ᠬᠥᠳᠡᠯᠦᠩᠭᠦᠶ ᠪᠠᠷ ᠡᠮᠡᠭᠲᠡᠶᠢᠴᠦᠳ ᠤᠨ ᠬᠦᠴᠦᠨ ᠢ ᠨᠢᠭᠲᠠᠷᠠᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2021/11/8
    ᠬᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠴᠢᠩᠭ᠎ᠠ ᠰᠡᠷᠭᠡᠶᠢᠯᠡᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠲᠥᠯᠥᠭᠡ᠂ ᠰᠢᠭᠤᠶᠢᠲᠤ ᠵᠡᠭᠡᠯᠢ ᠭᠤᠳᠤᠮᠵᠢ ᠶᠢᠨ ᠡᠮᠡᠭᠲᠡᠶᠢᠴᠦᠳ ᠤᠨ ᠬᠤᠯᠪᠣᠭ᠎ᠠ 《 ᠡᠮᠡᠭᠲᠡᠶᠢᠴᠦᠳ 》 ᠭᠡᠬᠦ ᠦᠰᠦᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠡᠮᠡᠭᠲᠡᠢ ᠺᠠᠳ᠋ᠷ᠂ ᠡᠮᠡᠭᠲᠡᠢ ᠰᠠᠶᠢᠨ ᠲᠤᠷᠠᠴᠤᠳ ᠢ ᠥᠷᠭᠡᠨ ᠢᠶᠠᠷ ᠲᠠᠶᠢᠴᠢᠯᠠᠨ ᠵᠣᠬᠢᠶᠠᠨ ᠪᠠᠶᠢᠭᠤᠯᠵᠤ ᠪᠠᠶᠢᠭᠠᠳ ᠬᠢᠵᠢᠭ ᠢ ᠰᠡᠷᠭᠡᠶᠢᠯᠡᠬᠦ ᠡᠮᠦᠨ᠎ᠡ ᠹᠷᠣᠨᠲ ᠲᠤ ᠣᠷᠣᠯᠴᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠡᠮᠡᠭᠲᠡᠢ ᠬᠦᠴᠦᠨ ᠨᠡᠮᠡᠷᠢᠯᠡᠪᠡ  ᠃    ᠰᠢᠭᠤᠶᠢᠲᠤ ᠵᠡᠭᠡᠯᠢ ᠭᠤᠳᠤᠮᠵᠢ ᠶᠢᠨ ᠡᠮᠡᠭᠲᠡᠶ ᠺᠠᠳ᠋ᠷ᠂ ᠡᠮᠡᠭᠲᠡᠶ ᠰᠠᠶᠢᠨ ᠲᠤᠷᠠᠴᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠪᠠ᠂ ᠵᠢᠵᠢᠭᠦᠷᠯᠡᠬᠦ ᠭᠠᠵᠠᠷ ᠪᠠᠶᠢᠨ᠎ᠠ᠂ ᠣᠷᠣᠵᠤ ᠭᠠᠷᠬᠤ ᠬᠥᠮᠦᠰ ᠤᠨ ᠲᠡᠷᠭᠡᠨ ᠤ ᠮᠡᠳᠡᠭᠡ ᠵᠠᠩᠭᠢ ᠶᠢ ᠨᠠᠷᠢᠨ ᠲᠡᠮᠳᠡᠭᠯᠡᠬᠦ᠂ ᠪᠡᠶ᠎ᠡ ᠶᠢᠨ ᠳᠤᠯᠠᠭᠠᠨ ᠤ ᠬᠡᠮᠵᠢᠯᠲᠡ ᠶᠢ ᠰᠠᠶᠢᠲᠤᠷ ᠬᠢᠬᠦ ᠬᠡᠷᠡᠭᠲᠡᠶ᠂ ᠤᠬᠠᠭᠤᠯᠵᠤ ᠬᠥᠲᠥᠯᠥᠨ ᠵᠢᠯᠣᠭᠤᠳᠬᠤ ᠪᠠ ᠠᠵᠢᠯᠲᠠᠨ ᠢ ᠵᠢᠭᠰᠠᠭᠠᠨ ᠪᠠᠶᠢᠴᠠᠭᠠᠵᠤ ᠪᠦᠷᠢᠳᠬᠡᠬᠦ ᠵᠡᠷᠭᠡ ᠠᠵᠢᠯ᠂ ᠪᠠᠰᠠ ᠸᠢᠴᠠᠲ ᠤᠨ ᠰᠦᠷᠦᠭ ᠢᠶᠠᠷ ᠳᠠᠮᠵᠢᠨ᠂ ᠣᠬᠤᠷ ᠸᠢᠳᠢᠣ᠋᠂ 《 ᠶᠡᠭᠡ ᠪᠦᠷᠢᠶ᠎ᠡ 》᠂ ᠤᠩᠰᠢᠭᠤᠷ ᠵᠡᠷᠭᠡ ᠠᠷᠭ᠎ᠠ ᠵᠠᠮ ᠢᠶᠠᠷ ᠬᠢᠵᠢᠭ ᠢ ᠰᠡᠷᠭᠡᠶᠢᠯᠡᠬᠦ ᠮᠡᠳᠡᠯᠭᠡ ᠪᠠ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠤᠨ᠎ᠠ᠂ ᠣᠯᠠᠨ ᠲᠦᠮᠡᠨ ᠢ ᠬᠥᠲᠥᠯᠥᠨ ᠳᠠᠭᠠᠭᠤᠯᠵᠤ ᠡᠷᠡᠭᠦᠯ ᠬᠠᠮᠠᠭᠠᠯᠠᠯ ᠠᠷᠢᠭᠤᠨ ᠴᠡᠪᠡᠷ ᠤᠨ ᠠᠵᠢᠯᠯᠠᠭ᠎ᠠ ᠥᠷᠨᠢᠭᠦᠯᠦᠨ᠎ᠡ᠂ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠰᠠᠯᠬᠢ ᠵᠢᠪᠠᠷ ᠨᠡᠪᠲᠡᠷᠡᠭᠦᠯᠬᠦ ᠪᠠ ᠡᠳᠦᠷ ᠲᠤᠲᠤᠮ ᠤᠨ ᠭᠡᠷ ᠲᠡᠭᠡᠨ ᠠᠷᠢᠭᠤᠳᠬᠠᠵᠤ ᠠᠷᠢᠭᠤᠳᠬᠠᠬᠤ ᠠᠵᠢᠯ ᠢ ᠰᠠᠶᠢᠲᠤᠷ ᠬᠢᠨ᠎ᠡ᠂ ᠲᠡᠷᠡ ᠳᠠᠷᠤᠢ ᠳᠤᠨᠢ 《 ᠬᠢᠵᠢᠭ 》 ᠲᠠᠢ ᠲᠡᠮᠡᠴᠡᠬᠦ ᠢᠳᠡᠪᠬᠢ ᠬᠦᠴᠦᠨ ᠢ ᠳᠠᠮᠵᠢᠭᠤᠯᠪᠠ᠂ ᠶᠠᠷᠢᠶ᠎ᠠ ᠬᠡᠯᠡᠯᠴᠡᠭᠡ ᠤᠬᠠᠭᠤᠯᠭ᠎ᠠ ᠶᠢᠨ ᠬᠥᠲᠥᠯᠥᠨ ᠵᠢᠯᠣᠭᠤᠳᠬᠤ ᠶᠢ ᠲᠦᠷᠦᠭᠦᠯᠡᠨ ᠰᠠᠶᠢᠲᠤᠷ ᠬᠢᠬᠦ ᠬᠡᠷᠡᠭᠲᠡᠶ᠂ ᠬᠢᠵᠢᠭ ᠢ ᠰᠡᠷᠭᠡᠶᠢᠯᠡᠬᠦ ᠮᠡᠳᠡᠯᠭᠡ ᠶᠢ ᠤᠬᠠᠭᠤᠯᠬᠤ᠂ ᠣᠯᠠᠨ  ᠢ ᠳᠤᠲᠠᠭᠤ ᠭᠠᠳᠠᠭᠰᠢ ᠭᠠᠷ ᠭᠡᠵᠦ ᠤᠷᠢᠶᠠᠯᠠᠪᠠ᠂ ᠴᠤᠭᠯᠠᠷᠠᠬᠤ ᠦᠭᠡᠢ᠂ ᠴᠤᠤᠷᠬᠠᠯ ᠲᠠᠯᠪᠢᠬᠤ ᠦᠭᠡᠢ᠂ ᠢᠲᠡᠭᠡᠬᠦ ᠦᠭᠡᠢ ᠴᠤᠤᠷᠬᠠᠯ  ᠃    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢ ᠠᠷᠠᠳ ᠲᠦᠮᠡᠨ ᠤ ᠲᠥᠯᠥᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢ ᠠᠷᠠᠳ ᠲᠦᠮᠡᠨ ᠳᠤ ᠲᠦᠰᠢᠭᠯᠡᠨ᠎ᠡ  ᠃ ᠲᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠦᠷᠭᠦᠯᠵᠢᠯᠡᠨ ᠥᠷᠭᠡᠨ ᠣᠯᠠᠨ ᠡᠮᠡᠭᠲᠡᠶᠢᠴᠦᠳ ᠢ ᠬᠥᠲᠥᠯᠥᠨ ᠵᠢᠯᠣᠭᠤᠳᠴᠤ ᠡᠮᠡᠭᠲᠡᠶᠢᠴᠦᠳ  ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠳᠤ ᠢᠳᠡᠪᠬᠢᠲᠡᠶ ᠣᠷᠣᠯᠴᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ 《 ᠬᠢᠵᠢᠭ 》 ᠤᠨ ᠢᠯᠠᠯᠲᠠ ᠶᠢ ᠡᠷᠡᠰ ᠲᠡᠮᠡᠴᠡᠨ ᠤᠯᠬᠤ ᠳᠤᠮᠳᠠ ᠡᠮᠡᠭᠲᠡᠶᠢᠴᠦᠳ ᠲᠤ ᠲᠠᠩᠭᠠᠷᠢᠭ ᠥᠭᠴᠦ᠂ ᠣᠭ ᠰᠠᠨᠠᠭ᠎ᠠ ᠪᠠᠷ ᠢᠶᠠᠨ ᠡᠭᠦᠷᠭᠡ ᠬᠠᠷᠢᠭᠤᠴᠠᠯᠭ᠎ᠠ ᠪᠠᠨ ᠦᠶᠯᠡᠳᠦᠯᠭᠡᠵᠢᠭᠦᠯᠵᠦ᠂ ᠡᠮᠡᠭᠲᠡᠶᠢᠴᠦᠳ ᠤᠨ ᠬᠠᠶᠢᠷ᠎ᠠ ᠬᠠᠯᠠᠮᠵᠢ ᠪᠠᠨ ᠡᠷᠭᠦᠵᠦ᠂ ᠡᠮᠡᠭᠲᠡᠶᠢᠴᠦᠳ ᠤᠨ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠡᠮᠡᠭᠲᠡᠶᠢᠴᠦᠳ ᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠦᠨ᠎ᠡ  ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号