ᠬᠤᠸᠠᠩ ᠮᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠥᠪᠯᠡᠷᠡᠭᠦᠯᠦᠨ ᠦᠯᠢᠭᠡᠷ ᠠᠪᠬᠤ ᠴᠡᠭ ᠤᠨ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2021/11/8
         11 ᠰᠠᠷ᠎ᠠ ᠶᠢᠨ 6 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ  ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠳᠠᠷᠤᠭ᠎ᠠ ᠬᠤᠸᠠᠩ ᠮᠢᠨ ᠳ᠋ᠡ ᠹᠠ ᠵᠡᠭᠡᠯᠢ ᠭᠤᠳᠤᠮᠵᠢ ᠳᠤ ᠬᠦᠷᠴᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠥᠪᠯᠡᠷᠡᠭᠦᠯᠦᠨ ᠦᠯᠢᠭᠡᠷ ᠠᠪᠬᠤ ᠭᠠᠵᠠᠷ ᠤᠨ ᠪᠠᠶᠢᠷᠢᠰᠢᠭᠤᠯᠤᠯᠲᠠ᠂ ᠠᠵᠢᠯ ᠤᠨ ᠴᠤᠪᠤᠷᠠᠯ᠂ ᠠᠵᠢᠯᠲᠠᠨ ᠤ ᠲᠣᠬᠢᠷᠠᠭᠤᠯᠤᠯᠲᠠ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ  ᠃         ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠪᠢᠨ ᠬᠤᠸᠠ᠂ ᠳᠡᠳ᠋ ᠲᠣᠭᠤᠷᠢᠭ ᠤᠨ ᠳᠠᠷᠤᠭ᠎ᠠ ᠭᠤᠤ ᠹᠸᠢ᠂ ᠳ᠋ᠠ ᠹᠠ ᠵᠡᠭᠡᠯᠢ ᠭᠤᠳᠤᠮᠵᠢ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ ᠠᠵᠢᠯᠯᠠᠭ᠎ᠠ ᠳᠤ ᠣᠷᠣᠯᠴᠠᠵᠠᠢ  ᠃      ᠬᠤᠸᠠᠩ ᠮᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠥᠪᠯᠡᠷᠡᠭᠦᠯᠦᠨ ᠦᠯᠢᠭᠡᠷ ᠠᠪᠬᠤ ᠴᠡᠭ  ᠤᠨ ᠬᠠᠶ᠋ᠢᠭ ᠰᠣᠩᠭᠤᠬᠤ᠂ ᠲᠤᠨᠤᠭ ᠲᠥᠬᠦᠭᠡᠷᠦᠮᠵᠢ ᠡᠳ᠋ ᠪᠣᠳᠠᠰ ᠢ ᠲᠤᠬᠢᠷᠠᠭᠤᠯᠬᠤ᠂ ᠠᠵᠢᠯᠳᠠᠨ ᠢ ᠪᠣᠯᠪᠠᠰᠤᠷᠠᠭᠤᠯᠬᠤ ᠵᠡᠷᠭᠡ ᠠᠵᠢᠯ ᠤᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ ᠯᠠᠪᠯᠠᠨ ᠠᠰᠠᠭᠤᠪᠠ  ᠃ ᠬᠤᠸᠠᠩ ᠮᠢᠨ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠪᠦᠬᠦ ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠠᠷᠭ᠎ᠠ ᠪᠠᠷᠢᠯ ᠪᠣᠯᠤᠨ᠎ᠠ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠥᠪᠯᠡᠷᠡᠭᠦᠯᠦᠨ ᠦᠯᠢᠭᠡᠷ ᠠᠪᠬᠤ ᠴᠡᠭ ᠤᠨ ᠵᠢᠷᠤᠮᠵᠢᠭᠰᠠᠨ ᠪᠠᠶᠢᠭᠤᠯᠤᠯᠲᠠ ᠲᠤᠶᠢᠯ ᠤᠨ ᠴᠢᠬᠤᠯᠠ ᠶᠤᠮ  ᠃ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠣᠳᠣᠯ ᠪᠠ ᠲᠤᠯᠭᠠᠮ ᠪᠣᠳᠣᠯ ᠢᠶᠠᠨ ᠴᠢᠩᠭᠠᠳᠬᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠳᠠᠪᠠᠭᠤᠯᠢᠭ ᠡᠬᠢ ᠪᠠᠶᠠᠯᠢᠭ ᠪᠠ ᠠᠵᠢᠯ ᠤᠨ ᠬᠦᠴᠦᠨ ᠢ ᠨᠢᠭᠡᠳᠦᠯᠲᠡᠶ ᠲᠥᠯᠥᠪᠵᠢᠭᠦᠯᠵᠦ᠂ ᠡᠯ᠎ᠡ ᠵᠦᠶᠯ ᠤᠨ ᠵᠢᠷᠤᠮᠵᠢᠯ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠥᠪᠯᠡᠷᠡᠩᠭᠦᠶ ᠥᠯᠢᠭᠡᠷ ᠠᠪᠬᠤ ᠴᠡᠭ ᠤᠨ ᠪᠠᠶᠢᠷᠢᠯᠠᠭᠤᠯᠤᠯᠲᠠ ᠶᠢᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠦᠶ᠎ᠡ ᠳᠤ ᠳᠠᠷᠤᠶᠢᠬᠠᠨ ᠰᠢᠯᠵᠢᠭᠦᠯᠦᠨ ᠭᠠᠷᠭᠠᠵᠤ ᠢᠯᠠᠯᠲᠠ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ  ᠃        ᠬᠤᠸᠠᠩ ᠮᠢᠨ ᠱᠠᠭᠠᠷᠳᠠᠭᠰᠠᠨ ᠨᠢ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠲᠦᠷᠢᠮ ᠲᠣᠭᠲᠠᠴᠠ᠂ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠪᠡᠯᠡᠳᠬᠡᠯ ᠲᠥᠰᠦᠯ ᠪᠠ ᠠᠵᠢᠯ ᠤᠨ ᠴᠤᠪᠤᠷᠠᠯ ᠤᠨ ᠡᠬᠡ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠲᠥᠪᠯᠡᠷᠡᠭᠦᠯᠦᠨ ᠥᠯᠢᠭᠡᠷ ᠠᠪᠬᠤ ᠴᠡᠭ ᠤᠨ ᠪᠥᠬᠦ ᠬᠡᠯᠬᠢᠶ᠎ᠡ ᠶᠢ ᠵᠢᠷᠤᠮᠵᠢᠭᠤᠯᠬᠤ᠂ ᠠᠮᠤᠷ ᠲᠦᠪᠰᠢᠨ ᠢᠶᠠᠷ ᠠᠵᠢᠯᠯᠠᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠶ  ᠃ ᠬᠦᠴᠦᠨ ᠢ ᠨᠡᠶᠢᠳᠬᠡᠬᠦ᠂ ᠮᠡᠳᠡᠭᠡ ᠵᠠᠩᠭᠢ ᠶᠢ ᠠᠭᠤᠰᠤᠯᠴᠠᠭᠤᠯᠤᠨ ᠰᠢᠯᠤᠭᠤᠳᠬᠠᠬᠤ᠂ ᠠᠵᠢᠯ ᠢ ᠵᠣᠯᠭᠠᠭᠤᠯᠬᠤ ᠶᠢ ᠴᠢᠩᠭᠠᠳᠬᠠᠵᠤ᠂ ᠪᠣᠯᠪᠠᠰᠤᠷᠠᠯ ᠪᠣᠯᠤᠨ ᠰᠣᠷᠢᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠢᠯᠲᠠᠳ ᠤᠨ ᠴᠤᠭᠯᠠᠭᠤᠯᠤᠨ ᠠᠵᠢᠯᠯᠠᠭᠤᠯᠬᠤ ᠪᠦᠬᠦ ᠶᠠᠪᠤᠴᠠ ᠶᠢ ᠪᠣᠯᠪᠠᠰᠤᠷᠠᠩᠭᠤᠢ ᠡᠵᠡᠮᠰᠢᠬᠦ ᠶᠢ ᠠᠬᠢᠭᠤᠯᠵᠤ᠂ ᠺᠣᠳ᠋ ᠰᠢᠷᠪᠢᠬᠦ᠂ ᠳᠠᠩᠰᠠᠯᠠᠬᠤ᠂ ᠦᠯᠢᠭᠡᠷ ᠶᠠᠩᠵᠤ ᠠᠪᠬᠤ ᠵᠡᠷᠭᠡ ᠡᠯ᠎ᠡ ᠭᠤᠭᠴᠤᠭ᠎ᠠ ᠶᠢ ᠵᠠᠪᠰᠠᠷ ᠦᠭᠡᠢ ᠵᠣᠯᠭᠠᠭᠤᠯᠬᠤ ᠶᠢ ᠦᠨᠡᠨ ᠬᠦ ᠪᠠᠲᠤᠯᠠᠵᠤ᠂ ᠦᠯᠢᠭᠡᠷ ᠶᠠᠩᠵᠤ ᠠᠪᠬᠤ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠰᠢᠯᠭᠠᠨ ᠪᠠᠶᠢᠴᠠᠭᠠᠬᠤ ᠠᠵᠢᠯᠲᠠᠳ ᠤᠨ ᠬᠦᠯᠢᠶᠡᠬᠦ ᠴᠠᠭ ᠢ ᠪᠠᠭᠠᠰᠬᠠᠬᠤ ᠬᠡᠷᠡᠭᠲᠡᠢ  ᠃ ᠴᠢᠬᠤᠯᠠᠲᠠᠶ ᠪᠣᠯ ᠵᠠᠪᠠᠯ ᠪᠠᠲᠤᠯᠠᠵᠤ᠂ ᠪᠡᠯᠡᠳᠬᠡᠯ ᠲᠠᠢ ᠪᠣᠯ ᠪᠠᠯᠠᠳᠠᠬᠤ ᠥᠬᠡᠶ ᠪᠠᠶᠢᠬᠤ ᠶᠢ ᠪᠡᠶᠡᠯᠡᠭᠦᠯᠵᠦ᠂ ᠠᠵᠢᠯ ᠤᠨ ᠪᠣᠳᠠᠲᠤ ᠪᠠᠶᠢᠳᠠᠯ ᠪᠣᠯᠤᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠨᠠᠷᠢᠨ ᠬᠢᠨᠠᠮᠠᠭᠠᠶ ᠥᠷᠨᠢᠭᠦᠯᠵᠦ᠂ ᠪᠠᠭᠤᠷᠠᠶ ᠭᠤᠭᠴᠤᠭ᠎ᠠ ᠪᠠᠨ ᠯᠠᠪᠳᠠᠭᠤᠨ ᠪᠠᠲᠤᠲᠠᠶ ᠰᠠᠶᠢᠵᠢᠷᠠᠭᠤᠯᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠵᠣᠬᠢᠶᠠᠨ ᠪᠠᠶᠢᠭᠤᠯᠵᠤ ᠳᠠᠶᠢᠴᠢᠯᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠣᠯᠠᠨ ᠡᠰᠢᠴᠢᠯᠡᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ  ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号