ᠨᠡᠶᠢᠭᠡᠮ ᠤᠨ ᠪᠠᠲᠤᠯᠠᠭ᠎ᠠ ᠶᠢᠨ ᠬᠠᠤᠯᠢ ᠶᠢ ᠲᠦᠭᠡᠮᠡᠯᠵᠢᠭᠦᠯᠬᠦ    ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠭᠥᠷᠳᠡᠵᠦ ᠪᠣᠯᠬᠤ ᠥᠬᠡᠶ︕
ᠨᠡᠶᠢᠲᠡᠯᠡᠭᠰᠡᠨ ᠴᠠᠭ᠄
2021/12/10
     ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠪᠣᠯ ᠠᠷᠠᠳ ᠣᠯᠠᠨ ᠤ 《 ᠠᠮᠢ ᠵᠢᠭᠤᠬᠤ ᠵᠣᠭᠤᠰ 》 ᠮᠥᠨ᠂ ᠲᠡᠷᠡ ᠨᠢ ᠠᠷᠠᠳ ᠣᠯᠠᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠳᠠᠭ  ᠃ ᠨᠡᠶᠢᠭᠡᠮ  ᠤᠨ ᠳᠠᠭᠠᠳᠬᠠᠯ ᠤᠨ ᠰᠠᠭᠤᠷᠢ ᠮᠥᠩᠭᠦ ᠶᠢ ᠮᠠᠭᠤ ᠰᠠᠨᠠᠭ᠎ᠠ ᠪᠠᠷ ᠮᠡᠬᠡᠯᠡᠨ ᠠᠪᠤᠭᠰᠠᠨ᠂ ᠬᠠᠭᠤᠷᠮᠠᠭᠯᠠᠨ ᠠᠪᠤᠭᠰᠠᠨ ᠪᠤᠶᠤ ᠳᠠᠬᠢᠨ ᠳᠠᠪᠲᠠᠨ ᠠᠪᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠴᠢᠩᠭ᠎ᠠ ᠴᠣᠬᠢᠯᠲᠠ ᠥᠭᠭᠦᠨ᠎ᠡ  ᠃      ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠣᠯ ᠨᠡᠶᠢᠭᠡᠮ ᠤᠨ ᠳᠠᠭᠠᠳᠬᠠᠯ ᠳᠠᠬᠢ ᠬᠠᠮᠤᠭ ᠤᠨ ᠴᠢᠬᠤᠯᠠ ᠳᠠᠭᠠᠳᠬᠠᠯ ᠤᠨ ᠲᠦᠷᠦᠯ ᠵᠦᠢᠯ ᠤᠨ ᠨᠢᠭᠡ ᠮᠥᠨ᠂ ᠲᠡᠷᠡ ᠨᠢ ᠨᠠᠰᠤᠲᠠᠶᠢᠴᠤᠳ ᠲᠤ ᠠᠮᠢᠳᠤᠷᠠᠯ ᠤᠨ ᠦᠨᠳᠦᠰᠦᠨ ᠪᠠᠲᠤᠯᠠᠭ᠎ᠠ ᠬᠠᠩᠭᠠᠵᠤ᠂ ᠨᠠᠰᠤᠲᠠᠶᠢᠴᠤᠳ ᠢ ᠠᠰᠠᠷᠠᠮᠵᠢ ᠲᠠᠢ ᠪᠣᠯᠭᠠᠵᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠤᠯᠬᠤ ᠨᠢ ᠬᠤᠵᠢᠮ ᠥᠲᠡᠯᠦᠭᠰᠡᠨ ᠤ ᠳᠠᠷᠠᠭᠠᠬᠢ ᠠᠮᠢᠳᠤᠷᠠᠯ ᠢ ᠪᠠᠲᠤᠯᠠᠭ᠎ᠠ ᠲᠠᠢ ᠪᠣᠯᠭᠠᠵᠤ ᠂ ᠨᠡᠶᠢᠭᠡᠮ ᠤᠨ ᠬᠥᠭᠵᠢᠯᠲᠡ ᠳᠤ ᠲᠤᠶᠢᠯ ᠤᠨ ᠴᠢᠬᠤᠯᠠ ᠦᠢᠯᠡᠳᠦᠯ ᠲᠠᠢ ᠶᠤᠮ  ᠃ ᠤᠯᠤᠰ ᠠᠴᠠ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢ ᠴᠢᠩᠭ᠎ᠠ ᠬᠢᠨᠠᠵᠤ ᠬᠠᠮᠢᠶᠠᠷᠤᠨ᠎ᠠ ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠡᠯ᠎ᠡ ᠵᠦᠢᠯ ᠤᠨ ᠬᠡᠯᠪᠡᠷᠢ ᠪᠠᠷ ᠮᠡᠬᠡᠯᠡᠨ ᠠᠪᠤᠭᠰᠠᠨ ᠠᠵᠢᠯᠯᠠᠭ᠎ᠠ ᠪᠣᠯ ᠴᠥᠮ ᠬᠠᠤᠯᠢ ᠠᠴᠠ ᠵᠥᠷᠢᠴᠡᠭᠰᠡᠨ ᠠᠵᠢᠯᠯᠠᠭ᠎ᠠ ᠮᠥᠨ᠂ ᠮᠡᠬᠡᠯᠡᠨ ᠠᠪᠤᠭᠰᠠᠨ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠᠶᠢᠪᠠᠯ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠪᠣᠯᠤᠨ᠎ᠠ  ᠃ᠶᠠᠮᠠᠷ ᠶᠠᠮᠠᠷ ᠦᠢᠯᠡ ᠠᠵᠢᠯᠯᠠᠭ᠎ᠠ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠲᠣᠭᠠᠴᠠᠭᠳᠠᠨ᠎ᠠ ᠪᠤᠢ᠃      ᠨᠠᠰᠤ ᠵᠢᠯ᠂ ᠣᠨᠴᠣᠭᠤᠶ ᠠᠵᠢᠯ ᠤᠨ ᠲᠥᠷᠥᠯ ᠤᠨ ᠮᠠᠲ᠋ᠧᠷᠢᠶᠠᠯ᠂ ᠡᠪᠡᠳᠴᠢᠨ ᠢᠶᠠᠷ ᠠᠵᠢᠯ ᠠᠴᠠ ᠪᠠᠨ ᠪᠠᠭᠤᠭᠰᠠᠨ ᠮᠠᠲ᠋ᠧᠷᠢᠶᠠᠯ ᠵᠡᠷᠭᠡ ᠶᠢ ᠬᠠᠭᠤᠷᠮᠠᠭ ᠢᠶᠠᠷ ᠵᠣᠬᠢᠶᠠᠬᠤ᠂ ᠬᠤᠪᠢᠷᠠᠭᠤᠯᠤᠨ ᠵᠣᠬᠢᠶᠠᠬᠤ ᠪᠠᠷ ᠳᠠᠮᠵᠢᠭᠤᠯᠤᠨ᠂ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢ ᠤᠷᠢᠳᠴᠢᠯᠠᠨ ᠠᠪᠬᠤ ᠬᠡᠷᠡᠭᠲᠡᠶ  ᠃      ᠠᠵᠢᠯᠯᠠᠭᠰᠠᠨ ᠣᠨ ᠵᠢᠯ ᠤᠨ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠬᠤ᠂ ᠬᠤᠪᠢᠷᠠᠭᠤᠯᠤᠨ ᠵᠣᠬᠢᠶᠠᠬᠤ ᠪᠠᠷ ᠳᠠᠮᠵᠢᠭᠤᠯᠤᠨ᠂ ᠵᠠᠷᠤᠳᠠᠯ ᠲᠤᠰᠢᠶᠠᠭᠰᠠᠨ ᠣᠨ ᠵᠢᠯ ᠢ ᠨᠡᠮᠡᠵᠦ᠂ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢ ᠠᠪᠬᠤ ᠬᠡᠷᠡᠭᠲᠡᠶ  ᠃ ᠳᠠᠩᠰᠠ ᠡᠪᠬᠡᠮᠡᠯ ᠢ ᠬᠠᠭᠤᠷᠮᠠᠭᠯᠠᠨ ᠵᠣᠬᠢᠶᠠᠬᠤ᠂ ᠬᠤᠪᠢᠷᠠᠭᠤᠯᠤᠨ ᠵᠣᠬᠢᠶᠠᠬᠤ ᠪᠠᠷ ᠳᠠᠮᠵᠢᠨ ᠬᠤᠳᠠᠯ ᠬᠠᠭᠤᠷᠮᠠᠭ ᠮᠠᠲ᠋ᠧᠷᠢᠶᠠᠯ ᠭᠠᠷᠭᠠᠵᠤ ᠥᠭᠬᠦ᠂ ᠬᠤᠪᠢ ᠬᠥᠮᠦᠨ ᠵᠢᠴᠢ ᠨᠢᠭᠡᠴᠡ ᠶᠢᠨ ᠮᠡᠳᠡᠭᠡ ᠵᠠᠩᠭᠢ ᠶᠢ ᠬᠤᠳᠠᠯ ᠢᠶᠠᠷ ᠮᠡᠳᠡᠭᠦᠯᠬᠦ᠂ ᠨᠢᠭᠤᠨ ᠳᠠᠯᠳᠠᠯᠠᠬᠤ ᠪᠤᠶᠤ ᠪᠤᠰᠤᠳ ᠬᠥᠮᠦᠨ ᠤ ᠪᠡᠶ᠎ᠡ ᠶᠢᠨ ᠭᠠᠷᠤᠯ ᠵᠡᠷᠭᠡ ᠶᠢ ᠬᠠᠭᠤᠷᠮᠠᠭᠯᠠᠨ ᠬᠡᠷᠡᠭᠯᠡᠵᠦ᠂ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢ ᠠᠪᠬᠤ ᠪᠤᠶᠤ ᠰᠠᠭᠤᠷᠢ ᠮᠥᠩᠭᠦ ᠶᠢᠨ ᠵᠠᠷᠤᠯᠭ᠎ᠠ ᠶᠢ ᠪᠤᠶ ᠪᠣᠯᠭᠠᠨ᠎ᠠ︔      ᠳᠠᠩᠰᠠ ᠡᠪᠬᠡᠮᠡᠯ ᠪᠤᠶᠤ ᠬᠥᠳᠡᠯᠮᠦᠷᠢ ᠶᠢᠨ ᠬᠠᠷᠢᠴᠠᠭ᠎ᠠ ᠶᠢ ᠭᠡᠷᠡᠴᠢᠯᠡᠬᠦ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠬᠤ᠂ ᠬᠤᠪᠢᠷᠠᠭᠤᠯᠤᠨ ᠵᠣᠬᠢᠶᠠᠬᠤ ᠪᠠᠷ ᠳᠠᠮᠵᠢᠭᠤᠯᠤᠨ᠂ ᠬᠤᠪᠢ ᠬᠥᠮᠦᠨ ᠵᠢᠴᠢ ᠨᠢᠭᠡᠴᠡ ᠶᠢᠨ ᠮᠡᠳᠡᠭᠡ ᠵᠠᠩᠭᠢ  ᠶᠢ ᠬᠤᠳᠠᠯ ᠢᠶᠠᠷ ᠮᠡᠳᠡᠭᠦᠯᠬᠦ᠂ ᠨᠢᠭᠤᠨ ᠳᠠᠯᠳᠠᠯᠠᠬᠤ᠂ ᠨᠠᠰᠤᠵᠢᠯ ᠤᠨ ᠳᠠᠭᠠᠳᠬᠠᠯ ᠢ ᠨᠥᠬᠦᠪᠥᠷᠢᠯᠡᠨ ᠲᠤᠰᠢᠶᠠᠬᠤ ᠲᠤᠬᠠᠶᠢᠯᠠᠭᠰᠠᠨ ᠠᠵᠢᠯ ᠢ ᠭᠤᠶᠤᠴᠢᠯᠠᠬᠤ ᠶᠢᠨ ᠬᠠᠮᠲᠤ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢ ᠠᠪᠤᠨ᠎ᠠ  ᠃ ᠦᠬᠦᠭᠰᠡᠨ ᠪᠤᠶᠤ ᠡᠷᠡᠭᠦᠦ ᠰᠢᠳᠬᠡᠯ ᠭᠦᠢᠴᠡᠳᠬᠡᠬᠦ ᠵᠡᠷᠭᠡ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠠᠪᠬᠤ ᠬᠢᠷᠢ ᠬᠡᠮ ᠢᠶᠠᠨ ᠠᠯᠳᠠᠭᠰᠠᠨ ᠢᠶᠠᠨ ᠨᠢᠭᠤᠬᠤ ᠪᠠᠷ ᠳᠠᠮᠵᠢᠭᠤᠯᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠠᠪᠤᠨ᠎ᠠ  ᠃      ᠨᠡᠶᠢᠭᠡᠮ ᠤᠨ ᠳᠠᠭᠠᠳᠬᠠᠯ ᠤᠨ ᠬᠤᠯᠪᠣᠭᠳᠠᠯ ᠪᠦᠬᠦᠢ ᠲᠣᠭᠲᠠᠭᠠᠯ ᠠᠴᠠ ᠵᠥᠷᠢᠴᠡᠵᠦ᠂ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠳᠤ ᠬᠤᠬᠢᠷᠠᠯ ᠤᠴᠠᠷᠠᠭᠤᠯᠤᠭᠰᠠᠨ ᠪᠤᠰᠤᠳ ᠦᠢᠯᠡ ᠠᠵᠢᠯᠯᠠᠭ᠎ᠠ  ᠃     ᠲᠠᠬᠢᠭᠠᠳ ᠬᠡᠳᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ ᠮᠡᠬᠡᠯᠡᠨ ᠠᠪᠤᠭᠰᠠᠨ ᠠᠴᠠ ᠪᠣᠯᠵᠤ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ ᠬᠡᠷᠡᠭ ᠤᠨ ᠵᠢᠱᠢᠶ᠎ᠡ  ᠦᠵᠡᠶ᠎ᠡ᠃ᠤᠯᠠᠨ ᠢᠶᠠᠷ ᠢᠶᠠᠨ ᠡᠭᠦᠨ  ᠢᠶᠠᠷ ᠴᠡᠭᠡᠷᠯᠡᠯ ᠪᠣᠯᠭᠠᠬᠤ ᠶᠢ ᠬᠦᠰᠡᠵᠦ ᠪᠠᠶᠢᠨ᠎ᠠ  ᠃      ᠬᠥᠳᠡᠯᠮᠦᠷᠢ ᠶᠢᠨ ᠬᠠᠷᠢᠴᠠᠭ᠎ᠠ ᠶᠢ ᠨᠥᠬᠦᠵᠦ ᠲᠤᠰᠢᠶᠠᠯᠭᠠᠬᠤ ᠪᠠᠷ ᠰᠢᠯᠵᠢᠭᠦᠯᠬᠦ ᠡᠷᠡᠭᠦᠦ ᠪᠠᠷ ᠰᠢᠳᠬᠡᠭᠰᠡᠨ ᠨᠢᠭᠡᠨ ᠬᠤᠲᠠ ᠶᠢᠨ ᠨᠡᠶᠢᠭᠡᠮ ᠤᠨ ᠳᠠᠭᠠᠳᠬᠠᠯ ᠤᠨ ᠭᠠᠷᠳᠠᠨ ᠬᠢᠬᠦ ᠪᠠᠶᠢᠭᠤᠯᠤᠮᠵᠢ ᠮᠡᠳᠡᠭᠡ ᠵᠠᠩᠭᠢ ᠶᠢᠨ ᠬᠠᠷᠢᠴᠠᠭᠤᠯᠤᠯ ᠢᠶᠠᠷ ᠳᠡᠮᠵᠢᠨ ᠬᠡᠰᠡᠭ ᠬᠥᠮᠦᠰ ᠤᠨ ᠲᠣᠭᠲᠠᠭᠠᠯ ᠢ ᠵᠥᠷᠢᠴᠡᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ ᠨᠥᠬᠦᠵᠦ ᠲᠤᠰᠢᠶᠠᠭᠰᠠᠨ ᠪᠤᠶᠤ ᠮᠡᠬᠡᠯᠡᠨ ᠠᠪᠤᠭᠰᠠᠨ ᠰᠡᠵᠢᠭᠯᠡᠯᠲᠡᠶ ᠪᠠᠶᠢᠬᠤ ᠶᠢ ᠣᠯᠵᠤ ᠮᠡᠳᠡᠵᠡᠶ᠂ ᠪᠠᠶᠢᠴᠠᠭᠠᠭᠰᠠᠨ ᠤ ᠳᠠᠷᠠᠭ᠎ᠠ᠂ ᠬᠠᠤᠯᠢ ᠪᠤᠰᠤ ᠵᠠᠭᠤᠴᠢ ᠺᠣᠮᠫᠠᠨᠢ 《 ᠵᠠᠭᠤᠴᠢ ᠶᠢᠨ ᠵᠠᠷᠤᠳᠠᠯ 》 ᠬᠤᠷᠢᠶᠠᠭᠰᠠᠨ ᠤ ᠳᠠᠷᠠᠭ᠎ᠠ᠂ ᠬᠤᠪᠢ ᠬᠥᠮᠦᠨ ᠤ ᠣᠨᠳᠣᠤ ᠭᠠᠵᠠᠷ ᠲᠤ ᠬᠥᠳᠡᠯᠮᠦᠷᠢ ᠶᠢᠨ ᠬᠠᠷᠢᠴᠠᠭ᠎ᠠ ᠶᠢ ᠬᠠᠭᠤᠷᠮᠠᠭ  ᠢᠶᠠᠷ ᠰᠤᠯᠠᠯᠠᠭᠰᠠᠨ ᠤ ᠳᠠᠷᠠᠭ᠎ᠠ ᠲᠣᠭᠲᠠᠭᠠᠯ ᠢ ᠵᠥᠷᠢᠴᠡᠨ ᠨᠥᠬᠦᠵᠦ ᠲᠤᠰᠢᠶᠠᠭᠰᠠᠨ ᠪᠥᠭᠡᠳ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠢᠴᠠᠭ᠎ᠠ ᠳᠤ ᠰᠢᠯᠵᠢᠭᠦᠯᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠮᠡᠬᠡᠯᠡᠨ ᠠᠪᠴᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠮᠡᠬᠡᠯᠡᠨ ᠠᠪᠤᠭᠰᠠᠨ ᠰᠠᠭᠤᠷᠢ ᠮᠥᠩᠭᠦ ᠶᠢ ᠪᠥᠬᠦ ᠲᠤᠭ᠎ᠠ ᠪᠠᠷ ᠨᠢ ᠨᠡᠬᠡᠮᠵᠢᠯᠡᠨ ᠠᠪᠴᠢᠷᠠᠭᠰᠠᠨ ᠪᠥᠭᠡᠳ ᠬᠡᠷᠡᠭ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠰᠢᠯᠵᠢᠭᠦᠯᠦᠨ ᠲᠤᠰᠢᠶᠠᠵᠤ᠂ ᠡᠴᠦᠰ ᠲᠡᠭᠡᠨ ᠠᠷᠠᠳ ᠤᠨ ᠰᠢᠭᠦᠬᠦ ᠬᠤᠷᠢᠶ᠎ᠠ ᠮᠡᠬᠡᠯᠡᠭᠰᠡᠨ ᠶᠠᠯ᠎ᠠ ᠪᠠᠷ 6 ᠲᠤᠬᠠᠶ ᠶᠢᠨ ᠬᠥᠮᠦᠨ ᠢ ᠳᠥᠷᠪᠡ ᠠᠴᠠ ᠵᠢᠷᠭᠤᠭᠠᠨ ᠰᠠᠷ᠎ᠠ ᠬᠤᠷᠢᠵᠤ ᠬᠥᠳᠡᠯᠮᠦᠷᠢᠯᠡᠭᠦᠯᠬᠦ ᠪᠠᠷ ᠰᠢᠳᠬᠡᠭᠰᠡᠨ ᠪᠥᠭᠡᠳ ᠨᠡᠶᠢᠲᠡ 22000 ᠲᠥᠭᠦᠷᠢᠭ ᠵᠣᠭᠤᠰ ᠢᠶᠠᠷ ᠲᠣᠷᠭᠠᠬᠤ ᠪᠠᠷ ᠰᠢᠳᠬᠡᠵᠡᠶ  ᠃      ᠨᠠᠰᠤ ᠠᠭᠢᠭᠰᠠᠨ ᠪᠣᠯᠬᠤᠷ ᠤᠷᠢᠳᠴᠢᠯᠠᠨ ᠨᠠᠰᠤᠨ ᠤ ᠠᠮᠠᠷᠠᠯᠲᠠ ᠠᠪᠤᠭᠤᠯᠵᠤ ᠡᠷᠡᠭᠦᠦ ᠰᠢᠳᠬᠡᠯ ᠢᠶᠠᠷ ᠰᠢᠳᠬᠡᠭᠳᠡᠪᠡ  ᠃ᠨᠢᠭᠡᠨ ᠳᠠᠭᠠᠳᠬᠠᠯ ᠳᠤ ᠣᠷᠣᠯᠴᠠᠭᠴᠢ ᠲᠥᠷᠥᠭᠰᠡᠨ ᠴᠠᠭ ᠤᠨ ᠬᠤᠳᠠᠯ ᠬᠠᠭᠤᠷᠮᠠᠭ ᠪᠡᠶ᠎ᠡ ᠶᠢᠨ ᠬᠢᠷᠢ ᠬᠡᠮ ᠤᠨ ᠮᠠᠲ᠋ᠧᠷᠢᠶᠠᠯ ᠢᠶᠠᠨ ᠳᠡᠪᠰᠢᠭᠦᠯᠦᠨ ᠲᠤᠰᠢᠶᠠᠬᠤ ᠪᠠᠷ ᠳᠡᠮᠵᠢᠨ᠂ ᠠᠵᠢᠯ ᠠᠴᠠ ᠪᠠᠨ ᠠᠮᠠᠷᠠᠬᠤ ᠨᠠᠰᠤᠨ  ᠳᠤ ᠬᠥᠷᠥᠭᠡ ᠥᠬᠡᠶ ᠪᠠᠶᠢᠳᠠᠯ ᠳᠣᠤᠷ᠎ᠠ ᠠᠵᠢᠯ ᠠᠴᠠ ᠪᠠᠨ ᠠᠮᠠᠷᠠᠬᠤ ᠭᠠᠷ ᠭᠦᠶᠴᠡᠳᠬᠡᠯ ᠬᠢᠵᠦ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠮᠡᠬᠡᠯᠡᠨ ᠠᠪᠴᠠᠶ  ᠃ ᠰᠡᠭᠦᠯᠡᠷ ᠨᠢ ᠨᠡᠶᠢᠭᠡᠮ ᠤᠨ ᠳᠠᠭᠠᠳᠬᠠᠯ ᠤᠨ ᠭᠠᠷᠳᠠᠨ ᠬᠢᠬᠦ ᠪᠠᠶᠢᠭᠤᠯᠤᠮᠵᠢ ᠶᠢᠨ ᠠᠵᠢᠯᠲᠠᠨ ᠲᠡᠭᠦᠨ ᠳᠤ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠡᠭᠡᠨ ᠲᠡᠭᠦᠨ ᠤ ᠬᠠᠭᠤᠷᠮᠠᠭᠯᠠᠨ ᠵᠣᠬᠢᠶᠠᠭᠰᠠᠨ ᠪᠠᠶᠢᠳᠠᠯ ᠢ ᠣᠯᠵᠤ ᠮᠡᠳᠡᠭᠡᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠲᠤᠷᠰᠢᠨ ᠪᠠᠶᠢᠴᠠᠭᠠᠯᠭᠠᠭᠠᠳ᠂ ᠡᠴᠦᠰ ᠲᠡᠭᠡᠨ ᠲᠡᠭᠦᠨ ᠢ ᠠᠷᠠᠳ ᠤᠨ ᠰᠢᠭᠦᠬᠦ ᠬᠤᠷᠢᠶ᠎ᠠ ᠮᠡᠬᠡᠯᠡᠭᠰᠡᠨ ᠶᠠᠯ᠎ᠠ ᠪᠠᠷ ᠬᠤᠶᠠᠷ ᠵᠢᠯ ᠤᠨ ᠠᠷᠪᠠᠨ ᠨᠢᠭᠡᠨ ᠰᠠᠷ᠎ᠠ ᠶᠢᠨ ᠬᠤᠭᠤᠴᠠᠭ᠎ᠠ ᠲᠠᠢ ᠬᠤᠷᠢᠬᠤ ᠡᠷᠡᠭᠦᠦ ᠪᠠᠷ ᠰᠢᠳᠬᠡᠪᠡ  ᠃      ᠮᠠᠲ᠋ᠧᠷᠢᠶᠠᠯ ᠬᠠᠭᠤᠷᠮᠠᠭᠯᠠᠨ ᠵᠣᠬᠢᠶᠠᠵᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠭᠠᠳ ᠡᠷᠡᠭᠦᠦ ᠪᠠᠷ ᠰᠢᠳᠬᠡᠭᠳᠡᠪᠡ  ᠃ᠨᠢᠭᠡᠨ ᠬᠤᠲᠠ ᠶᠢᠨ ᠨᠡᠶᠢᠭᠡᠮ ᠤᠨ ᠳᠠᠭᠠᠳᠬᠠᠯ ᠤᠨ ᠭᠠᠷᠳᠠᠨ ᠬᠢᠬᠦ ᠪᠠᠶᠢᠭᠤᠯᠤᠮᠵᠢ ᠶᠢᠨ ᠠᠵᠢᠯᠲᠠᠨ 《 ᠪᠠᠶᠢᠭᠤᠯᠭ᠎ᠠ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠲᠤᠰᠢᠶᠠᠬᠤ ᠶᠢ ᠨᠢᠭᠡ ᠯᠡ ᠤᠳᠠᠭ᠎ᠠ ᠳᠡᠭᠡᠷ᠎ᠡ ᠬᠢᠨᠠᠨ ᠬᠠᠷᠭᠤᠭᠤᠯᠬᠤ 》 ᠲᠤᠬᠠᠶᠢᠯᠠᠭᠰᠠᠨ ᠠᠵᠢᠯ ᠢ ᠭᠦᠢᠴᠡᠳᠬᠡᠬᠦ ᠦᠶ᠎ᠡ ᠳᠤ ᠬᠡᠰᠡᠭ ᠭᠤᠶᠤᠴᠢᠯᠠᠯ ᠤᠨ ᠮᠠᠲ᠋ᠧᠷᠢᠶᠠᠯ ᠳᠤ ᠠᠯᠪᠠᠨ ᠲᠠᠮᠠᠭ᠎ᠠ ᠶᠢ ᠬᠠᠭᠤᠷᠮᠠᠭᠯᠠᠨ ᠵᠣᠬᠢᠶᠠᠭᠰᠠᠨ ᠰᠡᠵᠢᠭ  ᠲᠠᠢ ᠪᠠᠶᠢᠬᠤ ᠶᠢ ᠣᠯᠵᠤ ᠮᠡᠳᠡᠵᠡᠢ  ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠲᠤᠬᠠᠶ ᠶᠢᠨ ᠭᠠᠵᠠᠷ ᠤᠨ ᠪᠠᠶᠢᠴᠠᠭᠠᠯᠲᠠ ᠠᠴᠠ ᠣᠯᠵᠤ ᠮᠡᠳᠡᠭᠰᠡᠨ ᠨᠢ᠂ ᠰᠦᠶᠳᠬᠡᠯ ᠲᠤᠰᠢᠶᠠᠬᠤ ᠬᠥᠮᠦᠨ ᠳᠤᠮᠳᠠᠴᠢ ᠶᠢᠨ ᠭᠤᠶᠤᠴᠢᠯᠠᠬᠤ ᠪᠤᠰᠤ ᠮᠠᠲ᠋ᠧᠷᠢᠶᠠᠯ ᠳᠤ ᠵᠢᠭᠰᠠᠭᠠᠭᠰᠠᠨ ᠨᠢᠭᠡᠴᠢ ᠶᠢᠨ ᠠᠵᠢᠯᠲᠠᠨ ᠠᠵᠢᠯᠴᠢᠨ ᠪᠣᠯ ᠬᠠᠤᠯᠢ ᠪᠤᠰᠤ ᠵᠠᠭᠤᠴᠢ ᠪᠠᠶᠢᠭᠤᠯᠤᠮᠵᠢ 《 ᠵᠠᠭᠤᠴᠢ ᠶᠢᠨ ᠰᠦᠶᠳᠬᠡᠯ 》 ᠬᠤᠷᠢᠶᠠᠭᠰᠠᠨ ᠤ ᠳᠠᠷᠠᠭ᠎ᠠ ᠬᠤᠪᠢ ᠬᠥᠮᠦᠨ ᠤ ᠮᠠᠲ᠋ᠧᠷᠢᠶᠠᠯ ᠢᠶᠠᠨ ᠬᠠᠭᠤᠷᠮᠠᠭᠯᠠᠨ ᠵᠣᠬᠢᠶᠠᠵᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠭᠠᠷ ᠭᠦᠶᠴᠡᠳᠬᠡᠯ ᠬᠢᠵᠦ᠂ ᠨᠠᠰᠤᠵᠢᠯ ᠤᠨ ᠠᠰᠠᠷᠠᠮᠵᠢ ᠶᠢᠨ ᠮᠥᠩᠭᠦ ᠠᠪᠤᠨ᠎ᠠ  ᠃ ᠡᠴᠦᠰ ᠲᠡᠭᠡᠨ ᠲᠤᠰ ᠵᠠᠭᠤᠴᠢ ᠪᠠᠶᠢᠭᠤᠯᠤᠮᠵᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠠᠷᠠᠳ ᠤᠨ ᠰᠢᠭᠦᠬᠦ ᠬᠤᠷᠢᠶ᠎ᠠ ᠮᠡᠬᠡᠯᠡᠭᠰᠡᠨ ᠶᠠᠯ᠎ᠠ ᠪᠠᠷ ᠬᠤᠶᠠᠷ ᠵᠢᠯ ᠤᠨ ᠭᠠᠳᠠᠨ᠎ᠠ ᠳᠥᠷᠪᠡᠨ ᠰᠠᠷ᠎ᠠ ᠬᠤᠷᠢᠬᠤ ᠪᠠᠷ ᠰᠢᠳᠬᠡᠵᠡᠶ  ᠃      ᠭᠡᠷ ᠪᠦᠯᠢ ᠶᠢᠨ ᠬᠢᠨ ᠨᠢ ᠥᠭᠦᠭᠰᠡᠨ ᠪᠣᠳᠠᠲᠤ ᠬᠡᠷᠡᠭ ᠢ ᠨᠢᠭᠤᠨ ᠳᠠᠯᠳᠠᠯᠠᠭᠠᠳ ᠨᠠᠰᠤᠵᠢᠯ ᠤᠨ ᠠᠰᠠᠷᠠᠮᠵᠢ  ᠶᠢᠨ ᠮᠥᠩᠭᠦ ᠶᠢ ᠮᠡᠬᠡᠯᠡᠨ ᠠᠪᠴᠤ ᠡᠷᠡᠭᠦᠦ ᠪᠠᠷ ᠰᠢᠳᠬᠡᠭᠳᠡᠪᠡ  ᠃ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ ᠬᠠᠷᠠᠭᠠᠯᠵᠠᠯ ᠢ ᠠᠪᠤᠭᠰᠠᠨ ᠴᠧᠨ ᠣᠪᠣᠭᠲᠤ ᠨᠠᠰᠤ ᠪᠠᠷᠠᠭᠰᠠᠨ ᠤ ᠳᠠᠷᠠᠭ᠎ᠠ᠂ ᠲᠡᠭᠦᠨ  ᠤ ᠭᠡᠷ ᠪᠦᠯᠢ ᠶᠢᠨ ᠬᠢᠨ ᠨᠡᠶᠢᠭᠡᠮ ᠤᠨ ᠳᠠᠭᠠᠳᠬᠠᠯ ᠤᠨ ᠭᠠᠷᠳᠠᠨ ᠬᠢᠬᠦ ᠪᠠᠶᠢᠭᠤᠯᠤᠮᠵᠢ ᠳᠤ ᠮᠡᠳᠡᠭᠦᠯᠬᠦ ᠦᠭᠡᠢ ᠪᠥᠭᠡᠳ ᠣᠨ ᠤ ᠣᠷᠣᠰᠢᠨ ᠲᠣᠭᠲᠠᠨᠢᠬᠤ ᠭᠡᠷᠡᠴᠢᠯᠡᠯ ᠬᠢᠬᠦ ᠳᠡᠭᠡᠨ ᠬᠤᠳᠠᠯ ᠬᠠᠭᠤᠷᠮᠠᠭ ᠡᠷᠡᠭᠦᠯ ᠮᠡᠨᠳᠦ ᠶᠢᠨ ᠭᠡᠷᠡᠴᠢ ᠬᠠᠩᠭᠠᠵᠤ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠬᠠᠭᠤᠷᠮᠠᠭᠯᠠᠨ ᠠᠪᠤᠪᠠ  ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠰᠠᠯᠠᠭ᠎ᠠ ᠮᠥᠴᠢᠷ ᠠᠯᠤᠰᠯᠠᠭᠰᠠᠨ ᠮᠡᠳᠡᠭᠡ ᠵᠠᠩᠭᠢ  ᠶᠢᠨ ᠬᠠᠷᠢᠴᠠᠭᠤᠯᠤᠯ ᠢᠶᠠᠷ ᠳᠡᠮᠵᠢᠨ ᠴᠧᠨ ᠣᠪᠣᠭᠲᠤ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠰᠢᠰᠲ᠋ᠧᠮ  ᠳᠤ ᠳᠠᠩᠰᠠᠯᠠᠭᠤᠯᠤᠭᠰᠠᠨ ᠪᠠᠶᠢᠳᠠᠯ ᠨᠢ ᠨᠢᠭᠡᠨᠲᠡ ᠥᠭᠦᠭᠰᠡᠨ ᠢ ᠣᠯᠵᠤ ᠮᠡᠳᠡᠵᠡᠶ᠂ ᠲᠡᠭᠡᠭᠡᠳ ᠬᠡᠷᠡᠭ ᠢ ᠳᠣᠲᠣᠭᠠᠳᠤ  ᠶᠢ ᠬᠠᠮᠠᠭᠠᠯᠠᠬᠤ ᠪᠠᠶᠢᠭᠤᠯᠤᠯᠭ᠎ᠠ ᠳᠤ ᠰᠢᠯᠵᠢᠭᠦᠯᠦᠨ ᠬᠦᠷᠭᠡᠪᠡ  ᠃ ᠡᠴᠦᠰ ᠲᠡᠭᠡᠨ ᠴᠧᠨ ᠣᠪᠣᠭᠲᠤ ᠶᠢᠨ ᠭᠡᠷ ᠪᠦᠯᠢ  ᠶᠢᠨ ᠬᠢᠨ ᠢ ᠠᠷᠠᠳ ᠤᠨ ᠰᠢᠭᠦᠬᠦ ᠬᠤᠷᠢᠶ᠎ᠠ ᠮᠡᠬᠡᠯᠡᠭᠰᠡᠨ ᠶᠠᠯ᠎ᠠ ᠪᠠᠷ ᠭᠤᠷᠪᠠᠨ ᠵᠢᠯ ᠬᠤᠭᠤᠴᠠᠭ᠎ᠠ ᠲᠠᠢ ᠬᠤᠷᠢᠬᠤ ᠪᠠᠷ ᠰᠢᠳᠬᠡᠵᠡᠶ  ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠃
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号