ᠬᠤᠸᠠᠩ ᠮᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/8
    10 ᠰᠠᠷ᠎ᠠ ᠶᠢᠨ 30 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠤᠸᠠᠩ ᠮᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ  ᠃   ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠵᠣᠣ ᠮᠠᠨ ᠢ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠯᠢ ᠰᠢᠶᠠᠩ᠂ ᠲᠣᠭᠤᠷᠢᠭ ᠤᠨ ᠳᠡᠳ᠋ ᠳᠠᠷᠤᠭ᠎ᠠ ᠴᠧᠨ ᠵᠢᠶᠠ ᠵᠢᠶᠦ᠋ᠨ᠂ ᠭᠤᠤ ᠹᠸᠢ᠂ ᠲᠣᠭᠤᠷᠢᠭ  ᠤᠨ ᠵᠠᠰᠠᠭ ᠤᠨ ᠣᠷᠳᠣᠨ ᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠯᠢᠦ ᠬᠠᠶ ᠬᠤ᠋ ᠵᠢᠴᠢ ᠬᠤᠯᠪᠣᠭᠳᠠᠯ ᠪᠥᠬᠦᠶ ᠭᠠᠵᠠᠷ ᠣᠷᠣᠨ᠂ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ  ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ 《 ᠤᠯᠤᠰ ᠲᠥᠷᠥ ᠶᠢᠨ ᠰᠠᠬᠢᠯᠭ᠎ᠠ ᠪᠠᠲᠤ ᠶᠢ ᠴᠢᠩᠳᠠᠯᠠᠵᠤ ᠵᠠᠬᠢᠳᠠᠯ ᠰᠤᠷᠪᠤᠯᠵᠢᠯᠠᠯ ᠤᠨ ᠡᠮᠬᠢ ᠳᠢᠭᠯᠢᠮ ᠢ ᠬᠠᠮᠠᠭᠠᠯᠠᠵᠤ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠬᠢᠬᠦ ᠲᠤᠬᠠᠶ ᠮᠡᠳᠡᠭᠳᠡᠯ 》 ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠪᠠᠶᠢᠳᠠᠯ  ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠯ ᠤᠨ ᠬᠡᠷᠡᠭ ᠢ ᠳᠠᠭᠠᠭᠠᠴᠢᠯᠠᠬᠤ ᠪᠠ ᠴᠡᠷᠢᠭ ᠠᠴᠠ ᠬᠠᠯᠠᠭᠳᠠᠭᠰᠠᠳ ᠤᠨ ᠵᠠᠬᠢᠳᠠᠯ ᠰᠤᠷᠪᠤᠯᠵᠢᠯᠠᠯ ᠤᠨ ᠵᠦᠶᠯᠡᠰ ᠢ ᠰᠤᠳᠤᠯᠪᠠ  ᠃     ᠬᠤᠸᠠᠩ ᠮᠢᠨ᠂ ᠣᠳᠣᠬᠠᠨ ᠳᠤ ᠶᠠᠭ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠤᠳᠠᠯ ᠦᠭᠡᠢ ᠬᠤᠷᠠᠯᠳᠤᠬᠤ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ᠂ ᠪᠦᠬᠦ ᠣᠷᠣᠨ ᠤ ᠨᠡᠶᠢᠭᠡᠮ ᠤᠨ ᠲᠣᠭᠲᠠᠭᠤᠨ ᠤ ᠠᠵᠢᠯ ᠪᠣᠯ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ  ᠃ ᠡᠯ᠎ᠡ ᠭᠠᠵᠠᠷ ᠣᠷᠣᠨ᠂ ᠰᠠᠯᠠᠭ᠎ᠠ ᠮᠥᠴᠢᠷ ᠨᠢᠭᠡᠴᠢ ᠶᠢᠨ ᠬᠢᠨ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨ ᠬᠦ ᠰᠡᠳᠬᠢᠯ ᠳᠡᠯᠪᠢᠨ ᠬᠠᠶᠢᠷ᠎ᠠ ᠰᠡᠳᠬᠢᠯᠭᠡ  ᠲᠠᠢ ᠪᠠᠷ ᠬᠦᠴᠦ ᠣᠷᠣᠭᠤᠯᠤᠨ ᠰᠢᠶᠳᠪᠦᠷᠢᠯᠡᠵᠦ᠂ ᠣᠯᠠᠨ ᠲᠦᠮᠡᠨ ᠤ ᠪᠠᠴᠢᠮ ᠲᠤᠯᠭᠠᠮ᠂ ᠬᠦᠴᠢᠷ᠂ ᠵᠣᠪᠠᠨᠢᠯ᠂ ᠬᠦᠰᠡᠯ ᠡᠷᠡᠮᠡᠯᠵᠡᠯ ᠤᠨ ᠠᠰᠠᠭᠤᠳᠠᠯ ᠢ ᠪᠥᠬᠦ ᠬᠦᠴᠦ ᠪᠠᠷ ᠢᠶᠠᠨ ᠰᠠᠶᠢᠲᠤᠷ ᠰᠢᠶᠳᠪᠦᠷᠢᠯᠡᠵᠦ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠶᠳᠪᠦᠷᠢᠯᠡᠬᠦ᠂ ᠣᠯᠠᠨ ᠲᠦᠮᠡᠨ ᠤ ᠬᠦᠴᠢᠷ ᠵᠣᠪᠠᠭᠤᠷᠢ ᠶᠢ ᠰᠢᠶᠳᠪᠦᠷᠢᠯᠡᠬᠦ ᠶᠠᠪᠤᠳᠠᠯ ᠢ ᠪᠣᠳᠠᠲᠠᠶ ᠠᠵᠢᠯᠯᠠᠭ᠎ᠠ ᠨᠢᠭᠡᠪᠦᠷᠢ ᠪᠠ ᠪᠣᠳᠠᠲᠠᠶ ᠠᠵᠢᠯ ᠨᠢᠭᠡᠪᠦᠷᠢ ᠳᠤ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠣᠨᠴᠠᠯᠢᠭ ᠢᠯᠡ ᠲᠣᠳᠣ ᠴᠢᠨᠠᠷ ᠰᠠᠶᠢᠲᠠᠶ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠬᠤᠰᠢᠭᠤᠴᠢ ᠣᠷᠣᠨ ᠢ ᠴᠢᠷᠮᠠᠶᠢᠨ ᠪᠠᠶᠢᠭᠤᠯᠬᠤ ᠳᠤ ᠡᠶ᠎ᠡ ᠵᠣᠬᠢᠴᠠᠩᠭᠤᠶ ᠲᠣᠭᠲᠠᠭᠤᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ  ᠃       ᠬᠤᠸᠠᠩ ᠮᠢᠨ᠂ 《 ᠨᠢᠭᠡ ᠬᠥᠯᠭᠡ ᠰᠢᠳᠠᠷ᠎ᠠ 》 ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠯ ᠢᠶᠠᠨ ᠡᠭᠦᠷᠭᠡᠯᠡᠵᠦ᠂ ᠤᠳᠤᠷᠢᠳᠤᠯᠭ᠎ᠠ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠣᠯᠤᠨ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠢᠶᠠᠨ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ  ᠃ ᠴᠢᠬᠤᠯᠠ ᠵᠠᠩᠭᠢᠯᠠᠭ᠎ᠠ ᠶᠢᠨ ᠦᠶ᠎ᠡ ᠶᠢᠨ ᠵᠠᠬᠢᠳᠠᠯ ᠰᠤᠷᠪᠤᠯᠵᠢᠯᠠᠭ᠎ᠠ ᠶᠢᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠵᠥᠷᠢᠴᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠡᠳᠦᠷ ᠲᠤᠲᠤᠮ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠣᠯᠤᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠳᠤ ᠪᠣᠳᠠᠲᠠᠶ ᠰᠢᠯᠲᠠᠭᠠᠨ ᠢ ᠭᠦᠨᠵᠡᠭᠡᠶ ᠵᠠᠳᠠᠯᠵᠤ ᠰᠤᠳᠤᠯᠤᠨ ᠮᠠᠭᠠᠳᠯᠠᠵᠤ᠂ ᠪᠣᠳᠠᠲᠠᠶ ᠰᠢᠶᠳᠪᠦᠷᠢᠯᠡᠬᠦ ᠲᠥᠰᠦᠯ ᠲᠣᠭᠲᠠᠭᠠᠵᠤ᠂ ᠦᠨᠡᠨ ᠬᠦ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠶᠳᠪᠦᠷᠢᠯᠡᠵᠦ᠂ ᠵᠥᠷᠢᠴᠡᠯ ᠢᠶᠠᠷ ᠡᠶ᠎ᠡ ᠵᠣᠬᠢᠴᠠᠯ ᠢ ᠠᠬᠢᠭᠤᠯᠬᠤ ᠬᠡᠷᠡᠭᠲᠡᠶ  ᠃ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ  ᠃ ᠬᠡᠯᠬᠢᠶᠡᠵᠢᠭᠰᠡᠨ ᠴᠢᠨᠠᠷᠲᠠᠶ ᠠᠵᠢᠯ ᠤᠨ ᠲᠣᠭᠲᠠᠴᠠ ᠶᠢ ᠪᠠᠶᠢᠭᠤᠯᠵᠤ᠂ 《 ᠭᠤᠷᠪᠠ ᠶᠢ ᠪᠣᠳᠠᠲᠠᠶᠢᠵᠢᠭᠤᠯᠬᠤ ᠨᠢᠭᠡ ᠶᠢ ᠰᠢᠶᠳᠪᠦᠷᠢᠯᠡᠬᠦ 》 ᠠᠵᠢᠯ ᠤᠨ ᠱᠠᠭᠠᠷᠳᠠᠯᠭ᠎ᠠ ᠶᠣᠰᠣᠭᠠᠷ᠂ ᠠᠰᠠᠭᠤᠳᠠᠯ ᠢ ᠰᠢᠶᠳᠪᠦᠷᠢᠯᠡᠬᠦ᠂ ᠬᠥᠮᠦᠵᠢᠭᠦᠯᠵᠦ ᠬᠥᠲᠥᠯᠥᠨ ᠵᠢᠯᠣᠭᠤᠳᠬᠤ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠵᠡᠷᠭᠡ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠵᠥᠷᠢᠴᠡᠯ ᠢ ᠦᠨᠡᠨ ᠬᠦ ᠦᠨᠳᠦᠰᠦᠨ ᠱᠠᠲᠤᠨ ᠳᠤ ᠠᠷᠢᠯᠭᠠᠬᠤ ᠬᠡᠷᠡᠭᠲᠡᠶ  ᠃ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ᠂ ᠠᠷᠠᠳ ᠤᠨ ᠠᠮᠢᠳᠤᠷᠠᠯ ᠢ ᠪᠠᠲᠤᠯᠠᠬᠤ ᠲᠣᠭᠲᠠᠴᠠ᠂ ᠪᠠᠶᠢᠩᠭᠤᠵᠢᠭᠰᠠᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠵᠠᠬᠢᠳᠠᠯ ᠰᠤᠷᠪᠤᠯᠵᠢᠯᠠᠯ ᠤᠨ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ  ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号