ᠰᠢᠭᠤᠶᠢᠲᠤ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠠᠴᠠ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠤᠨ ᠠᠵᠢᠯᠲᠠᠨ ᠠᠵᠢᠯᠴᠢᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2021/11/8
      2021 ᠣᠨ ᠤ 11 ᠰᠠᠷ᠎ᠠ ᠶᠢᠨ 2 ᠤᠨ ᠡᠳᠦᠷ᠂ ᠰᠢᠭᠤᠶᠢᠲᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠶᠢᠨ ᠵᠧᠩ ᠲᠣᠮᠣ ᠠᠰᠠᠷ ᠤᠨ A ᠠᠷᠤ ᠶᠢᠨ ᠠᠭᠤᠳᠠᠮ ᠲᠠᠯᠠᠪᠠᠶ ᠳᠤ ᠬᠢᠵᠢᠭ ᠢ ᠰᠡᠷᠭᠡᠶᠢᠯᠡᠬᠦ ᠡᠮᠦᠨ᠎ᠡ ᠹᠷᠣᠨᠲ  ᠲᠤ ᠡᠷᠡᠯᠬᠡᠭᠯᠡᠨ ᠲᠡᠮᠡᠴᠡᠵᠦ ᠪᠠᠶᠢᠭ᠎ᠠ ᠡᠯ᠎ᠡ ᠨᠢᠭᠡᠴᠡ ᠶᠢᠨ ᠠᠵᠢᠯᠲᠠᠨ ᠢ ᠲᠥᠪᠯᠡᠷᠡᠭᠦᠯᠦᠨ ᠵᠣᠬᠢᠶᠠᠨ ᠪᠠᠶᠢᠭᠤᠯᠵᠤ ᠲᠣᠬᠤᠨᠢᠭᠤᠯᠪᠠ  ᠃     10 ᠰᠠᠷ᠎ᠠ ᠶᠢᠨ 24 ᠤ ᠡᠳᠦᠷ ᠠᠴᠠ ᠰᠡᠭᠦᠯᠡᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠠᠶᠢᠮᠠᠭ᠂ ᠬᠥᠬᠡᠬᠤᠲᠠ ᠵᠡᠷᠭᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠪᠣᠯᠤᠭᠰᠠᠨ ᠠᠴᠠ᠂ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠵᠠᠯᠭᠠᠭ᠎ᠠ ᠪᠠᠷ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠪᠥᠬᠦ ᠣᠷᠣᠨ  ᠤ ᠺᠠᠳ᠋ᠷ ᠠᠵᠢᠯᠲᠠᠨ ᠠᠵᠢᠯ ᠢᠶᠠᠨ ᠬᠠᠶᠠᠵᠤ ᠨᠢᠭᠡᠳᠦᠭᠡᠷ ᠹᠷᠣᠨᠲ ᠲᠤ ᠬᠦᠷᠴᠦ᠂ ᠬᠢᠵᠢᠭ ᠤᠨ ᠪᠠᠶᠢᠳᠠᠯ ᠲᠠᠢ ᠬᠠᠮᠲᠤ  ᠪᠠᠷ ᠪᠠᠶᠢᠯᠳᠤᠪᠠ  ᠃ ᠰᠢᠭᠤᠶᠢᠲᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠪᠠᠶᠢᠭᠤᠯᠭ᠎ᠠ ᠶᠢᠨ ᠠᠵᠢᠯᠳᠠᠨ ᠠᠵᠢᠯᠴᠢᠨ ᠳᠤ ᠳᠥᠭᠦᠮ ᠭᠤᠯᠢᠷ ᠲᠦᠷᠭᠡᠨ ᠢᠳᠡᠭᠡᠨ ᠬᠦᠷᠭᠡᠵᠦ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠨᠳᠦᠰᠦᠨ ᠱᠠᠲᠤᠨ ᠤ ᠨᠢᠭᠡᠴᠢ ᠶᠢ ᠲᠣᠬᠤᠨᠢᠭᠤᠯᠬᠤ ᠶᠢᠨ ᠬᠠᠮᠲᠤ ᠡᠮᠦᠨ᠎ᠡ ᠹᠷᠣᠨᠲ ᠤᠨ ᠠᠵᠢᠯᠳᠠᠨ ᠠᠵᠢᠯᠴᠢᠨ ᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ  ᠃ ᠡᠳ᠋ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠲᠣᠬᠤᠨᠢᠭᠤᠯᠬᠤ ᠪᠣᠳᠠᠰ ᠢ ᠣᠯᠤᠭᠰᠠᠨ ᠤ ᠳᠠᠷᠠᠭ᠎ᠠ᠂ ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠤᠨ ᠠᠵᠢᠯᠲᠠᠨ ᠳᠤ ᠬᠠᠮᠤᠭ ᠤᠨ ᠲᠡᠷᠢᠭᠦᠨ ᠳᠤ ᠲᠠᠷᠬᠠᠭᠠᠪᠠ  ᠃      ᠣᠶᠢᠯᠠᠭᠠᠭᠰᠠᠨ ᠢᠶᠠᠷ᠂ ᠣᠷᠣᠨ ᠤ ᠠᠵᠢᠯᠴᠢᠨ ᠤ ᠶᠡᠷᠦᠩᠬᠡᠶ ᠡᠪᠯᠡᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠦᠷᠭᠦᠯᠵᠢᠯᠡᠨ ᠬᠦᠴᠦᠨ ᠨᠡᠮᠡᠷᠢᠯᠡᠵᠦ᠂ ᠡᠮᠦᠨ᠎ᠡ ᠹᠷᠣᠨᠲ ᠤᠨ ᠥᠷᠭᠡᠨ ᠣᠯᠠᠨ ᠠᠵᠢᠯᠲᠠᠨ ᠢ ᠶᠡᠭᠡ ᠪᠠᠷ ᠳᠡᠮᠵᠢᠨ ᠬᠠᠯᠠᠮᠵᠢᠯᠠᠵᠤ᠂ ᠠᠵᠢᠯᠴᠢᠨ ᠤ ᠡᠪᠯᠡᠯ ᠤᠨ 《 ᠲᠥᠷᠬᠦᠮ ᠤᠨ ᠬᠥᠮᠦᠨ 》 ᠤ ᠦᠶᠯᠡᠳᠦᠯ ᠢ ᠦᠨᠡᠨ ᠬᠦ ᠪᠠᠳᠠᠷᠠᠭᠤᠯᠵᠤ᠂ ᠠᠵᠢᠯ ᠢᠶᠠᠨ ᠢᠳᠡᠪᠬᠢᠲᠡᠶ ᠭᠦᠶᠴᠡᠳᠬᠡᠨ᠎ᠡ  ᠃ ᠬᠤᠷᠠᠯ ᠤᠨ ᠬᠠᠷᠢᠭᠤᠴᠠᠯᠭ᠎ᠠ᠂ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠤᠯᠬᠤ ᠳᠤ ᠠᠵᠢᠯᠴᠢᠨ ᠤ ᠡᠪᠯᠡᠯ ᠤᠨ ᠬᠦᠴᠦᠨ ᠴᠢᠳᠠᠯ ᠢᠶᠠᠨ ᠡᠷᠭᠦᠨ᠎ᠡ  ᠃

 
ᠢᠷᠡᠯᠲᠡ᠄ ᠪᠤᠭᠤᠲᠤ ᠬᠤᠲᠠ ᠶᠢᠨ ᠬᠠᠮᠲᠤ ᠶᠢᠨ ᠲᠣᠬᠢᠷᠠᠭᠤᠯᠤᠨ ᠬᠦᠷᠭᠡᠬᠦ ᠪᠣᠳᠠᠰ ᠤᠨ ᠭᠦᠢᠯᠭᠡᠭᠡᠨ ᠤ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号