ᠨᠢᠭᠡ᠂ ᠰᠠᠯᠠᠭ᠎ᠠ ᠮᠥᠴᠢᠷ ᠤᠨ ᠡᠭᠦᠷᠭᠡ | 1 ᠪᠠᠶᠢᠭᠤᠯᠭ᠎ᠠ ᠶᠢᠨ ᠡᠭᠦᠷᠭᠡ ᠲᠤᠰᠢᠶᠠᠯ᠄ | ( ᠨᠢᠭᠡ ) ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠷᠬᠡ ᠣᠯᠭᠤᠭᠰᠠᠨ ᠢ | ᠦᠨᠳᠦᠰᠦᠯᠡᠨ᠂ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠣᠷᠣᠨ ᠤ ᠲᠤᠰ ᠱᠠᠲᠤᠨ | ᠤ ᠠᠵᠤ ᠠᠬᠤᠶᠢᠯᠠᠯ ( ᠮᠥᠩᠭᠦᠨ ᠭᠦᠢᠯᠭᠡᠭᠡᠨ ᠤ ᠲᠥᠷᠥᠯ ᠤᠨ ᠠᠵᠤ ᠠᠬᠤᠶᠢᠯᠠᠯ ᠪᠠᠭᠲᠠᠬᠤ ᠦᠭᠡᠶ ) ᠤᠨ ᠤᠯᠤᠰ | ᠤᠨ ᠥᠮᠴᠢᠯᠡᠯᠲᠦ ᠡᠳ ᠬᠥᠷᠥᠩᠭᠡ ᠶᠢ ᠬᠢᠨᠠᠨ ᠬᠠᠮᠢᠶᠠᠷᠴᠤ᠂ ᠤᠯᠤᠰ ᠤᠨ ᠥᠮᠴᠢᠯᠡᠯᠲᠦ ᠡᠳ ᠬᠥᠷᠥᠩᠭᠡ ᠶᠢᠨ | ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ ᠃ | ( ᠬᠤᠶᠠᠷ ) ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠬᠠᠷᠢᠭᠤᠴᠠᠯᠭ᠎ᠠ ᠶᠢ ᠡᠭᠦᠷᠭᠡᠯᠡᠵᠦ᠂ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠬᠢᠨᠠᠨ ᠰᠢᠯᠭᠠᠬᠤ | ᠪᠠᠷᠢᠮᠵᠢᠶ᠎ᠠ ᠪᠠ ᠠᠷᠭ᠎ᠠ ᠬᠡᠮᠵᠢᠶ᠎ᠡ ᠠᠷᠭ᠎ᠠ ᠶᠢ ᠨᠠᠶᠢᠳᠠᠪᠤᠷᠢᠵᠢᠭᠤᠯᠤᠨ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ | ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠵᠦ ᠪᠠᠶᠢᠭ᠎ᠠ | ᠪᠠᠶᠢᠳᠠᠯ ᠢ ᠪᠦᠷᠢᠳᠬᠡᠬᠦ᠂ ᠲᠤᠯᠭᠠᠨ ᠪᠣᠳᠣᠬᠤ ᠪᠠᠷ ᠳᠠᠮᠵᠢᠭᠤᠯᠤᠨ ᠬᠢᠨᠠᠨ ᠬᠠᠮᠢᠶᠠᠷᠤᠨ᠎ᠠ ᠃ ᠬᠢᠨᠠᠨ ᠬᠠᠮᠢᠶᠠᠷᠴᠤ | ᠪᠠᠶᠢᠭ᠎ᠠ ᠠᠵᠤ ᠠᠬᠤᠶᠢᠯᠠᠯ ᠤᠨ ᠴᠠᠯᠢᠩ ᠤᠨ ᠬᠤᠪᠢᠶᠠᠷᠢᠯᠠᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ | ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠣᠷᠣᠯᠭ᠎ᠠ ᠶᠢᠨ ᠬᠤᠪᠢᠶᠠᠷᠢᠯᠠᠯᠲᠠ ᠶᠢᠨ | ᠠᠷᠭ᠎ᠠ ᠶᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ | ( ᠭᠤᠷᠪᠠ ) ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠪᠠ ᠲᠠᠬᠢᠨ ᠵᠣᠬᠢᠶᠠᠨ | ᠪᠠᠶᠢᠭᠤᠯᠬᠤ ᠶᠢ ᠵᠢᠯᠣᠭᠤᠳᠤᠨ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠤᠯᠤᠰ | ᠤᠨ ᠥᠮᠴᠢᠯᠡᠯ ᠤᠨ ᠠᠵᠤ ᠠᠬᠤᠶᠢᠯᠠᠯ ᠤᠨ ᠲᠦᠷᠢᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠺᠣᠮᠫᠠᠨᠢ ᠶᠢᠨ | ᠵᠠᠰᠠᠬᠤ ᠪᠦᠲᠦᠴᠡ ᠶᠢ ᠲᠡᠭᠦᠯᠳᠡᠷᠵᠢᠭᠦᠯᠦᠨ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠰᠢᠯ ᠪᠠ | ᠪᠦᠲᠦᠴᠡ ᠶᠢᠨ ᠲᠤᠬᠢᠷᠠᠭᠤᠯᠤᠯᠳᠠ ᠶᠢ ᠲᠦᠯᠬᠢᠨ ᠠᠬᠢᠭᠤᠯᠤᠨ᠎ᠠ ᠃ | ( ᠳᠥᠷᠪᠡ ) ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ ᠬᠠᠤᠯᠢ ᠪᠠᠷ ᠲᠣᠭᠲᠠᠭᠠᠭᠰᠠᠨ ᠳᠡᠰ | ᠳᠠᠷᠠᠭᠠᠯᠠᠯ ᠢᠶᠠᠷ ᠳᠠᠮᠵᠢᠭᠤᠯᠤᠨ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠲᠣᠮᠢᠯᠠᠬᠤ | ᠪᠠᠭᠤᠯᠭᠠᠬᠤ᠂ ᠰᠢᠯᠭᠠᠨ ᠬᠢᠨᠠᠵᠤ᠂ ᠬᠥᠮᠦᠨ ᠰᠣᠩᠭᠤᠨ ᠬᠡᠷᠡᠭᠯᠡᠬᠦ ᠲᠣᠭᠲᠠᠴᠠ ᠶᠢ ᠪᠦᠷᠢᠨᠰᠢᠭᠦᠯᠦᠨ᠂ ᠡᠵᠡᠩᠨᠡᠭᠴᠢ ᠶᠢ | ᠤᠷᠮᠠᠰᠢᠭᠤᠯᠬᠤ ᠪᠠ ᠬᠢᠵᠠᠭᠠᠷᠯᠠᠬᠤ ᠲᠦᠷᠢᠮ ᠢ ᠲᠡᠭᠦᠯᠳᠡᠷᠵᠢᠭᠦᠯᠦᠨ᠎ᠡ ᠃ ᠣᠷᠣᠨ ᠤ ᠬᠠᠷᠢᠶ᠎ᠠ ᠪᠥᠬᠦᠶ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠬᠠᠷᠢᠭᠤᠴᠠᠨ᠎ᠠ ᠃ | ( ᠲᠠᠪᠤ )ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ ᠬᠥᠷᠥᠩᠭᠡ ᠶᠢᠨ | ᠠᠰᠢᠭ ᠣᠯᠵᠠᠪᠤᠷᠢ ᠪᠠᠨ ᠳᠡᠭᠡᠭᠰᠢ ᠲᠤᠰᠢᠶᠠᠬᠤ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ | ᠭᠦᠢᠴᠡᠳᠬᠡᠯ ᠢ ᠨᠠᠶᠢᠷᠠᠭᠤᠯᠤᠨ ᠵᠣᠬᠢᠶᠠᠬᠤ ᠪᠠ ᠭᠦᠢᠴᠡᠳᠬᠡᠬᠦ ᠵᠡᠷᠭᠡ ᠠᠵᠢᠯ ᠢ ᠬᠠᠷᠢᠭᠤᠴᠠᠨ᠎ᠠ ᠃ | ( ᠵᠢᠷᠭᠤᠭ᠎ᠠ ) ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠵᠢᠴᠢ ᠤᠯᠤᠰ ᠤᠨ | ᠥᠮᠴᠢᠯᠡᠯ ᠤᠨ ᠬᠤᠪᠢ ᠡᠵᠡᠮᠳᠡᠭᠰᠡᠨ᠂ ᠬᠤᠪᠢ ᠣᠷᠣᠭᠤᠯᠤᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯ | ᠤᠨ ᠡᠳ᠋ ᠬᠦᠷᠦᠩᠭᠡ ᠶᠢᠨ ᠥᠮᠴᠢᠯᠡᠬᠦ ᠡᠷᠬᠡ ᠶᠢ ᠬᠤᠪᠢᠷᠠᠭᠤᠯᠤᠨ ᠰᠢᠢᠳᠪᠦᠷᠢᠯᠡᠬᠦ ᠵᠡᠷᠭᠡ ᠶᠢ ᠬᠠᠤᠯᠢ ᠶᠣᠰᠣᠭᠠᠷ | ᠬᠢᠨᠠᠵᠤ ᠬᠠᠮᠢᠶᠠᠷᠤᠨ᠎ᠠ ᠃ | ( ᠳᠣᠯᠤᠭ᠎ᠠ ) ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠬᠢᠨᠠᠨ ᠬᠠᠮᠢᠶᠠᠷᠴᠤ | ᠪᠦᠬᠦᠢ ᠠᠵᠤ ᠠᠬᠤᠶᠢᠯᠠᠯ ᠤᠨ ᠠᠶᠤᠯ ᠦᠭᠡᠶ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ | ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠣᠷᠴᠢᠨ ᠲᠣᠭᠤᠷᠢᠨ ᠤ | ᠬᠠᠮᠠᠭᠠᠯᠠᠯᠲᠠ ᠵᠡᠷᠭᠡ ᠴᠢᠭᠯᠡᠯᠲᠡ ᠲᠥᠷᠥ ᠶᠢᠨ ᠪᠣᠳᠣᠯᠭ᠎ᠠ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ᠂ ᠪᠠᠷᠢᠮᠵᠢᠶ᠎ᠠ ᠵᠡᠷᠭᠡ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠪᠠᠶᠢᠴᠠᠭᠠᠬᠤ | ᠶᠢ ᠬᠠᠷᠢᠭᠤᠴᠠᠬᠤ ᠬᠡᠷᠡᠭᠲᠡᠶ ᠃ | ( ᠨᠠᠶᠮᠠ ) ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠰᠠᠭᠤᠷᠢ | ᠬᠠᠮᠢᠶᠠᠷᠤᠯᠲᠠ ᠶᠢ ᠬᠠᠷᠢᠭᠤᠴᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠲᠦᠷᠢᠮ ᠲᠣᠭᠲᠠᠭᠠᠯ ᠶᠣᠰᠣᠭᠠᠷ᠂ ᠭᠠᠵᠠᠷ ᠣᠷᠣᠨ | ᠤ ᠪᠣᠳᠠᠲᠠᠶ ᠲᠠᠢ ᠪᠠᠨ ᠤᠶᠠᠯᠳᠤᠭᠤᠯᠤᠨ ᠲᠣᠰ ᠭᠠᠵᠠᠷ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ ᠃ | ( ᠶᠢᠰᠦ ) ᠪᠦᠬᠦ ᠲᠣᠭᠤᠷᠢᠭ ᠤᠨ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠰᠤᠳᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠦᠢᠯᠡᠰ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠ ᠰᠢᠨ᠎ᠡ ᠶᠢ ᠡᠭᠦᠳᠦᠨ ᠬᠥᠭᠵᠢᠬᠦ ᠶᠢ ᠲᠦᠯᠬᠢᠨ ᠠᠬᠢᠭᠤᠯᠤᠨ᠎ᠠ ᠃ | ( ᠠᠷᠪᠠ ) ᠣᠷᠣᠨ ᠨᠤᠲᠤᠭ ᠤᠨ ᠮᠥᠩᠭᠦᠨ ᠭᠦᠶᠯᠭᠡᠭᠡᠨ ᠤ ᠰᠢᠰᠲ᠋ᠧᠮᠵᠢ ᠶᠢ ᠨᠢᠭᠡᠳᠦᠯᠲᠡᠶ ᠲᠥᠯᠥᠪᠯᠡᠨ | ᠪᠠᠶᠢᠭᠤᠯᠤᠨ ᠪᠦᠷᠢᠨᠰᠢᠭᠦᠯᠦᠨ᠎ᠡ ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠲᠣᠭᠤᠷᠢᠭ ᠤᠨ | ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠵᠣᠬᠢᠴᠠᠭᠤᠯᠤᠨ ᠦᠢᠯᠡᠴᠢᠯᠡᠨ᠎ᠡ ᠃ ᠣᠷᠣᠨ ᠨᠤᠲᠤᠭ ᠤᠨ | ᠬᠠᠤᠯᠢ ᠶᠢᠨ ᠡᠷᠬᠡᠲᠡᠨ ᠤ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠬᠥᠭᠵᠢᠯᠲᠡ ᠶᠢ | ᠵᠢᠯᠣᠭᠤᠳᠤᠨ᠎ᠠ ᠃ ᠮᠥᠩᠭᠦᠨ ᠭᠦᠶᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠶᠯᠡᠴᠢᠯᠡᠬᠦ ᠴᠢᠳᠠᠮᠵᠢ ᠶᠢ | ᠴᠢᠩᠭᠠᠷᠠᠭᠤᠯᠤᠨ᠎ᠠ ᠃ ᠮᠥᠩᠭᠦᠨ ᠭᠦᠢᠯᠭᠡᠭᠡᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠦᠨ᠎ᠡ ᠃ | ( ᠠᠷᠪᠠᠨ ᠨᠢᠭᠡ ) ᠪᠥᠬᠦ ᠲᠣᠭᠤᠷᠢᠭ ᠤᠨ ᠨᠡᠶᠢᠳᠡᠮ ᠠᠰᠢᠭ ᠬᠦᠷᠲᠡᠭᠡᠬᠦ ᠮᠥᠩᠭᠦᠨ ᠭᠦᠶᠯᠭᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ ᠃ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ | ᠣᠷᠣᠨ ᠲᠠᠷᠢᠶᠠᠴᠢᠨ ᠮᠠᠯᠴᠢᠳ 《 ᠵᠢᠵᠢᠭ ᠪᠢᠴᠢᠯ ᠠᠵᠤ ᠠᠬᠤᠶᠢᠯᠠᠯ 》 ᠤᠨ ᠮᠥᠩᠭᠦᠨ ᠭᠦᠶᠯᠭᠡᠭᠡᠨ ᠤ | ᠦᠶᠯᠡᠴᠢᠯᠡᠭᠡᠨ ᠤ ᠰᠢᠰᠲ᠋ᠧᠮᠵᠢ ᠶᠢ ᠪᠣᠶᠢᠵᠢᠭᠤᠯᠤᠨ ᠬᠥᠭᠵᠢᠭᠦᠯᠦᠨ᠎ᠡ ᠃ | (ᠠᠷᠪᠠᠨ ᠬᠤᠶᠠᠷ) ᠣᠯᠠᠨ ᠳᠡᠰ ᠳᠠᠪᠬᠤᠷᠭ᠎ᠠ ᠪᠦᠬᠦᠢ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ | ᠶᠢ ᠲᠦᠯᠬᠢᠨ ᠠᠬᠢᠭᠤᠯᠬᠤ ᠬᠡᠷᠡᠭᠲᠡᠶ ᠃ ᠪᠦᠬᠦ ᠣᠷᠣᠨ ᠤ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠵᠢᠯ ᠢ | ᠵᠢᠯᠣᠭᠤᠳᠴᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ᠂ ᠵᠢᠭᠡᠯᠡᠯᠭᠡ ᠶᠢᠨ ᠲᠡᠮᠳᠡᠭ | ᠢᠶᠠᠷ ᠪᠡᠯᠡ ᠲᠣᠬᠢᠷᠠᠭᠤᠯᠬᠤ ᠪᠠ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ᠂ ᠳᠠᠬᠢᠨ ᠪᠡᠯᠡ | ᠲᠣᠬᠢᠷᠠᠭᠤᠯᠬᠤ ᠠᠵᠢᠯ ᠢ ᠵᠣᠬᠢᠴᠠᠭᠤᠯᠤᠨ ᠬᠠᠪᠰᠤᠷᠤᠨ᠎ᠠ ᠃ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ | ᠶᠢᠨ ᠰᠠᠭᠤᠷᠢ ᠮᠥᠩᠭᠦ᠂ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠵᠢᠷᠤᠮᠵᠢᠭᠤᠨ | ᠬᠥᠭᠵᠢᠯᠲᠡ ᠶᠢ ᠲᠦᠯᠬᠢᠨ ᠠᠬᠢᠭᠤᠯᠤᠨ᠎ᠠ ᠃ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠵᠠᠰᠠᠭ ᠤᠨ | ᠣᠷᠳᠣᠨ ᠤ ᠮᠥᠩᠭᠦᠨ ᠭᠦᠶᠯᠭᠡᠭᠡᠨ ᠤ ᠬᠥᠭᠵᠢᠯᠲᠡ ᠶᠢᠨ ᠲᠤᠰᠬᠠᠶ ᠵᠦᠶᠯ ᠤᠨ ᠪᠡᠯᠡ ᠮᠥᠩᠭᠦ ᠶᠢᠨ ᠬᠠᠮᠢᠶᠠᠷᠬᠤ ᠪᠠ | ᠬᠡᠷᠡᠭᠯᠡᠬᠦ ᠰᠠᠨᠠᠯ ᠳᠤᠷᠠᠳᠬᠤ ᠶᠢ ᠬᠠᠷᠢᠭᠤᠴᠠᠨ᠎ᠠ ᠃ | ( ᠠᠷᠪᠠᠨ ᠭᠤᠷᠪᠠ ) ᠪᠥᠬᠦ ᠲᠣᠭᠤᠷᠢᠭ ᠤᠨ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠠᠯᠠ | ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ᠂ ᠣᠷᠣᠨ ᠪᠦᠰᠡ ᠶᠢᠨ ᠴᠢᠨᠠᠷᠲᠠᠶ ᠰᠲ᠋ᠣᠺ ᠤᠨ ᠡᠷᠬᠡ ᠶᠢᠨ ᠵᠠᠬ᠎ᠠ | ᠳᠡᠯᠭᠡᠭᠦᠷ᠂ ᠳᠠᠨᠵᠢᠯᠠᠬᠤ ᠭᠠᠵᠠᠷ᠂ ᠪᠠᠯᠠ ᠲᠣᠬᠢᠷᠠᠭᠤᠯᠭ᠎ᠠ ᠶᠢᠨ ᠲᠦᠷᠢᠶᠡᠰᠦᠯᠡᠬᠦ ᠺᠣᠮᠫᠠᠨᠢ᠂ ᠬᠤᠳᠠᠯᠳᠤᠭᠠᠨ ᠤ | ᠪᠠᠲᠤᠯᠠᠵᠤ ᠬᠠᠮᠢᠶᠠᠷᠬᠤ ᠺᠣᠮᠫᠠᠨᠢ᠂ ᠣᠷᠣᠨ ᠨᠤᠲᠤᠭ ᠤᠨ ᠮᠥᠩᠭᠦᠨ ᠭᠦᠶᠯᠭᠡᠭᠡᠨ ᠤ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠺᠣᠮᠫᠠᠨᠢ ᠶᠢᠨ ᠡᠯ᠎ᠡ ᠵᠦᠶᠯ ᠤᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠵᠢᠴᠢ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ | ( ᠠᠷᠪᠠᠨ ᠳᠥᠷᠪᠡ ) ᠡᠷᠬᠡ ᠠᠰᠢᠭ ᠤᠨ ᠲᠥᠷᠥᠯ᠂ ᠭᠡᠷ᠎ᠡ ᠶᠢᠨ ᠲᠥᠷᠥᠯ ᠤᠨ ᠠᠷᠠᠯᠵᠢᠶᠠᠨ ᠤ ᠲᠠᠯᠠᠪᠤᠷ | ᠭᠠᠵᠠᠷ᠂ ᠲᠣᠤᠷ ᠰᠦᠯᠵᠢᠶ᠎ᠡ ᠶᠢᠨ ᠵᠢᠭᠡᠯᠡᠯᠭᠡ ᠶᠢᠨ ᠮᠡᠳᠡᠭᠡ ᠵᠠᠩᠭᠢ ᠶᠢᠨ ᠵᠠᠭᠤᠴᠢ ᠪᠠᠶᠢᠭᠤᠯᠤᠮᠵᠢ᠂ ᠪᠠᠯᠠ | ᠣᠷᠣᠭᠤᠯᠤᠯᠲᠠ ᠶᠢᠨ ᠺᠣᠮᠫᠠᠨᠢ ᠶᠢᠨ ᠲᠠᠯ᠎ᠠ ᠪᠠᠷ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ | ᠢᠲᠡᠭᠡᠮᠵᠢ ᠪᠠᠷ ᠬᠠᠷᠢᠯᠴᠠᠨ ᠬᠠᠪᠰᠤᠷᠤᠯᠴᠠᠬᠤ ᠶᠢ ᠥᠷᠨᠢᠭᠦᠯᠦᠭᠰᠡᠨ ᠲᠠᠷᠢᠶᠠᠴᠢᠳ ᠤᠨ ᠲᠤᠰᠬᠠᠶ ᠠᠵᠢᠯ ᠤᠨ | ᠬᠤᠷᠰᠢᠶ᠎ᠠ᠂ ᠨᠡᠶᠢᠭᠡᠮ ᠨᠡᠶᠢᠲᠡ ᠶᠢᠨ ᠪᠠᠯᠠ ᠴᠤᠭᠯᠠᠭᠤᠯᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠥᠷᠥ | ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ | | ( ᠠᠷᠪᠠᠨ ᠲᠠᠪᠤ ) ᠮᠥᠩᠭᠦᠨ ᠭᠦᠢᠯᠭᠡᠭᠡᠨ ᠤ ᠭᠠᠳᠠᠭᠠᠳᠤ ᠯᠤᠭ᠎ᠠ ᠶᠢᠨ ᠬᠤᠷᠰᠢᠯᠴᠠᠭ᠎ᠠ ᠰᠣᠯᠢᠯᠴᠠᠭ᠎ᠠ ᠶᠢ | ᠬᠠᠷᠢᠭᠤᠴᠠᠵᠤ᠂ ᠮᠥᠩᠭᠦᠨ ᠭᠦᠢᠯᠭᠡᠭᠡᠨ ᠤ ᠣᠷᠣᠨ ᠪᠦᠰᠡ ᠶᠢᠨ ᠬᠤᠷᠰᠢᠯᠴᠠᠭ᠎ᠠ ᠶᠢ ᠭᠦᠨᠵᠡᠭᠡᠶᠢᠷᠡᠭᠦᠯᠦᠨ᠎ᠡ ᠃ | ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ ᠃ ᠮᠥᠩᠭᠦᠨ | ᠭᠦᠢᠯᠭᠡᠭᠡᠨ ᠤ ᠰᠢᠰᠲ᠋ᠧᠮ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ ᠃ | ( ᠠᠷᠪᠠᠨ ᠵᠢᠷᠭᠤᠭ᠎ᠠ ) ᠣᠷᠣᠨ ᠨᠤᠲᠤᠭ ᠤᠨ ᠮᠥᠩᠭᠦᠨ ᠭᠦᠶᠯᠭᠡᠭᠡᠨ ᠤ ᠲᠦᠭᠰᠢᠭᠦᠷᠢ ᠶᠢ ᠰᠡᠷᠭᠡᠶᠢᠯᠡᠨ | ᠰᠢᠶᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠷᠢᠶ᠎ᠠ ᠭᠠᠵᠠᠷ ᠤᠨ ᠲᠦᠭᠰᠢᠭᠦᠷᠢ ᠶᠢ | ᠰᠢᠶᠳᠪᠦᠷᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ᠣᠷᠣᠨ ᠨᠤᠲᠤᠭ ᠤᠨ ᠮᠥᠩᠭᠦᠨ | ᠭᠦᠶᠯᠭᠡᠭᠡᠨ ᠤ ᠲᠣᠭᠲᠠᠭᠤᠨ ᠪᠠ ᠠᠮᠤᠷ ᠲᠦᠪᠰᠢᠨ ᠢ ᠬᠠᠮᠠᠭᠠᠯᠠᠨ᠎ᠠ ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ | ᠰᠡᠷᠭᠡᠶᠢᠯᠡᠬᠦ ᠪᠠ ᠰᠢᠶᠳᠪᠦᠷᠢᠯᠡᠬᠦ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠤᠨ ᠥᠷᠨᠢᠭᠦᠯᠦᠨ᠎ᠡ ᠃ ᠣᠷᠣᠨ ᠨᠤᠲᠤᠭ | ᠤᠨ ᠮᠥᠩᠭᠦᠨ ᠭᠦᠶᠯᠭᠡᠭᠡᠨ ᠤ ᠰᠠᠭᠤᠷᠢ ᠲᠤᠭ᠎ᠠ ᠪᠠᠷᠢᠮᠲᠠ ᠶᠢ ᠪᠦᠷᠢᠳᠬᠡᠨ ᠵᠠᠳᠠᠯᠬᠤ ᠪᠠ ᠮᠡᠳᠡᠭᠡ ᠵᠠᠩᠭᠢ ᠶᠢᠨ | ᠰᠢᠰᠲ᠋ᠧᠮ ᠤᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ ᠬᠠᠷᠢᠭᠤᠴᠠᠨ᠎ᠠ ᠃ | ( ᠠᠷᠪᠠᠨ ᠳᠣᠯᠤᠭ᠎ᠠ ) ᠲᠥᠪ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠮᠥᠩᠭᠦᠨ | ᠭᠦᠶᠯᠭᠡᠭᠡᠨ ᠤ ᠪᠠᠶᠢᠭᠤᠯᠤᠮᠵᠢ ᠶᠢᠨ ᠲᠣᠭᠤᠷᠢᠭ ᠲᠤ ᠰᠠᠭᠤᠭ᠎ᠠ ᠰᠠᠯᠪᠤᠷᠢ ᠪᠠᠶᠢᠭᠤᠯᠤᠮᠵᠢ ᠶᠢ ᠵᠣᠬᠢᠴᠠᠭᠤᠯᠤᠨ | ᠬᠠᠮᠵᠢᠯᠴᠠᠨ᠎ᠠ ᠃ ᠣᠷᠣᠨ ᠨᠤᠲᠤᠭ ᠤᠨ ᠬᠠᠷᠢᠶ᠎ᠠ ᠭᠠᠵᠠᠷ ᠤᠨ ᠠᠶᠤᠯ ᠲᠦᠭᠰᠢᠭᠦᠷᠢ ᠶᠢ ᠰᠢᠶᠳᠪᠦᠷᠢᠯᠡᠬᠦ | ᠬᠠᠷᠢᠭᠤᠴᠠᠯᠭ᠎ᠠ ᠪᠠ ᠬᠠᠮᠢᠶ᠎ᠠ ᠪᠥᠬᠦᠶ ᠠᠵᠢᠯ ᠢ ᠬᠠᠤᠯᠢ ᠲᠣᠭᠲᠠᠭᠠᠯ ᠶᠣᠰᠣᠭᠠᠷ ᠵᠣᠬᠢᠴᠠᠭᠤᠯᠤᠨ ᠵᠢᠯᠣᠭᠤᠳᠤᠨ᠎ᠠ ᠃ | ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠵᠣᠬᠢᠶᠠᠨ | ᠪᠠᠶᠢᠭᠤᠯᠤᠯᠲᠠ ᠪᠠ ᠵᠠᠭᠤᠴᠢ ᠪᠠᠶᠢᠭᠤᠯᠤᠮᠵᠢ ᠶᠢ ᠵᠣᠬᠢᠴᠠᠭᠤᠯᠤᠨ ᠵᠢᠯᠣᠭᠤᠳᠴᠤ ᠪᠠᠶᠢᠭᠠᠳ ᠵᠢᠷᠤᠮᠵᠢᠭᠤᠯᠤᠨ | ᠬᠥᠭᠵᠢᠭᠦᠯᠦᠨ᠎ᠡ ᠃ | ( ᠠᠷᠪᠠᠨ ᠨᠠᠶᠮᠠ ) ᠲᠤᠶᠢᠯ ᠤᠨ ᠣᠨᠣᠪᠴᠢᠲᠠᠶ ᠪᠠᠷ ᠶᠠᠳᠠᠭᠤ ᠶᠢ ᠲᠡᠳᠬᠦᠬᠦ᠂ ᠠᠶᠤᠯ ᠥᠬᠡᠶ | ᠦᠶᠯᠡᠳᠪᠦᠷᠢᠯᠡᠯ ᠢ ᠳᠠᠭᠠᠭᠠᠴᠢᠯᠠᠨ ᠬᠤᠯᠪᠣᠭᠠᠯᠠᠬᠤ ᠠᠵᠢᠯ ᠵᠢᠴᠢ ᠣᠷᠣᠨ ᠤ ᠨᠠᠮ ᠤᠨ ᠬᠤᠷᠢᠶ᠎ᠠ᠂ ᠣᠷᠣᠨ ᠤ ᠵᠠᠰᠠᠭ | ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ ᠃ | 2 . ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ | ᠰᠢᠭᠤᠶᠢᠲᠤ ᠲᠣᠭᠤᠷᠢᠭ ᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠬᠢᠨᠠᠨ ᠬᠠᠮᠢᠶᠠᠷᠬᠤ ᠵᠥᠪᠯᠡᠯ | ᠪᠣᠯ ᠰᠢᠭᠤᠶᠢᠲᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ | ᠵᠢᠩᠬᠢᠨᠢ ᠰᠠᠯᠠᠭᠠᠨ ᠤ ᠳᠡᠰ᠂ ᠵᠠᠰᠠᠭ ᠵᠠᠬᠢᠷᠭᠠᠨ ᠤ ᠣᠷᠣᠨ ᠲᠤᠭ᠎ᠠ 4 ᠬᠥᠮᠦᠨ᠂ ᠰᠠᠯᠠᠭᠠᠨ ᠤ ᠳᠡᠰ ᠤᠨ | ᠤᠳᠤᠷᠢᠳᠬᠤ ᠲᠤᠰᠢᠶᠠᠯ ᠤᠨ ᠲᠤᠭ᠎ᠠ 2 ᠬᠥᠮᠦᠨ ( 1 ᠵᠢᠩᠬᠢᠨᠢ᠂ 1 ᠳᠡᠳ᠋ ) ᠃ ᠵᠠᠰᠠᠭ ᠤᠨ ᠣᠷᠳᠣᠨ ᠤ | ᠮᠥᠩᠭᠦᠨ ᠭᠦᠢᠯᠭᠡᠭᠡᠨ ᠤ ᠠᠯᠪᠠᠨ ᠭᠡᠷ ᠤᠨ ᠫᠠᠶᠢᠰᠠ ᠶᠢ ᠨᠡᠮᠡᠵᠦ ᠡᠯᠭᠦᠨ᠎ᠡ ᠃ ᠠᠵᠢᠯ ᠤᠨ ᠡᠭᠦᠷᠭᠡ ᠬᠠᠷᠢᠭᠤᠴᠠᠯᠭ᠎ᠠ | ᠪᠠᠨ ᠦᠨᠳᠦᠰᠦᠯᠡᠨ ᠳᠣᠲᠣᠭᠠᠳᠤ ᠳᠠᠭᠠᠨ ᠠᠯᠪᠠᠨ ᠭᠡᠷ ᠭᠠᠷᠭᠠᠵᠤ᠂ ᠤᠯᠤᠰ ᠠᠴᠠ ᠥᠮᠴᠢᠯᠡᠯᠲᠡ ᠡᠳ᠋ ᠬᠥᠷᠥᠩᠭᠡ | ᠶᠢᠨ ᠮᠥᠩᠭᠦᠨ ᠭᠦᠢᠯᠭᠡᠭᠡᠨ ᠤ ᠰᠲ᠋ᠣᠺ 2 ᠲᠠᠰᠤᠭ ᠲᠠᠢ ᠪᠠᠶᠢᠵᠤ᠂ ᠳᠣᠣᠷ᠎ᠠ ᠪᠠᠨ ᠰᠢᠭᠤᠶᠢᠲᠤ ᠣᠷᠣᠨ ᠤ ᠤᠯᠤᠰ | ᠠᠴᠠ ᠥᠮᠴᠢᠯᠡᠯᠲᠡ ᠡᠳ᠋ ᠬᠥᠷᠥᠩᠭᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ 1 ᠬᠤᠶᠠᠳᠤᠭᠠᠷ | ᠳᠡᠰ ᠤᠨ ᠨᠢᠭᠡᠴᠡ ᠲᠠᠢ ᠃ | 3 . ᠠᠵᠢᠯᠯᠠᠬᠤ ᠭᠠᠵᠠᠷ᠄ ᠥᠪᠥᠷ ᠮᠣᠩᠭᠤᠯ ᠤᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠰᠢᠭᠤᠶᠢᠲᠤ | ᠰᠢᠨ᠎ᠡ ᠲᠣᠭᠤᠷᠢᠭ ᠤᠨ ᠷᠧᠨ ᠬᠤᠸᠠᠨ ᠯᠧᠦ ᠳᠥᠷᠪᠡᠳᠦᠭᠡᠷ ᠠᠰᠠᠷ ᠤᠨ 405 ᠳ᠋ᠤᠭᠠᠷ ᠥᠷᠥᠭᠡ ᠃ | 4 . ᠠᠵᠢᠯᠯᠠᠬᠤ ᠴᠠᠭ᠄ ᠠᠵᠢᠯ ᠤᠨ ᠡᠳᠦᠷ ᠤᠨ ᠦᠳᠡ ᠶᠢᠨ ᠡᠮᠦᠨᠡᠬᠢ 9᠄ 0012᠄ 00 ᠦᠳᠡ ᠶᠢᠨ | ᠬᠤᠶᠢᠨᠠᠬᠢ 14᠄ 0017᠄ 30 | 5 . ᠬᠠᠷᠢᠯᠴᠠᠬᠤ ᠤᠲᠠᠰᠤ᠄ 0472 - 8720549 | 6 . ᠬᠠᠷᠢᠭᠤᠴᠠᠯᠭᠠᠲᠠᠨ ᠤ ᠣᠪᠣᠭ ᠨᠡᠷ᠎ᠡ᠄ ᠵᠣᠣ ᠸᠧᠶ᠃ | ᠬᠤᠶᠠᠷ᠂ ᠰᠢᠭᠤᠶᠢᠲᠤ ᠣᠷᠣᠨ ᠤ ᠤᠯᠤᠰ ᠤᠨ ᠡᠳ᠋ ᠬᠥᠷᠥᠩᠭᠡ ᠮᠥᠩᠭᠦᠨ ᠭᠦᠶᠯᠭᠡᠭᠡᠨ ᠤ ᠦᠶᠯᠡᠴᠢᠯᠡᠭᠡᠨ ᠤ ᠲᠥᠪ | ( ᠬᠤᠶᠠᠳᠤᠭᠠᠷ ᠳᠡᠰ ᠤᠨ ᠨᠢᠭᠡᠴᠢ ) | 1 ᠪᠠᠶᠢᠭᠤᠯᠭ᠎ᠠ ᠶᠢᠨ ᠡᠭᠦᠷᠭᠡ ᠲᠤᠰᠢᠶᠠᠯ᠄ | ᠰᠢᠭᠤᠶᠢᠲᠤ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠮᠥᠩᠭᠦᠨ ᠭᠦᠶᠯᠭᠡᠭᠡᠨ ᠤ | ᠦᠶᠯᠡᠴᠢᠯᠡᠭᠡᠨ ᠤ ᠲᠥᠪ ᠨᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢᠨ ᠠᠵᠢᠯ ᠪᠠ ᠮᠥᠩᠭᠦᠨ ᠭᠦᠶᠯᠭᠡᠭᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠠᠵᠢᠯ ᠤᠨ | ᠲᠤᠬᠠᠶ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ | ᠨᠠᠮ ᠤᠨ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ ᠃ | ᠭᠤᠣᠯ ᠡᠭᠦᠷᠭᠡ ᠬᠠᠷᠢᠭᠤᠴᠠᠯᠭ᠎ᠠ ᠨᠢ᠄ | ( ᠨᠢᠭᠡ ) ᠪᠠᠶᠢᠭᠤᠯᠭ᠎ᠠ ᠳᠤ ᠳᠡᠮᠵᠢᠯᠭᠡ ᠶᠢᠨ ᠪᠠᠲᠤᠯᠠᠭ᠎ᠠ ᠬᠠᠩᠭᠠᠬᠤ ᠡᠭᠦᠷᠭᠡ ᠴᠢᠳᠠᠪᠤᠷᠢ | ( 1 ) ᠳᠡᠭᠡᠳᠦ ᠱᠠᠲᠤᠨ ᠤ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ | ᠪᠠᠶᠢᠭᠤᠯᠤᠯ ᠤᠨ ᠥᠭᠡᠷᠡᠴᠢᠯᠡᠯᠲᠡ ᠶᠢᠨ ᠲᠤᠬᠠᠢ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠠᠷᠭ᠎ᠠ ᠬᠡᠮᠵᠢᠶ᠎ᠡ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯ ᠤᠨ ᠡᠵᠡᠩᠨᠡᠯᠲᠡ ᠶᠢᠨ ᠴᠢᠨᠠᠷᠲᠠᠢ ᠡᠳ᠋ ᠬᠦᠷᠦᠩᠭᠡ | ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠠᠰᠢᠭ ᠣᠷᠣᠯᠭ᠎ᠠ ᠶᠢ ᠲᠤᠬᠢᠷᠠᠭᠤᠯᠬᠤ᠂ ᠬᠡᠷᠡᠭᠯᠡᠬᠦ᠂ | ᠰᠢᠢᠳᠪᠦᠷᠢᠯᠡᠬᠦ ᠵᠡᠷᠭᠡ ᠲᠦᠷᠢᠮ ᠪᠠ ᠠᠷᠭ᠎ᠠ ᠶᠢ ᠰᠤᠳᠤᠯᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃ | | ( 2 ) ᠲᠣᠭᠤᠷᠢᠭ ᠤᠨ ᠬᠠᠮᠢᠶᠠᠷᠤᠯᠲᠠ ᠶᠢᠨ ᠤᠯᠤᠰ ᠤᠨ ᠥᠮᠴᠢᠯᠡᠯᠲᠦ ᠡᠵᠡᠩᠨᠡᠯᠲᠡ ᠶᠢᠨ ᠴᠢᠨᠠᠷᠲᠠᠶ ᠡᠳ᠋ | ᠬᠥᠷᠥᠩᠭᠡ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠰᠢᠭ ᠣᠯᠵᠠᠪᠤᠷᠢ ᠶᠢᠨ ᠮᠡᠳᠡᠭᠡ ᠵᠠᠩᠭᠢ ᠶᠢᠨ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠥᠳᠡᠯᠦᠩᠭᠦᠶ | ᠬᠠᠮᠢᠶᠠᠷᠤᠯᠲᠠ ᠶᠢ ᠬᠡᠷᠡᠭᠵᠢᠭᠦᠯᠦᠨ᠎ᠡ︔ | ( 3 ) ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ | ᠪᠠ ᠲᠦᠷᠢᠮ ᠢ ᠬᠡᠷᠡᠭᠵᠢᠭᠦᠯᠵᠦ᠂ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠠᠵᠢᠯ ᠢ ᠡᠭᠦᠷᠭᠡᠯᠡᠨ᠎ᠡ︔ | ( 4 ) ᠮᠥᠩᠭᠦᠨ ᠭᠦᠢᠯᠭᠡᠭᠡᠨ ᠤ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠴᠢᠭᠯᠡᠯᠲᠡ ᠲᠦᠷᠦ | ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ︔ ᠮᠠᠨ ᠤ ᠣᠷᠣᠨ ᠤ ᠮᠥᠩᠭᠦᠨ ᠭᠦᠶᠯᠭᠡᠭᠡᠨ ᠤ ᠠᠵᠢᠯᠯᠠᠭᠠᠨ | ᠤ ᠪᠠᠶᠢᠳᠠᠯ ᠢ ᠰᠤᠳᠤᠯᠤᠨ ᠵᠠᠳᠠᠯᠤᠨ᠎ᠠ︔ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ | ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠮᠥᠩᠭᠦᠨ ᠭᠦᠶᠯᠭᠡᠭᠡᠨ ᠤ ᠠᠵᠢᠯ | ᠤᠨ ᠪᠠᠶᠢᠷᠢᠯᠠᠭᠤᠯᠤᠯᠲᠠ ᠶᠢ ᠬᠠᠷᠢᠭᠤᠴᠠᠨ ᠨᠠᠶᠢᠳᠠᠪᠤᠷᠢᠵᠢᠭᠤᠯᠤᠨ᠎ᠠ︔ | ( 5 ) ᠪᠦᠬᠦ ᠲᠣᠭᠤᠷᠢᠭ ᠤᠨ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢ ᠴᠤᠭᠯᠠᠭᠤᠯᠬᠤ᠂ | ᠪᠦᠷᠢᠳᠬᠡᠬᠦ᠂ ᠵᠠᠳᠠᠯᠬᠤ ᠵᠢᠴᠢ ᠬᠢᠨᠠᠨ ᠬᠡᠮᠵᠢᠵᠦ ᠰᠡᠷᠡᠮᠵᠢᠯᠡᠭᠦᠯᠬᠦ ᠵᠡᠷᠭᠡ ᠮᠡᠷᠭᠡᠵᠢᠯ ᠤᠨ ᠴᠢᠨᠠᠷᠲᠠᠶ ᠠᠵᠢᠯ ᠢ | ᠡᠭᠦᠷᠭᠡᠯᠡᠨ᠎ᠡ︔ | ( 6 ) ᠮᠥᠩᠭᠦᠨ ᠭᠦᠢᠯᠭᠡᠭᠡᠨ ᠤ ᠮᠡᠳᠡᠯᠭᠡ ᠶᠢᠨ ᠤᠬᠠᠭᠤᠯᠭ᠎ᠠ ᠵᠢᠴᠢ ᠮᠥᠩᠭᠦᠨ ᠭᠦᠢᠯᠭᠡᠭᠡᠨ ᠤ | ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠵᠤ ᠢᠷᠡᠬᠦ ᠵᠡᠷᠭᠡ ᠪᠠᠲᠤᠯᠠᠭ᠎ᠠ ᠶᠢᠨ ᠴᠢᠨᠠᠷᠲᠠᠶ ᠠᠵᠢᠯ ᠢ ᠡᠭᠦᠷᠭᠡᠯᠡᠨ᠎ᠡ ᠃ | | ( ᠬᠤᠶᠠᠷ ) ᠨᠡᠶᠢᠭᠡᠮ ᠳᠤ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠬᠠᠩᠭᠠᠬᠤ ᠡᠭᠦᠷᠭᠡ ᠴᠢᠳᠠᠪᠤᠷᠢ | ( 1 ) ᠬᠠᠷᠢᠶ᠎ᠠ ᠣᠷᠣᠨ ᠤ ᠮᠥᠩᠭᠦᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ᠂ ᠡᠯ᠎ᠡ | ᠲᠥᠷᠥᠯ ᠤᠨ ᠮᠥᠩᠭᠦᠨ ᠭᠦᠶᠯᠭᠡᠭᠡᠨ ᠤ ᠪᠠᠶᠢᠭᠤᠯᠤᠮᠵᠢ ᠵᠢᠴᠢ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠲᠠᠢ | ᠬᠠᠷᠢᠯᠴᠠᠬᠤ ᠶᠢ ᠬᠠᠷᠢᠭᠤᠴᠠᠨ᠎ᠠ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ᠂ | ᠵᠣᠬᠢᠴᠠᠭᠤᠯᠤᠨ ᠵᠣᠷᠢᠭᠵᠢᠭᠤᠯᠵᠤ ᠪᠠᠶᠢᠭᠠᠳ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ | ᠦᠢᠯᠡᠴᠢᠯᠡᠭᠦᠯᠬᠦ ᠬᠡᠷᠡᠭᠲᠡᠶ︔ | ( 2 ) ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠡᠯᠡ ᠲᠣᠬᠢᠷᠠᠭᠤᠯᠬᠤ ᠴᠢᠨᠠᠷᠲᠠᠶ ᠳᠠᠭᠠᠭᠠᠯᠲᠠ ᠬᠢᠬᠦ | ᠪᠠᠶᠢᠭᠤᠯᠤᠮᠵᠢ ᠵᠡᠷᠭᠡ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳᠦᠷ ᠲᠤᠲᠤᠮ ᠤᠨ | ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ︔ | ( 3 ) ᠴᠢᠬᠤᠯᠠ ᠶᠡᠭᠡ ᠮᠥᠩᠭᠦᠨ ᠭᠦᠶᠯᠭᠡᠭᠡᠨ ᠤ ᠲᠥᠷᠥᠯ ᠵᠦᠶᠯ ᠤᠨ ᠬᠤᠳᠠᠯᠳᠤᠭᠠᠴᠢᠨ ᠤᠷᠢᠬᠤ ᠠᠵᠢᠯ ᠢ | ᠵᠣᠬᠢᠴᠠᠭᠤᠯᠤᠨ ᠠᠬᠢᠭᠤᠯᠤᠨ᠎ᠠ︔ ᠮᠥᠩᠭᠦᠨ ᠭᠦᠢᠯᠭᠡᠭᠡᠨ ᠤ ᠵᠠᠭᠤᠴᠢ ᠦᠢᠯᠡᠴᠢᠯᠡᠭᠡᠨ ᠤ ᠦᠢᠯᠡᠰ ᠤᠨ ᠬᠥᠭᠵᠢᠯᠲᠡ | ᠶᠢ ᠠᠬᠢᠭᠤᠯᠤᠨ᠎ᠠ ᠃ |