ᠭᠠᠶ ᠯᠢᠶᠠᠨ ᠢᠦ᠋ᠶ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/8
     11 ᠰᠠᠷ᠎ᠠ ᠶᠢᠨ 5 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠭᠠᠶ ᠯᠢᠶᠠᠨ ᠢᠦ᠋ᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ ᠤᠨ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠠᠵᠢᠯ ᠤᠨ ᠲᠤᠬᠠᠶ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠪᠣᠯᠤᠨ 《 ᠪᠤᠭᠤᠲᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠬᠢᠨᠠᠨ ᠰᠢᠯᠭᠠᠬᠤ ᠶᠢ ᠴᠢᠩᠭᠠᠳᠬᠠᠬᠤ ᠠᠷᠭ᠎ᠠ 》 ᠶᠢ ᠤᠯᠠᠮᠵᠢᠯᠠᠨ ᠰᠤᠷᠤᠯᠴᠠᠵᠤ᠂ ᠰᠢᠭᠤᠶᠢᠲᠤ ᠣᠷᠣᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠱᠢᠭᠳᠡᠭᠴᠢ ᠶᠢᠨ ᠰᠣᠩᠭᠤᠭᠤᠯᠢ ᠶᠢᠨ ᠬᠢᠨᠠᠨ ᠬᠠᠷᠭᠤᠭᠤᠯᠵᠤ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠶᠤᠯᠭᠦᠶ ᠦᠶᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ  ᠃     ᠬᠤᠷᠠᠯ ᠠᠴᠠ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠬᠤ ᠲᠤᠬᠠᠢ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠭᠤᠴᠠᠭ᠎ᠠ ᠰᠣᠯᠢᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ ᠴᠢᠩᠭ᠎ᠠ ᠱᠠᠭᠠᠷᠳᠠᠯᠭ᠎ᠠ᠂ ᠴᠢᠩᠭ᠎ᠠ ᠪᠠᠷᠢᠮᠵᠢᠶ᠎ᠠ᠂ ᠴᠢᠩᠭ᠎ᠠ ᠠᠷᠭ᠎ᠠ ᠬᠡᠮᠵᠢᠶ᠎ᠡ ᠶᠢ ᠪᠠᠷᠢᠮᠲᠠᠯᠠᠵᠤ᠂ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠬᠦᠴᠦᠯᠡᠨ ᠰᠠᠶᠢᠲᠤᠷ ᠠᠳᠬᠤᠵᠤ᠂ ᠪᠦᠬᠦ ᠣᠷᠣᠨ ᠤ ᠬᠤᠭᠤᠴᠠᠭ᠎ᠠ ᠰᠣᠯᠢᠬᠤ ᠠᠵᠢᠯ ᠤᠨ ᠰᠤᠷᠲᠠᠯ ᠴᠢᠬᠡᠴᠢ ᠣᠪᠣᠷ ᠲᠥᠪ᠂ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ  ᠃     ᠬᠤᠷᠠᠯ ᠠᠴᠠ᠂ ᠲᠠᠨᠢᠯᠲᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠨ᠂ ᠠᠵᠢᠯ ᠤᠨ ᠤᠳᠤᠷᠢᠳᠤᠮᠵᠢ ᠪᠠᠨ ᠲᠣᠳᠣᠷᠬᠠᠶᠢᠯᠠᠵᠤ᠂ ᠠᠵᠢᠯ ᠤᠨ ᠭᠤᠤᠯᠳᠠᠯᠭ᠎ᠠ ᠪᠠᠨ ᠦᠨᠡᠨ ᠬᠦ ᠭᠤᠤᠯᠳᠠᠯᠭ᠎ᠠ ᠶᠢ ᠠᠳᠬᠤᠬᠤ᠂ ᠳᠤᠲᠠᠭᠤᠳᠠᠯ ᠢᠶᠠᠨ ᠨᠥᠬᠦᠪᠥᠷᠢᠯᠡᠬᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ᠂ ᠴᠢᠨᠠᠷ ᠰᠠᠶᠢᠲᠠᠶ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠪᠡᠶᠡᠯᠡᠭᠦᠯᠬᠦ ᠳᠡᠭᠡᠷ᠎ᠡ ᠰᠢᠯᠵᠢᠭᠦᠯᠬᠦ ᠬᠡᠷᠡᠭᠲᠡᠶ  ᠃ ᠤᠬᠠᠮᠰᠠᠷ ᠠᠴᠠ ᠪᠠᠨ ᠬᠠᠷᠠᠯᠲᠠ  ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ᠵᠣᠬᠢᠶᠠᠨ ᠪᠠᠶᠢᠭᠤᠯᠵᠤ ᠠᠬᠢᠭᠤᠯᠬᠤ ᠶᠢ ᠴᠢᠩᠭᠠᠳᠬᠠᠵᠤ᠂ ᠪᠠᠷᠢᠮᠵᠢᠶᠠᠯᠠᠨ ᠬᠠᠷᠭᠤᠭᠤᠯᠵᠤ᠂ ᠳ᠋ᠦᠩᠨᠡᠨ ᠬᠤᠷᠢᠶᠠᠩᠭᠤᠶᠢᠯᠠᠵᠤ᠂ ᠬᠠᠷᠠᠯᠲᠠ ᠬᠢᠨᠠᠨ ᠰᠢᠯᠭᠠᠬᠤ ᠡᠭᠦᠷᠭᠡ ᠶᠢ ᠴᠢᠨᠠᠷ ᠰᠠᠶᠢᠲᠠᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ  ᠃ ᠴᠤᠭ ᠰᠦᠯᠳᠡ ᠪᠠᠨ ᠪᠦᠬᠦ ᠲᠠᠯ᠎ᠠ ᠪᠠᠷ ᠪᠠᠳᠠᠷᠠᠭᠤᠯᠵᠤ᠂ ᠨᠢᠭᠡ ᠮᠥᠴᠡ ᠴᠦ ᠬᠦᠯᠢᠶᠡᠵᠦ ᠪᠣᠯᠬᠤ ᠦᠭᠡᠢ᠂ ᠨᠢᠭᠡ ᠮᠥᠴᠡ ᠴᠦ ᠲᠠᠲᠠᠭᠠᠯᠵᠠᠵᠤ ᠪᠣᠯᠬᠤ ᠦᠭᠡᠢ ᠂ ᠨᠢᠭᠡ ᠮᠥᠴᠡ ᠴᠦ ᠬᠤᠶᠢᠷᠭᠤᠰᠢᠵᠤ ᠪᠣᠯᠬᠤ ᠦᠭᠡᠢ ᠠᠵᠢᠯ ᠤᠨ ᠰᠤᠷᠲᠠᠯ ᠢᠶᠠᠷ ᠡᠷᠴᠢ ᠵᠣᠷᠢᠭ ᠢᠶᠠᠨ ᠬᠥᠪᠴᠢᠯᠡᠵᠦ ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠮᠠᠨ ᠤ ᠣᠷᠣᠨ ᠤ ᠴᠢᠨᠠᠷ ᠰᠠᠶᠢᠲᠠᠢ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ  ᠃     ᠬᠤᠷᠠᠯ ᠠᠴᠠ᠂ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ  ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠭᠤᠤᠯᠳᠠᠯᠭ᠎ᠠ ᠲᠠᠢ ᠬᠦᠷᠢᠶ᠎ᠡ ᠪᠠ ᠭᠤᠭᠴᠤᠭ᠎ᠠ ᠶᠢ ᠴᠢᠩᠭ᠎ᠠ ᠠᠩᠬᠠᠷᠴᠤ᠂ ᠠᠶᠤᠯᠭᠦᠶ ᠦᠶᠯᠡᠳᠪᠦᠷᠢᠯᠡᠯ ᠤᠨ ᠪᠠᠶᠢᠴᠠᠭᠠᠯᠲᠠ ᠪᠠ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠬᠡᠮ ᠰᠣᠭᠤᠭ ᠢ ᠦᠨᠡᠨ ᠬᠦ ᠠᠷᠢᠯᠭᠠᠵᠤ᠂ ᠠᠶᠤᠯᠭᠦᠶ ᠦᠶᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠴᠣᠭᠴᠠᠯᠠᠬᠤ ᠬᠡᠷᠡᠭᠲᠡᠶ  ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠪᠠᠷ ᠴᠢᠩᠭ᠎ᠠ ᠠᠳᠬᠤᠵᠤ ᠪᠣᠳᠠᠲᠠᠢ ᠠᠳᠬᠤᠨ ᠨᠠᠷᠢᠯᠢᠭ ᠠᠳᠬᠤᠵᠤ᠂ ᠵᠢᠵᠢᠭᠦᠷᠯᠡᠨ ᠰᠠᠬᠢᠬᠤ ᠵᠡᠷᠭᠡ ᠠᠵᠢᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠲᠤᠮᠤ ᠳ᠋ᠠᠶᠢᠲ᠋ᠠ ᠶᠢᠨ ᠠᠷᠭ᠎ᠠ ᠪᠠᠷᠢᠯ ᠪᠣᠯᠤᠨ ᠲᠣᠣᠷᠵᠢᠭᠤᠯᠤᠭᠰᠠᠨ ᠬᠠᠮᠢᠶᠠᠷᠤᠯᠲᠠ ᠶᠢ ᠭᠦᠢᠴᠡᠳ ᠠᠰᠢᠭᠯᠠᠵᠤ᠂ ᠭᠤᠣᠯᠳᠠᠯᠭ᠎ᠠ ᠲᠠᠢ ᠣᠷᠣᠨ ᠪᠦᠰᠡ ᠪᠣᠯᠤᠨ ᠭᠤᠣᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠰᠠᠶᠢᠲᠤᠷ ᠠᠳᠬᠤᠨ᠂ ᠸᠠᠺᠼᠢᠨ  ᠤ ᠲᠠᠷᠢᠯᠭ᠎ᠠ ᠬᠢᠬᠦ᠂ ᠪᠦᠬᠦ ᠬᠥᠮᠦᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠰᠣᠷᠢᠯᠲᠠ ᠬᠢᠬᠦ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠩᠭᠤᠵᠢᠯᠳᠠ᠂ ᠵᠢᠷᠤᠮᠵᠢᠯᠲᠠ᠂ ᠪᠠᠷᠢᠮᠵᠢᠶᠠᠵᠢᠯᠲᠠ ᠶᠢ ᠠᠬᠢᠭᠤᠯᠤᠨ᠂ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ 《 ᠪᠤᠯᠤᠳ ᠬᠡᠷᠡᠮ ᠪᠤᠯᠤᠳ ᠬᠠᠨ᠎ᠠ 》 ᠶᠢ ᠡᠷᠡᠰ ᠪᠠᠲᠤ ᠴᠣᠭᠴᠠᠯᠠᠬᠤ ᠬᠡᠷᠡᠭᠲᠡᠢ  ᠃ ᠰᠢᠨ᠎ᠡ ᠪᠠᠶᠢᠳᠠᠯ ᠳᠣᠤᠷ᠎ᠠ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠠᠷᠠᠳ ᠲᠦᠮᠡᠨ ᠢ ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ 《 ᠬᠠᠷᠢᠶ᠎ᠠ ᠣᠷᠣᠨ ᠬᠠᠮᠢᠶᠠᠷᠬᠤ᠂ ᠱᠠᠲᠤ ᠬᠤᠪᠢᠶᠠᠨ ᠬᠠᠷᠢᠭᠤᠴᠠᠬᠤ 》᠂ 《 ᠬᠡᠨ ᠭᠤᠤᠯᠯᠠᠨ ᠬᠠᠮᠢᠶᠠᠷᠪᠠᠯ ᠬᠡᠨ ᠬᠠᠷᠢᠭᠤᠴᠠᠬᠤ 》 ᠵᠠᠷᠴᠢᠮ ᠢ ᠴᠢᠩᠭ᠎ᠠ ᠵᠢᠷᠤᠮᠯᠠᠨ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠶᠴᠡᠳᠬᠡᠵᠦ ᠂ ᠨᠢᠭᠲᠠ ᠬᠠᠮᠵᠢᠯᠴᠠᠨ᠂ ᠭᠤᠤᠯᠳᠠᠯᠭ᠎ᠠ ᠪᠠᠨ ᠳᠣᠷᠣᠭᠰᠢ ᠰᠢᠯᠵᠢᠭᠦᠯᠵᠦ᠂ ᠵᠠᠩᠭᠢᠯᠠᠭ᠎ᠠ ᠪᠠᠨ ᠤᠷᠤᠭᠰᠢ ᠰᠢᠯᠵᠢᠭᠦᠯᠵᠦ ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠥᠷᠢᠴᠡᠯ ᠵᠢᠭᠤᠷᠠᠯᠳᠤᠭᠠᠨ ᠢ ᠠᠷᠢᠯᠭᠠᠵᠤ᠂ ᠠᠷᠭ᠎ᠠ ᠪᠦᠬᠦᠨ ᠢ ᠰᠦᠪᠡᠭᠴᠢᠯᠡᠨ ᠠᠷᠠᠳ ᠲᠦᠮᠡᠨ ᠤ ᠬᠦᠴᠢᠷ ᠵᠣᠪᠠᠭᠤᠷᠢ ᠶᠢ ᠰᠢᠶᠳᠪᠦᠷᠢᠯᠡᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠡᠶ᠎ᠡ ᠵᠣᠬᠢᠴᠠᠩᠭᠤᠶ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ  ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ  ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠦ ᠲᠤᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号