠥᠬᠦᠭᠡᠷᠦᠮᠵᠢ ᠶᠢ ᠨᠡᠭᠦᠯᠭᠡᠬᠦ ᠢᠨᠵᠧᠨᠧᠷᠢᠩ ᠢ ᠶᠠ ᠰᠢᠨ ᠺᠣᠮᠫᠠᠨᠢ ᠠᠴᠠ ᠬᠠᠷᠢᠭᠤᠴᠠᠨ᠎ᠠ  ᠃ ᠨᠠᠢᠮᠠ᠂ ᠪᠤᠯᠠᠰᠢ ᠶᠢᠨ ᠭᠠᠵᠠᠷ ᠢ ᠨᠡᠭᠦᠯᠭᠡᠬᠦ ᠵᠠᠷᠤᠳᠠᠯ ᠪᠤᠯᠠᠰᠢ ᠶᠢᠨ ᠲᠣᠯᠣᠭᠠᠶ ᠪᠦᠷᠢ ᠶᠢ ᠪᠠᠷᠤᠭ 8000 ᠲᠥᠭᠦᠷᠢᠭ ᠢᠶᠠᠷ ᠪᠣᠳᠣᠨ᠎ᠠ  ᠃ ᠶᠢᠰᠦ᠂ ᠭᠠᠵᠠᠷ ᠰᠢᠷᠣᠶ ᠲᠠᠲᠠᠪᠤᠷᠢᠯᠠᠬᠤ ᠬᠠᠮᠢᠶ᠎ᠠ ᠪᠥᠬᠦᠶ ᠠᠵᠢᠯ ᠤᠨ ᠴᠤᠪᠤᠷᠠᠯ  ᠃1 . ᠭᠠᠵᠠᠷ ᠰᠢᠷᠣᠶ ᠲᠠᠲᠠᠪᠤᠷᠢᠯᠠᠬᠤ ᠭᠤᠤᠯ ᠴᠣᠭᠴᠠ ᠶᠢᠨ ᠨᠢᠭᠡᠴᠡ ᠠᠴᠠ ᠭᠠᠵᠠᠷ ᠰᠢᠷᠣᠶ ᠲᠠᠲᠠᠪᠤᠷᠢᠯᠠᠬᠤ ᠬᠠᠮᠢᠶ᠎ᠠ ᠪᠥᠬᠦᠶ ᠠᠵᠢᠯ ᠢ ᠬᠠᠷᠢᠭᠤᠴᠠᠬᠤ ᠶᠢ ᠲᠣᠳᠣᠷᠬᠠᠶᠢᠯᠠᠨ᠎ᠠ  ᠃ 2 . ᠣᠷᠣᠨ ᠤ ᠵᠠᠰᠠᠭ ᠤᠨ ᠣᠷᠳᠣᠨ ᠠᠴᠠ ᠭᠠᠵᠠᠷ ᠲᠠᠲᠠᠪᠤᠷᠢᠯᠠᠬᠤ ᠠᠯᠪᠠᠨ ᠵᠠᠷ ᠨᠡᠶᠢᠲᠡᠯᠡᠵᠦ᠂ ᠭᠠᠵᠠᠷ ᠲᠠᠲᠠᠪᠤᠷᠢᠯᠠᠬᠤ ᠬᠡᠪᠴᠢᠶ᠎ᠡ᠂ ᠴᠠᠭ ᠤᠨ ᠲᠣᠬᠢᠷᠠᠭᠤᠯᠤᠯᠲᠠ ᠵᠢᠴᠢ ᠵᠠᠪᠳᠤᠵᠤ ᠵᠠᠶᠢᠯᠠᠵᠤ ᠵᠠᠪᠳᠤᠨ ᠲᠠᠷᠢᠬᠤ᠂ ᠰᠢᠨ᠎ᠡ  ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠵᠤ ᠪᠣᠯᠬᠤ ᠦᠭᠡᠶ ᠭᠡᠰᠡᠨ ᠭᠡᠷ ᠪᠠᠶᠢᠰᠢᠩ ᠵᠢᠴᠢ ᠳᠠᠭᠠᠯᠲᠠ ᠡᠳ ᠵᠡᠷᠭᠡ ᠬᠠᠮᠢᠶ᠎ᠠ ᠪᠦᠬᠦᠢ ᠤᠴᠢᠷ ᠢ ᠲᠣᠳᠣᠷᠬᠠᠶᠢᠯᠠᠬᠤ ᠬᠡᠷᠡᠭᠲᠡᠶ  ᠃  3 . ᠪᠧᠶ ᠹᠦ᠋ ᠶᠦᠩ ᠵᠢᠤᠢ ᠲᠣᠰᠬᠤᠨ ᠤ ᠳᠤᠭᠤᠶᠢᠯᠠᠩ ᠤᠨ ᠪᠥᠬᠦ ᠲᠣᠰᠬᠤᠨ ᠢᠶᠠᠷ ᠢᠶᠠᠨ ᠨᠡᠭᠦᠭᠰᠡᠨ ᠤ ᠳᠠᠷᠠᠭᠠᠬᠢ ᠣᠷᠣᠨ ᠰᠠᠭᠤᠴᠠ ᠶᠢᠨ ᠭᠠᠵᠠᠷ ᠤᠨ ᠨᠥᠬᠦᠪᠥᠷᠢ ᠶᠢᠨ ᠪᠠᠷᠢᠮᠵᠢᠶ᠎ᠠ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠤᠰᠤᠨ ᠤ ᠭᠠᠵᠠᠷ ᠤᠨ ᠪᠠᠷᠢᠮᠵᠢᠶ᠎ᠠ ᠶᠣᠰᠣᠭᠠᠷ ᠨᠥᠬᠦᠪᠥᠷᠢᠯᠡᠨ᠎ᠡ  ᠃  4 . ᠲᠤᠰ ᠤᠳᠠᠭᠠᠨ ᠤ ᠭᠠᠵᠠᠷ ᠰᠢᠷᠣᠢ ᠲᠠᠲᠠᠪᠤᠷᠢᠯᠠᠬᠤ ᠠᠵᠢᠯ ᠨᠢ ᠪᠠᠢ ᠼᠤᠤ ᠭᠧᠤ ᠭᠠᠴᠠᠭᠠᠨ ᠤ ᠠᠷᠤ ᠬᠠᠰᠢᠯᠭ᠎ᠠ᠂ ᠪᠸᠢ ᠹᠦ᠋ ᠵᠢᠤᠢ ᠭᠠᠴᠠᠭᠠᠨ ᠤ ᠳᠤᠭᠤᠶᠢᠯᠠᠩ᠂ ᠪᠠᠳᠺᠠᠷ ᠵᠤᠤ ᠪᠠᠯᠭᠠᠰᠤᠨ ᠤ ᠨᠡᠶᠢᠭᠡᠮᠯᠢᠭ ᠢ ᠵᠣᠬᠢᠶᠠᠨ ᠪᠠᠶᠢᠭᠤᠯᠵᠤ ᠪᠠᠢ ᠼᠤᠤ ᠭᠧᠤ ᠭᠠᠴᠠᠭᠠᠨ ᠤ ᠠᠷᠠᠳ ᠤᠨ ᠵᠥᠪᠯᠡᠯ ᠵᠢᠴᠢ ᠬᠤᠯᠪᠣᠭᠳᠠᠭᠰᠠᠨ ᠭᠠᠴᠠᠭᠠᠨ ᠤ ᠳᠤᠭᠤᠶᠢᠯᠠᠩ ᠢ ᠵᠣᠬᠢᠶᠠᠨ ᠪᠠᠶᠢᠭᠤᠯᠵᠤ ᠭᠠᠴᠠᠭᠠᠨ ᠤ ᠵᠠᠭᠠᠭ ᠲᠤ ᠬᠤᠪᠢᠶᠠᠷᠢᠯᠠᠵᠤ᠂ ᠡᠯ᠎ᠡ ᠭᠠᠴᠠᠭᠠᠨ ᠤ ᠳᠤᠭᠤᠶᠢᠯᠠᠩ ᠤᠨ ᠭᠠᠵᠠᠷ ᠰᠢᠷᠣᠢ ᠲᠠᠲᠠᠪᠤᠷᠢᠯᠠᠬᠤ ᠲᠠᠯᠠᠪᠠᠢ ᠶᠢ ᠲᠣᠭᠲᠠᠭᠠᠨ᠎ᠠ  ᠃  5 . ᠭᠤᠷᠪᠠᠳᠠᠬᠢ ᠡᠲᠡᠭᠡᠳ ᠤᠨ ᠬᠡᠮᠵᠢᠨ ᠵᠢᠷᠤᠬᠤ ᠺᠣᠮᠫᠠᠨᠢ ᠶᠢ ᠤᠷᠢᠵᠤ ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠶ ᠶᠢᠨ ᠣᠳᠣᠬᠢ ᠪᠠᠶᠢᠳᠠᠯ ᠳᠤ ᠠᠭᠠᠷ ᠠᠴᠠ ᠰᠡᠭᠦᠳᠡᠷᠯᠡᠨ᠎ᠡ  ᠃  6 . ᠬᠤᠯᠪᠣᠭᠳᠠᠭᠰᠠᠨ ᠡᠯ᠎ᠡ ᠭᠠᠴᠠᠭᠠᠨ ᠤ ᠳᠤᠭᠤᠶᠢᠯᠠᠩ ᠠᠴᠠ ᠪᠦᠬᠦ ᠭᠠᠴᠠᠭᠠᠨ ᠤ ᠠᠷᠠᠳ ᠢ ᠵᠣᠬᠢᠶᠠᠨ ᠪᠠᠶᠢᠭᠤᠯᠵᠤ ᠭᠠᠵᠠᠷ ᠰᠢᠷᠣᠢ ᠶᠢ ᠲᠠᠲᠠᠪᠤᠷᠢᠯᠠᠬᠤ ᠠᠴᠠ ᠡᠮᠦᠨᠡᠬᠢ ᠠᠷᠠᠳ ᠤᠨ ᠰᠠᠨᠠᠭᠠᠨ ᠤ ᠪᠠᠶᠢᠴᠠᠭᠠᠯᠲᠠ ᠬᠢᠨ᠎ᠡ  ᠃  7 . ᠭᠠᠵᠠᠷ ᠰᠢᠷᠣᠶ ᠲᠠᠲᠠᠪᠤᠷᠢᠯᠠᠬᠤ ᠬᠡᠪᠴᠢᠶᠡᠨ ᠳᠠᠬᠢ 3 ᠲᠣᠰᠬᠤᠨ ᠤ ᠳᠤᠭᠤᠶᠢᠯᠠᠩ ᠤᠨ ᠭᠠᠵᠠᠷ ᠳᠡᠭᠡᠷᠡᠬᠢ ᠳᠠᠭᠠᠯᠲᠠ ᠪᠣᠳᠠᠰ ( ᠮᠣᠳᠣ᠂ ᠪᠤᠯᠠᠰᠢ ᠵᠡᠷᠭᠡ ᠪᠠᠭᠲᠠᠨ᠎ᠠ ) ᠢ ᠲᠣᠭᠠᠯᠠᠨ ᠪᠦᠷᠢᠳᠬᠡᠬᠦ  ᠃  8 . 2012 ᠣᠨ ᠤ ᠰᠢᠭᠤᠶᠢᠲᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠢ ᠦᠨᠳᠦᠰᠦᠯᠡᠨ ᠪᠠᠢ ᠼᠤᠤ ᠭᠧᠤ ᠭᠠᠴᠠᠭᠠᠨ ᠤ ᠠᠷᠠᠳ ᠤᠨ ᠵᠥᠪᠯᠡᠯ ᠲᠠᠢ ᠭᠠᠵᠠᠷ ᠰᠢᠷᠣᠢ ᠲᠠᠲᠠᠪᠤᠷᠢᠯᠠᠨ ᠬᠡᠷᠡᠭᠯᠡᠬᠦ ᠬᠡᠯᠡᠯᠴᠡᠭᠡᠷ ᠤᠨ ᠪᠢᠴᠢᠭ ᠲᠣᠭᠲᠠᠭᠠᠵᠤ᠂ ᠪᠸᠢ ᠹᠦ᠋ ᠶᠦᠩ ᠵᠢᠤᠢ ᠭᠠᠴᠠᠭᠠᠨ ᠤ ᠳᠤᠭᠤᠶᠢᠯᠠᠩ ᠳᠤ ᠬᠤᠯᠪᠣᠭᠳᠠᠭᠰᠠᠨ 615 ᠮᠦ ( 290 . 75 ᠲᠦᠮᠡᠨ ᠲᠥᠭᠦᠷᠢᠭ ) ᠶᠢᠨ ᠵᠠᠰᠠᠮᠠᠯ ᠵᠠᠮ ᠵᠠᠰᠠᠬᠤ ᠭᠠᠵᠠᠷ ᠰᠢᠷᠣᠢ ᠶᠢ ᠨᠢᠭᠡᠨᠲᠡ ᠨᠥᠬᠦᠪᠥᠷᠢᠯᠡᠵᠦ᠂ ᠤᠳᠤ ᠶᠢᠨ ᠬᠡᠷᠡᠭᠵᠢᠭᠦᠯᠵᠦ ᠪᠠᠶᠢᠭ᠎ᠠ ᠭᠠᠵᠠᠷ ᠰᠢᠷᠣᠢ ᠲᠠᠲᠠᠪᠤᠷᠢᠯᠠᠬᠤ ᠪᠠᠷᠢᠮᠵᠢᠶ᠎ᠠ ᠶᠣᠰᠣᠭᠠᠷ ᠵᠥᠷᠢᠶᠡᠲᠦ ᠦᠨ᠎ᠡ ᠪᠠᠷ ᠨᠥᠬᠦᠪᠥᠷᠢ ᠥᠭᠪᠡ  ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号