12 ᠳ᠋ᠤᠭᠠᠷ ᠰᠠᠷ᠎ᠠ ᠶᠢᠨ 14 ᠤ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠂ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ | ᠵᠢᠱᠢᠶ᠎ᠡ 3 ︵ᠴᠥᠮ ᠬᠥᠯᠥᠨ ᠪᠤᠶᠢᠷ ᠤᠨ ᠮᠠᠨᠵᠤᠤᠷ ᠬᠤᠲᠠ ᠳᠤ ᠪᠤᠢ︶ ᠨᠡᠮᠡᠭᠳᠡᠪᠡ᠃ ᠲᠤᠬᠠᠢ ᠶᠢᠨ ᠭᠠᠵᠠᠷ ᠤᠨ | ᠲᠣᠳᠣᠯᠠᠭᠰᠠᠨ 10 ᠡᠪᠡᠳᠴᠢᠨ ᠤ ᠵᠢᠱᠢᠶ᠎ᠡ ︵ᠴᠥᠮ ᠬᠥᠯᠥᠨ ᠪᠤᠶᠢᠷ ᠤᠨ ᠮᠠᠨᠵᠤᠤᠷ ᠬᠤᠲᠠ ᠳᠤ ᠪᠤᠢ︶ | ᠡᠷᠡᠭᠦᠯᠵᠢᠵᠦ ᠡᠮᠨᠡᠯᠭᠡ ᠠᠴᠠ ᠭᠠᠷᠪᠠ᠃ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠨᠠᠷᠢᠨ | ᠪᠠᠶᠢᠳᠠᠯ ᠨᠢ ᠳᠣᠤᠷᠠᠬᠢ ᠮᠡᠲᠦ᠄ 549 — 551 ᠳ᠋ᠦ᠋ᠭᠡᠷ ᠲᠣᠳᠣᠯᠠᠭᠰᠠᠨ ᠡᠪᠡᠳᠴᠢᠨ ᠤ ᠵᠢᠱᠢᠶ᠎ᠡ᠄ ᠴᠥᠮ | ᠮᠠᠨᠵᠤᠤᠷ ᠬᠤᠲᠠ ᠶᠢᠨ ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳᠠᠬᠢ ᠪᠥᠭᠡᠮ ᠬᠦᠴᠢᠯ ᠤᠨ | ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ ᠤᠨ ᠳᠤᠭᠤᠶᠢᠯᠠᠩ ᠬᠠᠮᠲᠤᠷᠠᠨ ᠣᠨᠣᠰᠢᠯᠠᠵᠤ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠢᠶᠠᠷ ᠲᠣᠳᠣᠯᠠᠪᠠ᠃ ᠣᠳᠣᠬᠠᠨ ᠳᠤ᠂ ᠳᠡᠭᠡᠷ᠎ᠡ ᠳᠤᠷᠠᠳᠤᠭᠰᠠᠨ ᠬᠥᠮᠦᠰ ᠢ ᠴᠥᠮ | ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠲᠤᠰᠠᠭᠠᠷᠯᠠᠨ ᠡᠮᠴᠢᠯᠡᠬᠦ ᠪᠠ ᠲᠤᠰᠠᠭᠠᠷᠯᠠᠨ | ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠲᠠᠬᠤᠯ ᠡᠪᠡᠳᠴᠢᠨ ᠤ ᠪᠠᠶᠢᠴᠠᠭᠠᠯᠲᠠ᠂ ᠵᠢᠭᠰᠠᠭᠠᠨ ᠪᠠᠶᠢᠴᠠᠭᠠᠯᠲᠠ | ᠵᠡᠷᠭᠡ ᠬᠤᠯᠪᠣᠭᠳᠠᠯ ᠪᠦᠬᠦᠢ ᠠᠵᠢᠯ ᠢ ᠶᠠᠭ ᠶᠠᠪᠤᠭᠳᠠᠭᠤᠯᠵᠤ ᠪᠠᠶᠢᠨ᠎ᠠ᠃ 12 ᠳ᠋ᠤᠭᠠᠷ ᠰᠠᠷ᠎ᠠ ᠶᠢᠨ 14 ᠤ | ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ | ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 508 ︵ᠬᠥᠯᠥᠨ ᠪᠤᠶᠢᠷ ᠤᠨ ᠮᠠᠨᠵᠤᠤᠷ ᠬᠤᠲᠠ ᠳᠤ 497᠂ | ᠰᠢᠨ᠎ᠡ ᠪᠠᠷᠭᠤ ᠪᠠᠷᠠᠭᠤᠨ ᠬᠤᠰᠢᠭᠤᠨ ᠳᠤ 9 ᠪᠤᠢ︔ ᠮᠠᠨᠵᠤᠤᠷ ᠬᠤᠲᠠ ᠳᠤ ᠬᠤᠯᠪᠣᠭᠳᠠᠭᠰᠠᠨ ᠲᠣᠳᠣᠯᠠᠭᠰᠠᠨ 2 | ᠡᠪᠡᠳᠴᠢᠨ ᠤ ᠵᠢᠱᠢᠶ᠎ᠡ ᠨᠢ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠲᠤ ᠪᠣᠶ︶ ᠪᠠᠶᠢᠨ᠎ᠠ᠃ ᠴᠥᠮ ᠴᠡᠭ | ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ | ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ | ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ |