ᠪᠤᠭᠤᠲᠤ ᠬᠤᠲᠠ ᠶᠢᠨ ᠪᠡᠳᠭᠡᠷ ᠵᠣᠣ ᠶᠢᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠲᠡᠷᠭᠡᠨ ᠵᠣᠭᠰᠣᠭᠠᠯ ᠢ ᠴᠡᠭᠴᠡᠯᠡᠬᠦ ᠠᠵᠢᠯ ᠢ ᠴᠠᠭ ᠲᠤᠬᠠᠶ ᠳᠤᠨᠢ ᠥᠷᠨᠢᠭᠦᠯᠬᠦ ᠲᠤᠬᠠᠶ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/8
     11 ᠳ᠋ᠦ᠋ᠭᠡᠷ ᠰᠠᠷ᠎ᠠ ᠶᠢᠨ 4 ᠤ ᠡᠳᠦᠷ᠂ ᠪᠤᠭᠤᠲᠤ ᠬᠤᠲᠠ ᠶᠢᠨ ᠪᠡᠳᠭᠡᠷ ᠵᠣᠣ ᠶᠢᠨ ᠦᠵᠡᠮᠵᠢ ᠶᠢᠨ ᠣᠷᠣᠨ  ᠤ ᠬᠠᠮᠢᠶᠠᠷᠤᠯᠲᠠ ᠶᠢᠨ ᠵᠥᠪᠯᠡᠯ ᠲᠡᠷᠭᠡᠨ ᠵᠣᠭᠰᠣᠭᠠᠯ ᠢ ᠴᠡᠭᠴᠡᠯᠡᠬᠦ ᠠᠵᠢᠯ ᠢ ᠴᠠᠭ ᠲᠤᠬᠠᠶ ᠳᠤᠨᠢ ᠥᠷᠨᠢᠭᠦᠯᠬᠦ ᠲᠤᠬᠠᠶ ᠠᠵᠢᠯ ᠤᠨ ᠬᠤᠷᠠᠯ ᠬᠤᠷᠠᠯᠳᠤᠭᠤᠯᠪᠠ  ᠃     ᠬᠤᠷᠠᠯ ᠠᠴᠠ ᠬᠤᠲᠠ ᠶᠢᠨ ᠨᠠᠮ ᠤᠨ ᠬᠤᠷᠢᠶ᠎ᠠ ᠲᠣᠭᠤᠷᠢᠭ ᠤᠨ ᠨᠠᠮ ᠤᠨ ᠬᠤᠷᠢᠶᠠᠨ ᠤ ᠬᠤᠲᠠ ᠪᠠᠯᠭᠠᠰᠤᠨ  ᠤ ᠣᠯᠠᠨ ᠨᠡᠶᠢᠲᠡ ᠶᠢᠨ ᠰᠦᠶᠳᠬᠡᠯ ᠬᠤᠷᠢᠶᠠᠬᠤ ᠲᠡᠷᠭᠡᠨ ᠵᠣᠭᠰᠣᠭᠠᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠬᠠᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ  ᠃ ᠬᠤᠷᠠᠯ ᠠᠴᠠ ᠪᠦᠬᠦ ᠠᠵᠢᠯᠲᠠᠳ ᠡᠯ᠎ᠡ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠡᠭᠦᠷᠭᠡ ᠴᠢᠳᠠᠪᠬᠢ ᠪᠠᠨ ᠴᠢᠩᠭᠠᠳᠬᠠᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠲᠤᠯᠭᠠᠮ ᠪᠤᠳᠤᠯ ᠢᠶᠠᠨ ᠦᠨᠡᠨ ᠬᠦ ᠴᠢᠩᠭᠠᠳᠬᠠᠵᠤ᠂ ᠲᠠᠨᠢᠯᠲᠠ ᠭᠦᠢᠴᠡᠳ᠂ ᠠᠷᠭ᠎ᠠ ᠬᠡᠮᠵᠢᠶ᠎ᠡ ᠭᠦᠢᠴᠡᠳ᠂ ᠬᠠᠷᠢᠭᠤᠴᠠᠯᠭ᠎ᠠ ᠭᠦᠢᠴᠡᠳ ᠪᠠᠶᠢᠬᠤ ᠶᠢ ᠪᠡᠶᠡᠯᠡᠭᠦᠯᠵᠦ᠂ ᠡᠳᠦᠷ ᠲᠤᠳᠤᠮ ᠤᠨ ᠪᠠᠶᠢᠴᠠᠭᠠᠯᠲᠠ ᠱᠠᠯᠠᠪᠳᠠᠭᠤᠯᠤᠨ ᠪᠠᠶᠢᠴᠠᠭᠠᠯᠲᠠ ᠶᠢ ᠰᠠᠶᠢᠲᠤᠷ ᠠᠳᠬᠤᠵᠤ᠂ ᠦᠨᠡᠨ ᠬᠦ ᠴᠡᠭᠴᠡᠯᠡᠨ ᠰᠠᠶᠢᠵᠢᠷᠠᠭᠤᠯᠬᠤ ᠬᠡᠷᠡᠭᠲᠡᠢ  ᠃    ᠬᠤᠷᠠᠯ ᠠᠴᠠ᠂ ᠵᠣᠭᠰᠣᠴᠠ ᠪᠠᠨ ᠳᠡᠭᠡᠭᠰᠢᠯᠡᠭᠦᠯᠵᠦ᠂ ᠲᠠᠨᠢᠯᠲᠠ ᠪᠠᠨ ᠲᠠᠬᠢᠨ ᠳᠡᠭᠡᠭᠰᠢᠯᠡᠭᠦᠯᠬᠦ ᠬᠡᠷᠡᠭᠲᠡᠢ  ᠃ ᠨᠢᠭᠡ ᠳᠤ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠤᠨ ᠶᠠᠪᠤᠴᠠ ᠶᠢ ᠰᠢᠯᠢᠳᠡᠭᠵᠢᠭᠦᠯᠵᠦ᠂ ᠲᠦᠷᠢᠮ ᠤᠨ ᠳᠤᠲᠠᠭᠤᠳᠠᠯ ᠢ ᠨᠥᠬᠦᠪᠥᠷᠢᠯᠡᠵᠦ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠲᠡᠰ ᠳᠠᠷᠠᠭᠠᠯᠠᠯ ᠢ ᠵᠢᠷᠤᠮᠵᠢᠭᠤᠯᠬᠤ ᠬᠡᠷᠡᠭᠲᠡᠢ︔ ᠬᠤᠶᠠᠷ ᠲᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠠᠯᠲᠠᠲᠤ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ  ᠃ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠶᠳᠪᠦᠷᠢᠯᠡᠵᠦ᠂ ᠴᠡᠭᠴᠡᠯᠡᠨ ᠰᠠᠶᠢᠵᠢᠷᠠᠭᠤᠯᠬᠤ ᠠᠵᠢᠯ  ᠤᠨ ᠳᠤᠮᠳᠠ ᠢᠯᠡᠷᠡᠭᠰᠡᠨ ᠠᠯᠳᠠᠭ᠎ᠠ ᠪᠤᠷᠤᠭᠤ ᠶᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠬᠤ ᠬᠡᠷᠡᠭᠲᠡᠶ︔ ᠭᠤᠷᠪᠠ ᠳᠤ ᠲᠡᠷᠭᠡᠨ ᠵᠣᠭᠰᠣᠭᠠᠯ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ ᠂ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠶᠢ ᠪᠠᠳᠠᠷᠠᠭᠤᠯᠬᠤ ᠬᠡᠷᠡᠭᠲᠡᠶ  ᠃ ᠲᠡᠷᠭᠡᠨ ᠵᠣᠭᠰᠣᠭᠠᠯ ᠤᠨ ᠳᠠᠩᠰᠠᠯᠠᠭᠤᠯᠬᠤ ᠭᠠᠷᠳᠠᠮ᠂ ᠬᠠᠲᠠᠭᠤ ᠬᠡᠷᠡᠭᠰᠡᠯ ᠤᠨ ᠪᠡᠯᠡᠳᠬᠡᠮᠵᠢ᠂ ᠰᠦᠶᠳᠬᠡᠯ ᠬᠤᠷᠢᠶᠠᠭᠰᠠᠨ ᠪᠠᠶᠢᠳᠠᠯ ᠵᠡᠷᠭᠡ ᠡᠳᠦᠷ ᠲᠤᠲᠤᠮ ᠤᠨ ᠡᠵᠡᠩᠨᠡᠯᠲᠡ ᠶᠢᠨ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠡᠬᠡ ᠲᠠᠩᠰᠠ ᠶᠢ ᠰᠠᠶᠢᠲᠤᠷ ᠬᠢᠬᠦ ᠬᠡᠷᠡᠭᠲᠡᠶ  ᠃   ᠬᠤᠷᠠᠯ ᠠᠴᠠ ᠪᠤᠭᠤᠲᠤ ᠬᠤᠲᠠ ᠶᠢᠨ ᠪᠡᠳᠭᠡᠷ ᠵᠣᠣ ᠶᠢᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠰᠦᠶᠳᠬᠡᠯ ᠬᠤᠷᠢᠶᠠᠬᠤ ᠲᠡᠷᠭᠡᠨ ᠵᠣᠭᠰᠣᠭᠠᠯ ᠢ ᠴᠡᠭᠴᠡᠯᠡᠨ ᠰᠠᠶᠢᠵᠢᠷᠠᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠶᠴᠡᠳᠬᠡᠵᠦ᠂ ᠦᠵᠡᠮᠵᠢ ᠶᠢᠨ ᠣᠷᠣᠨ ᠤ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠦᠵᠡᠮᠵᠢ ᠶᠢᠨ ᠣᠷᠣᠨ ᠤ ᠲᠡᠷᠭᠡᠨ ᠵᠣᠭᠰᠣᠭᠠᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠪᠠᠷ ᠪᠠᠶᠢᠨ᠎ᠠ  ᠃ ᠲᠡᠷᠭᠡ ᠵᠣᠭᠰᠣᠬᠤ ᠰᠠᠶᠢᠨ ᠰᠠᠶᠢᠬᠠᠨ ᠡᠮᠬᠢ ᠵᠢᠷᠤᠮ ᠢ ᠴᠢᠷᠮᠠᠶᠢᠨ ᠪᠣᠶ ᠪᠣᠯᠭᠠᠵᠤ᠂ ᠣᠯᠠᠨ ᠲᠦᠮᠡᠨ ᠤ ᠠᠮᠢᠳᠤᠷᠠᠯ ᠳᠤ ᠲᠥᠬᠦᠮ ᠦᠵᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠶ  ᠃
 
ᠢᠷᠡᠯᠲᠡ᠄ ᠪᠡᠳᠺᠡᠷ ᠵᠣᠣ ᠦᠵᠡᠮᠵᠢ ᠶᠢᠨ ᠣᠷᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号