ᠨᠢᠭᠡ᠂ ᠰᠠᠯᠠᠭ᠎ᠠ ᠮᠥᠴᠢᠷ ᠤᠨ ᠡᠭᠦᠷᠭᠡ | ᠰᠢᠭᠤᠶᠢᠲᠤ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠪᠤᠭᠤᠲᠤ ᠬᠤᠲᠠ | ᠶᠢᠨ ᠨᠠᠮ ᠤᠨ ᠬᠤᠷᠢᠶ᠎ᠠ ᠶᠢᠨ ᠬᠤᠳᠠᠯᠳᠤᠭᠠᠨ ᠤ ᠶᠠᠪᠤᠳᠠᠯ ᠤᠨ ᠦᠶᠯᠡᠴᠢᠯᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠤᠬᠠᠶ ᠴᠢᠭᠯᠡᠯᠲᠡ ᠲᠥᠷᠥ | ᠶᠢᠨ ᠪᠣᠳᠣᠯᠭ᠎ᠠ ᠶᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ | ᠶᠢᠨ ᠨᠠᠮ ᠤᠨ ᠬᠤᠷᠢᠶ᠎ᠠ ᠪᠠ ᠰᠢᠭᠤᠶᠢᠲᠤ ᠲᠣᠭᠤᠷᠢᠭ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ | ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠨᠠᠮ | ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠪᠠ ᠃ | ᠭᠤᠣᠯ ᠡᠭᠦᠷᠭᠡ ᠬᠠᠷᠢᠭᠤᠴᠠᠯᠭ᠎ᠠ ᠨᠢ᠄ | ( ᠨᠢᠭᠡ ) ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠤᠯᠤᠰ ᠤᠨ ᠳᠣᠲᠣᠭᠠᠳᠤ | ᠭᠠᠳᠠᠭᠠᠳᠤ ᠶᠢᠨ ᠠᠷᠠᠯᠵᠢᠶ᠎ᠠ᠂ ᠣᠯᠠᠨ ᠤᠯᠤᠰ ᠤᠨ ᠠᠵᠤ ᠠᠬᠤᠶ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ | ᠬᠤᠳᠠᠯᠳᠤᠭᠠᠴᠢᠨ ᠤ ᠪᠠᠯᠠ ᠣᠷᠣᠭᠤᠯᠤᠯᠲᠠ ᠶᠢᠨ ᠠᠵᠢᠯ ᠤᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ | ᠲᠦᠷᠢᠮ ᠲᠣᠭᠲᠠᠭᠠᠯ ᠤᠨ ᠲᠥᠰᠦᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠨ᠎ᠠ ᠃ ᠬᠤᠳᠠᠯᠳᠤᠭᠠᠨ ᠤ ᠶᠠᠪᠤᠳᠠᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ | ᠶᠢᠨ ᠬᠠᠨᠳᠤᠰᠢ ᠶᠢ ᠰᠤᠳᠤᠯᠵᠤ᠂ ᠬᠥᠭᠵᠢᠯᠲᠡ ᠶᠢᠨ ᠲᠥᠯᠥᠪᠵᠢᠭᠦᠯᠭᠡ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ ᠃ | ( ᠬᠤᠶᠠᠷ ) ᠭᠦᠶᠯᠭᠡᠭᠡᠨ ᠤ ᠠᠵᠤ ᠦᠶᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠯᠬᠢᠨ | ᠠᠬᠢᠭᠤᠯᠬᠤ ᠶᠢ ᠬᠠᠷᠢᠭᠤᠴᠠᠵᠤ᠂ ᠬᠤᠳᠠᠯᠳᠤᠭ᠎ᠠ ᠠᠷᠠᠯᠵᠢᠶᠠᠨ ᠤ ᠦᠶᠯᠡᠴᠢᠯᠡᠭᠡᠨ ᠤ ᠦᠶᠯᠡᠰ ᠪᠣᠯᠤᠨ ᠨᠡᠶᠢᠭᠡᠮ | ᠲᠣᠭᠤᠷᠢᠭ ᠤᠨ ᠬᠤᠳᠠᠯᠳᠤᠭᠠᠨ ᠤ ᠬᠥᠭᠵᠢᠯᠲᠡ ᠶᠢ ᠵᠢᠯᠣᠭᠤᠳᠤᠨ᠂ ᠳᠤᠮᠳᠠ ᠵᠢᠵᠢᠭ ᠬᠤᠳᠠᠯᠳᠤᠭ᠎ᠠ ᠠᠷᠠᠯᠵᠢᠶᠠᠨ ᠤ | ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ | ᠭᠦᠶᠯᠭᠡᠭᠡᠨ ᠤ ᠪᠠᠷᠢᠮᠵᠢᠶᠠᠵᠢᠭᠤᠯᠤᠭᠰᠠᠨ ᠪᠠ ᠬᠡᠯᠬᠢᠶ᠎ᠡ ᠡᠵᠡᠩᠨᠡᠯᠲᠡ᠂ ᠬᠤᠳᠠᠯᠳᠤᠭᠠᠨ ᠤ ᠣᠨᠴᠠ ᠵᠥᠪᠰᠢᠶᠡᠷᠡᠭᠰᠡᠨ | ᠡᠵᠡᠩᠨᠡᠯᠲᠡ᠂ ᠪᠠᠷᠠᠭᠠᠨ ᠤ ᠭᠦᠶᠯᠭᠡᠭᠡᠨ ᠤ ᠲᠣᠬᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ | ᠵᠡᠷᠭᠡ ᠣᠳᠣ ᠦᠶ᠎ᠡ ᠶᠢᠨ ᠭᠦᠶᠯᠭᠡᠭᠡᠨ ᠤ ᠠᠷᠭ᠎ᠠ ᠮᠠᠶ᠋ᠢᠭ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ ᠃ | ( ᠭᠤᠷᠪᠠ ) ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠶᠢ | ᠰᠤᠳᠤᠯᠤᠨ ᠳᠤᠷᠠᠳᠴᠤ᠂ ᠬᠤᠲᠠ ᠬᠥᠳᠡᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠬᠤ ᠬᠡᠷᠡᠭᠲᠡᠶ ᠃ | ᠶᠡᠭᠡ ᠬᠡᠮᠵᠢᠶᠡᠨ ᠤ ᠦᠢᠯᠡᠳᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠲᠥᠯᠥᠪᠵᠢᠭᠦᠯᠭᠡ ᠪᠣᠯᠤᠨ | ᠬᠤᠲᠠ ᠶᠢᠨ ᠬᠤᠳᠠᠯᠳᠤᠭᠠᠨ ᠤ ᠲᠣᠣᠷ ᠴᠢᠭ ᠤᠨ ᠲᠥᠯᠥᠪᠵᠢᠭᠦᠯᠭᠡ ᠶᠢ ᠵᠢᠯᠣᠭᠤᠳᠴᠤ᠂ ᠬᠤᠳᠠᠯᠳᠤᠭᠠᠨ ᠤ | ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ ᠃ ᠬᠥᠳᠡᠭᠡ ᠲᠣᠰᠬᠤᠨ ᠤ ᠵᠠᠬ᠎ᠠ | ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠬᠥᠳᠡᠭᠡ ᠲᠣᠰᠬᠤᠨ ᠤ ᠣᠳᠣ ᠦᠶ᠎ᠡ ᠶᠢᠨ | ᠭᠦᠶᠯᠭᠡᠭᠡᠨ ᠤ ᠲᠣᠤᠷ ᠰᠦᠯᠵᠢᠶ᠎ᠡ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯᠧᠺᠲᠷᠣᠨ | ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠠᠵᠢᠯ ᠢ ᠲᠦᠯᠬᠢᠨ ᠠᠬᠢᠭᠤᠯᠤᠨ᠎ᠠ ᠃ | ( ᠳᠥᠷᠪᠡ ) ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠵᠣᠬᠢᠴᠠᠭᠤᠯᠤᠨ ᠴᠡᠭᠴᠡᠯᠡᠬᠦ ᠪᠠ | ᠵᠢᠷᠤᠮᠵᠢᠭᠤᠯᠵᠤ᠂ ᠬᠤᠳᠠᠯᠳᠤᠭᠠᠨ ᠤ ᠢᠲᠡᠭᠡᠮᠵᠢᠲᠦ ᠪᠣᠷᠣᠯᠠᠭᠤᠯᠭ᠎ᠠ ᠶᠢ ᠵᠢᠯᠣᠭᠤᠳᠤᠨ᠂ ᠵᠠᠬ᠎ᠠ ᠳᠡᠯᠭᠡᠭᠦᠷ ᠤᠨ | ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ | ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠣᠭᠤᠶ ᠭᠦᠢᠯᠭᠡᠭᠡᠨ ᠤ ᠠᠵᠢᠯ ᠲᠥᠷᠥᠯ ᠳᠤ ᠬᠢᠨᠠᠯᠲᠠ | ᠲᠠᠯᠪᠢᠵᠤ ᠬᠠᠮᠢᠶᠠᠷᠤᠨ᠎ᠠ ᠃ ᠠᠷᠠᠯᠵᠢᠶ᠎ᠠ ᠬᠤᠳᠠᠯᠳᠤᠭᠠᠨ ᠤ ᠦᠶᠯᠡᠴᠢᠯᠡᠭᠡᠨ ᠤ ᠦᠶᠯᠡᠰ᠂ ᠲᠣᠮᠣ ᠬᠡᠯᠪᠡᠷᠢ ᠶᠢᠨ | ᠠᠷᠠᠯᠵᠢᠶ᠎ᠠ ᠬᠤᠳᠠᠯᠳᠤᠭ᠎ᠠ ( ᠬᠠᠮ ᠦᠵᠡᠰᠬᠦᠯᠡᠩ ) ᠶᠢᠨ ᠠᠵᠢᠯᠯᠠᠭᠠᠨ ᠤ ᠲᠠᠯᠠᠪᠤᠷ ᠭᠠᠵᠠᠷ ᠤᠨ ᠠᠶᠤᠯ ᠦᠭᠡᠶ | ᠦᠶᠯᠡᠳᠪᠦᠷᠢᠯᠡᠯ ᠤᠨ ᠠᠵᠢᠯ ᠢ ᠰᠢᠮᠳᠠᠭᠤᠯᠤᠨ ᠵᠢᠯᠣᠭᠤᠳᠬᠤ ᠶᠢ ᠬᠠᠷᠢᠭᠤᠴᠠᠨ᠎ᠠ ᠃ | ( ᠲᠠᠪᠤ ) ᠪᠦᠬᠦ ᠲᠣᠭᠤᠷᠢᠭ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ | ᠡᠵᠡᠮᠰᠢᠯ ᠪᠠ ᠴᠢᠬᠤᠯᠠ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ ᠬᠠᠮᠢᠶᠠᠷᠤᠯᠲᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠪᠦᠬᠦ ᠲᠣᠭᠤᠷᠢᠭ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ | ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ ᠃ ᠪᠦᠬᠦ ᠲᠣᠭᠤᠷᠢᠭ ᠤᠨ ᠵᠠᠬ᠎ᠠ ᠳᠡᠯᠭᠡᠭᠦᠷ ᠤᠨ ᠠᠵᠢᠯᠯᠠᠭᠠᠨ᠂ ᠲᠠᠸᠠᠷ ᠤᠨ ᠬᠠᠩᠭᠠᠯᠭ᠎ᠠ | ᠬᠡᠷᠡᠭᠴᠡᠭᠡ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠨ᠎ᠠ ᠃ ᠲᠠᠸᠠᠷ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ | ᠪᠠᠶᠢᠴᠠᠭᠠᠨ ᠵᠠᠳᠠᠯᠵᠤ᠂ ᠤᠷᠢᠳᠴᠢᠯᠠᠨ ᠲᠥᠰᠦᠭᠡᠯᠡᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢ ᠬᠥᠲᠥᠯᠥᠨ | ᠵᠢᠯᠣᠭᠤᠳᠬᠤ ᠬᠡᠷᠡᠭᠲᠡᠶ ᠃ ᠮᠢᠬᠠᠨ ᠤ ᠵᠦᠶᠯ ᠵᠡᠷᠭᠡ ᠴᠢᠬᠤᠯᠠ ᠬᠡᠷᠡᠭᠯᠡᠭᠡᠨ ᠤ ᠵᠦᠶᠯ ᠢ ᠨᠥᠭᠡᠴᠡᠯᠡᠬᠦ ᠬᠠᠮᠢᠶᠠᠷᠤᠯᠲᠠ | ᠪᠣᠯᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠰᠢᠯ ᠢ ᠬᠠᠷᠢᠭᠤᠴᠠᠨ᠎ᠠ ᠃ ᠪᠣᠯᠪᠠᠰᠤᠷᠠᠭᠤᠯᠤᠭᠰᠠᠨ ᠲᠣᠰᠣᠨ ᠤ | ᠭᠦᠢᠯᠭᠡᠭᠡᠨ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠬᠠᠮᠢᠶᠠᠷᠤᠨ᠎ᠠ ᠃ | ( ᠵᠢᠷᠭᠤᠭ᠎ᠠ ) ᠪᠦᠬᠦ ᠲᠣᠭᠤᠷᠢᠭ ᠤᠨ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠠᠷᠭ᠎ᠠ ᠮᠠᠶ ᠢᠭ ᠤᠨ | ᠬᠤᠪᠢᠷᠠᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠶᠢ ᠲᠤᠭᠤᠷᠪᠢᠵᠤ᠂ ᠪᠦᠬᠦ ᠣᠷᠣᠨ ᠤ ᠠᠷᠠᠯᠵᠢᠶ᠎ᠠ ᠶᠢ | ᠠᠬᠢᠭᠤᠯᠬᠤ ᠠᠵᠢᠯᠯᠠᠭ᠎ᠠ ᠪᠣᠯᠤᠨ ᠭᠠᠳᠠᠭᠠᠳᠤ ᠠᠷᠠᠯᠵᠢᠶ᠎ᠠ ᠶᠢ ᠠᠬᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ | ᠵᠢᠯᠣᠭᠤᠳᠴᠤ᠂ ᠤᠯᠤᠰ ᠤᠨ ᠭᠠᠳᠠᠭᠠᠳᠤ ᠠᠷᠠᠯᠵᠢᠶᠠᠨ ᠤ ᠬᠠᠮᠢᠶ᠎ᠠ ᠪᠦᠬᠦᠢ ᠲᠠᠸᠠᠷ᠂ ᠮᠡᠷᠭᠡᠵᠢᠯ ᠢ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠲᠥᠯᠥᠪᠯᠡᠭᠡ ᠶᠢᠨ ᠬᠠᠮᠢᠶᠠᠷᠤᠯᠲᠠ ᠶᠢ ᠬᠠᠤᠯᠢ ᠶᠣᠰᠣᠭᠠᠷ ᠵᠣᠬᠢᠶᠠᠨ | ᠪᠠᠶᠢᠭᠤᠯᠤᠨ᠎ᠠ ᠃ ᠤᠯᠤᠰ ᠤᠨ ᠭᠠᠳᠠᠭᠠᠳᠤ ᠮᠡᠷᠭᠡᠵᠢᠯ ᠤᠨ ᠠᠷᠠᠯᠵᠢᠶ᠎ᠠ᠂ ᠭᠠᠳᠠᠭᠠᠳᠤ ᠳᠤ ᠭᠠᠷᠭᠠᠬᠤ ᠶᠢ ᠵᠠᠬᠢᠷᠤᠨ | ᠬᠠᠮᠢᠶᠠᠷᠬᠤ ᠵᠢᠴᠢ ᠮᠡᠷᠭᠡᠵᠢᠯ᠂ ᠢᠵᠢ ᠪᠦᠷᠢᠳᠦᠭᠰᠡᠨ ᠲᠤᠨᠤᠭ ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠶᠢ ᠵᠣᠷᠢᠭᠵᠢᠭᠤᠯᠬᠤ ᠠᠷᠠᠯᠵᠢᠶᠠᠨ ᠤ ᠲᠦᠷᠦ ᠶᠢᠨ ᠪᠤᠳᠤᠯᠭ᠎ᠠ ᠪᠠ ᠪᠣᠯᠪᠠᠰᠤᠷᠠᠭᠤᠯᠬᠤ | ᠠᠷᠠᠯᠵᠢᠶᠠᠨ ᠤ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ ᠃ ᠭᠠᠳᠠᠭᠠᠳᠤ ᠠᠴᠠ ᠣᠷᠣᠭᠤᠯᠵᠤ ᠭᠠᠳᠠᠭᠠᠳᠤ | ᠳᠤ ᠭᠠᠷᠭᠠᠬᠤ ᠠᠷᠠᠯᠵᠢᠶᠠᠨ ᠤ ᠪᠠᠷᠢᠮᠵᠢᠶᠠᠵᠢᠭᠤᠯᠬᠤ ᠠᠵᠢᠯ ᠢ ᠲᠦᠯᠬᠢᠨ ᠠᠬᠢᠭᠤᠯᠤᠨ᠎ᠠ ᠃ ᠲᠧᠭᠨᠢᠭ ᠮᠡᠷᠭᠡᠵᠢᠯ ᠢ | ᠣᠷᠣᠭᠤᠯᠬᠤ᠂ ᠲᠤᠨᠤᠭ ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠬᠤ᠂ ᠭᠠᠳᠠᠭᠠᠳᠤ ᠳᠤ ᠭᠠᠷᠭᠠᠬᠤ ᠲᠧᠭᠨᠢᠭ | ᠮᠡᠷᠭᠡᠵᠢᠯ ᠢ ᠤᠯᠤᠰ ᠠᠴᠠ ᠬᠢᠵᠠᠭᠠᠷᠯᠠᠬᠤ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ ᠃ ᠬᠠᠮᠢᠶᠠᠷᠤᠯᠲᠠ | ᠶᠢᠨ ᠡᠷᠬᠡ ᠶᠢᠨ ᠬᠡᠪᠴᠢᠶ᠎ᠡ ᠶᠣᠰᠣᠭᠠᠷ ᠲᠠᠷᠬᠠᠬᠤ ᠶᠢ ᠰᠡᠷᠭᠡᠶᠢᠯᠡᠬᠦ ᠵᠡᠷᠭᠡ ᠤᠯᠤᠰ ᠤᠨ ᠠᠮᠤᠷ ᠲᠦᠪᠰᠢᠨ ᠳᠤ | ᠬᠤᠯᠪᠣᠭᠳᠠᠬᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠥᠪᠰᠢᠶᠡᠷᠡᠯ ᠤᠨ ᠦᠨᠡᠮᠯᠡᠯ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ | ( ᠲᠤᠯᠤᠭ᠎ᠠ ) ᠤᠯᠤᠰ ᠤᠨ ᠦᠢᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ | ᠬᠡᠷᠡᠭᠵᠢᠭᠦᠯᠬᠦ ᠶᠢᠨ ᠬᠠᠮᠲᠤ ᠬᠤᠯᠪᠣᠭᠳᠠᠯ ᠪᠦᠬᠦᠢ ᠠᠵᠢᠯ ᠢ ᠥᠷᠨᠢᠭᠦᠯᠦᠨ᠎ᠡ ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠭᠠᠳᠠᠭᠠᠳᠤ | ᠭᠠᠷᠭᠠᠯᠲᠠ ᠶᠢ ᠠᠬᠢᠭᠤᠯᠬᠤ ᠪᠠ ᠦᠢᠯᠡᠴᠢᠯᠡᠭᠡᠨ ᠢ ᠭᠠᠳᠠᠭᠰᠢ ᠳᠠᠭᠠᠭᠠᠴᠢᠯᠠᠭᠤᠯᠬᠤ ᠬᠥᠭᠵᠢᠯᠲᠡ ᠶᠢᠨ | ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠢᠯᠡᠴᠢᠯᠡᠭᠡᠨ ᠢ ᠭᠠᠳᠠᠭᠰᠢ ᠳᠠᠭᠠᠭᠠᠴᠢᠯᠠᠭᠤᠯᠬᠤ ᠲᠠᠪᠴᠠᠩ ᠤᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ ᠃ ᠪᠥᠬᠦ ᠲᠣᠭᠤᠷᠢᠭ ᠤᠨ ᠬᠤᠷᠠᠯ ᠦᠵᠡᠰᠬᠦᠯᠡᠩ ᠤᠨ ᠦᠶᠯᠡᠰ ᠢ | ᠠᠬᠢᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠵᠤ᠂ ᠨᠠᠮ ᠵᠠᠰᠠᠭ ᠤᠨ ᠪᠠᠶᠢᠭᠤᠯᠭ᠎ᠠ ᠶᠢᠨ ᠬᠢᠯᠢ ᠳᠣᠲᠣᠷ᠎ᠠ | ᠦᠵᠡᠰᠬᠦᠯᠡᠩ ᠤᠨ ᠠᠵᠢᠯᠯᠠᠭ᠎ᠠ ᠡᠷᠭᠢᠯᠡᠬᠦ ᠶᠢ ᠬᠠᠮᠢᠶᠠᠷᠤᠨ᠎ᠠ ᠃ | ( ᠨᠠᠢᠮᠠ ) ᠡᠷᠬᠡ ᠣᠯᠭᠤᠯᠲᠠ ᠶᠢ ᠦᠨᠳᠦᠰᠦᠯᠡᠨ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠢ ᠲᠥᠯᠥᠭᠡᠯᠡᠨ ᠭᠠᠳᠠᠭᠠᠳᠤ ᠤᠯᠤᠰ ᠲᠠᠢ ᠠᠵᠤ ᠠᠬᠤᠢ ᠠᠷᠠᠯᠵᠢᠶᠠᠨ ᠤ ᠬᠡᠯᠡᠯᠴᠡᠭᠡ ᠬᠢᠬᠦ ᠶᠢᠨ ᠬᠠᠮᠲᠤ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ᠂ ᠤᠯᠤᠰ ( ᠭᠠᠵᠠᠷ ᠣᠷᠣᠨ ) ᠤᠨ | ᠬᠤᠭᠤᠷᠣᠨᠳᠣᠬᠢ ᠠᠵᠤ ᠠᠬᠤᠢ ᠠᠷᠠᠯᠵᠢᠶᠠᠨ ᠤ ᠬᠠᠷᠢᠴᠠᠭᠠᠨ ᠤ ᠳᠤᠮᠳᠠᠬᠢ ᠴᠢᠬᠤᠯᠠ ᠬᠡᠷᠡᠭ ᠶᠠᠪᠤᠳᠠᠯ ᠢ | ᠰᠢᠢᠳᠪᠦᠷᠢᠯᠡᠨ᠎ᠡ ᠃ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠠᠯᠪᠠᠨ ᠲᠠᠯ᠎ᠠ ᠶᠢᠨ ᠬᠤᠳᠠᠯᠳᠤᠭᠠᠨ ᠤ | ᠶᠠᠪᠤᠳᠠᠯ ᠤᠨ ᠪᠠᠶᠢᠭᠤᠯᠤᠮᠵᠢ᠂ ᠪᠤᠭᠤᠲᠤ ᠬᠤᠲᠠ ᠳᠤ ᠰᠠᠭᠤᠭ᠎ᠠ ᠭᠠᠳᠠᠭᠠᠳᠤ ᠶᠢᠨ ᠬᠤᠳᠠᠯᠳᠤᠭᠠᠴᠢᠨ ᠤ ᠲᠥᠯᠥᠭᠡᠯᠡᠬᠦ | ᠪᠠᠶᠢᠭᠤᠯᠤᠮᠵᠢ ᠪᠣᠯᠤᠨ ᠮᠠᠨ ᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠺᠤᠨᠰᠦ᠋ᠯ ᠤᠨ | ᠭᠠᠵᠠᠷ ᠤᠨ ᠬᠤᠳᠠᠯᠳᠤᠭ᠎ᠠ ᠡᠷᠬᠢᠯᠡᠬᠦ ᠭᠠᠵᠠᠷ ᠲᠠᠢ ᠬᠠᠷᠢᠯᠴᠠᠨ᠎ᠠ ᠃ | (ᠶᠢᠰᠦ )ᠮᠠᠨ ᠤ ᠤᠯᠤᠰ ᠤᠨ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠬᠤ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠬᠠᠮᠲᠤ ᠬᠤᠳᠠᠯᠳᠤᠭᠠᠨ ᠤ ᠶᠠᠪᠤᠳᠠᠯ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠪᠣᠯᠤᠨ ᠪᠤᠭᠤᠲᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠶᠢ ᠬᠠᠪᠰᠤᠷᠤᠨ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ ᠃ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠭᠤᠣᠯᠴᠢ ᠠᠷᠠᠯᠵᠢᠶ᠎ᠠ ᠶᠢᠨ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ ᠵᠢᠯᠣᠭᠤᠳᠤᠨ᠎ᠠ ᠃ | ᠬᠤᠳᠠᠯᠳᠤᠭᠠᠨ ᠤ ᠶᠠᠪᠤᠳᠠᠯ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ | ᠲᠢᠩᠬᠢᠮ ᠪᠣᠯᠤᠨ ᠪᠤᠭᠤᠲᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠮᠠᠨ ᠤ ᠣᠷᠣᠨ ᠳᠤ | ᠬᠤᠯᠪᠣᠭᠳᠠᠬᠤ ᠠᠵᠤ ᠠᠬᠤᠶ ᠠᠷᠠᠯᠵᠢᠶᠠᠨ ᠤ ᠬᠡᠯᠡᠯᠴᠡᠭᠡ ᠳᠤ ᠣᠷᠣᠯᠴᠠᠨ᠎ᠠ ᠃ | ( ᠠᠷᠪᠠ ) ᠭᠠᠳᠠᠭᠠᠳᠤ ᠠᠵᠤ ᠠᠬᠤᠶ ᠶᠢᠨ ᠬᠤᠷᠰᠢᠯᠴᠠᠭ᠎ᠠ ᠶᠢᠨ ᠠᠵᠢᠯ ᠢ ᠬᠠᠷᠢᠭᠤᠴᠠᠵᠤ᠂ ᠣᠷᠣᠰ᠂ | ᠮᠣᠩᠭᠤᠯ ᠤᠯᠤᠰ ᠪᠣᠯᠤᠨ 《 ᠨᠢᠭᠡ ᠪᠦᠰᠡ ᠨᠢᠭᠡ ᠵᠠᠮ 》 ᠳᠠᠭᠠᠤ ᠤᠯᠤᠰ ᠯᠤᠭ᠎ᠠ ᠶᠢᠨ ᠠᠵᠤ ᠠᠬᠤᠶ | ᠠᠷᠠᠯᠵᠢᠶᠠᠨ ᠤ ᠬᠤᠷᠰᠢᠯᠴᠠᠭ᠎ᠠ ᠶᠢ ᠴᠢᠩᠭᠠᠳᠬᠠᠨ᠎ᠠ ᠃ ᠤᠯᠤᠰ ᠤᠨ ᠭᠠᠳᠠᠭᠠᠳᠤ ᠠᠵᠤ ᠠᠬᠤᠶ ᠶᠢᠨ ᠬᠤᠷᠰᠢᠯᠴᠠᠭ᠎ᠠ | ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠭᠠᠳᠠᠭᠠᠳᠤ ᠳᠤ ᠪᠠᠷᠢᠯᠭ᠎ᠠ ᠳᠠᠭᠠᠭᠠᠴᠢᠯᠠᠬᠤ᠂ ᠭᠠᠳᠠᠭᠰᠢ | ᠬᠥᠳᠡᠯᠮᠦᠷᠢ ᠬᠦᠴᠦ ᠲᠣᠮᠢᠯᠠᠬᠤ᠂ ᠬᠢᠯᠢ ᠶᠢᠨ ᠭᠠᠳᠠᠨᠠᠬᠢ ᠡᠬᠢ ᠪᠠᠶᠠᠯᠢᠭ ᠤᠨ ᠬᠤᠷᠰᠢᠯᠴᠠᠭ᠎ᠠ ᠬᠢᠬᠦ᠂ ᠭᠠᠳᠠᠭᠠᠳᠤ ᠳᠤ | ᠪᠡᠯᠡ ᠣᠷᠣᠭᠤᠯᠤᠨ ᠠᠵᠤ ᠠᠬᠤᠶᠢᠯᠠᠯ ᠡᠷᠬᠢᠯᠡᠬᠦ ᠮᠥᠩᠭᠦᠨ ᠭᠦᠢᠯᠭᠡᠭᠡᠨ ᠤ ᠠᠵᠤ ᠠᠬᠤᠶᠢᠯᠠᠯ ᠪᠠᠭᠲᠠᠬᠤ ᠦᠭᠡᠶ ᠶᠢ | ᠬᠠᠤᠯᠢ ᠶᠣᠰᠣᠭᠠᠷ ᠬᠠᠮᠢᠶᠠᠷᠤᠨ᠎ᠠ ᠃ ᠰᠢᠭᠤᠶᠢᠲᠤ ᠣᠷᠣᠨ ᠤ ᠭᠠᠳᠠᠭᠠᠳᠤ ᠳᠤ ᠲᠤᠰᠠᠯᠠᠮᠵᠢ ᠦᠵᠡᠭᠦᠯᠬᠦ ᠠᠵᠢᠯ ᠤᠨ | ᠲᠤᠰᠢᠶᠠᠯ ᠬᠠᠷᠢᠭᠤᠴᠠᠯᠭ᠎ᠠ ᠪᠠ ᠤᠯᠤᠰ ᠤᠨ ᠭᠠᠳᠠᠭᠠᠳᠤ ᠳᠤ ᠲᠤᠰᠠᠯᠠᠮᠵᠢ ᠦᠵᠡᠭᠦᠯᠬᠦ ᠵᠦᠢᠯᠡᠰ ᠢ ᠡᠭᠦᠷᠭᠡᠯᠡᠨ᠎ᠡ ᠃ | (ᠠᠷᠪᠠᠨ ᠨᠢᠭᠡ) ᠪᠦᠬᠦ ᠲᠣᠭᠤᠷᠢᠭ ᠤᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ | ᠠᠵᠢᠯ ᠢ ᠵᠢᠯᠣᠭᠤᠳᠤᠨ ᠬᠠᠮᠢᠶᠠᠷᠤᠨ᠎ᠠ ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠰᠢᠭᠯᠠᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠪᠠ | ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ᠎ᠠ ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠭᠰᠠᠨ ᠠᠵᠤ ᠠᠬᠤᠶᠢᠯᠠᠯ ᠢ ᠪᠠᠶᠢᠭᠤᠯᠬᠤ᠂ ᠬᠤᠪᠢᠷᠠᠭᠤᠯᠬᠤ ᠵᠡᠷᠭᠡ ᠵᠦᠢᠯᠡᠰ ᠤᠨ ᠬᠤᠯᠪᠣᠭᠳᠠᠯ ᠪᠦᠬᠦᠢ | ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠯᠲᠠ ᠶᠢ ᠠᠬᠢᠭᠤᠯᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ ᠃ ᠭᠠᠳᠠᠭᠠᠳᠤ ᠶᠢᠨ ᠬᠤᠳᠠᠯᠳᠤᠭᠠᠴᠢᠨ | ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ | ᠲᠦᠷᠢᠮ᠂ ᠭᠡᠷ᠎ᠡ ᠶᠢᠨ ᠲᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠬᠤ ᠶᠢᠨ | ᠬᠠᠮᠲᠤ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ ᠃ | ( ᠠᠷᠪᠠᠨ ᠬᠤᠶᠠᠷ ) ᠳᠡᠭᠡᠳᠦ ᠱᠠᠲᠤᠨ ᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ | ᠪᠣᠯᠭᠠᠬᠤ ᠪᠠᠶᠢᠯᠳᠤᠬᠤ ᠪᠤᠳᠤᠯᠭ᠎ᠠ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠭᠠᠳᠠᠭᠠᠳᠤ ᠶᠢᠨ | ᠤᠶᠤᠨ ᠮᠡᠳᠡᠯᠭᠡ ᠶᠢ ᠣᠷᠣᠭᠤᠯᠬᠤ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ | ᠬᠡᠷᠡᠭᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃ | ( ᠠᠷᠪᠠᠨ ᠭᠤᠷᠪᠠ ) ᠪᠦᠬᠦ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ | ᠲᠠᠯᠪᠢᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠲᠥᠯᠥᠪᠯᠡᠭᠡ | ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠠᠳᠠᠯ | ᠦᠢᠯᠡᠰ ᠴᠣᠭᠴᠠᠯᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ ᠃ | ( ᠠᠷᠪᠠᠨ ᠳᠥᠷᠪᠡ ) ᠪᠦᠬᠦ ᠲᠣᠭᠤᠷᠢᠭ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ | ᠲᠣᠭᠲᠠᠴᠠ ᠶᠢ ᠪᠦᠷᠢᠨᠰᠢᠭᠦᠯᠦᠨ᠎ᠡ ᠃ ᠰᠢᠨᠵᠢᠯᠡᠬᠦ ᠤᠬᠠᠭᠠᠨ ᠤ ᠰᠤᠳᠤᠯᠤᠯ ᠤᠨ ᠰᠢᠰᠲ᠋ᠧᠮᠵᠢ ᠶᠢᠨ ᠪᠠᠶᠢᠭᠤᠯᠤᠯᠲᠠ | ᠶᠢ ᠰᠢᠯᠢᠳᠡᠭᠵᠢᠭᠦᠯᠦᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠪᠣᠯᠤᠨ ᠠᠵᠤ ᠠᠬᠤᠶᠢᠯᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ ᠃ ᠰᠢᠨᠵᠢᠯᠡᠬᠦ ᠤᠬᠠᠭᠠᠨ ᠮᠡᠷᠭᠡᠵᠢᠯ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ | ᠬᠥᠭᠵᠢᠭᠦᠯᠬᠦ ᠶᠢ ᠠᠬᠢᠭᠤᠯᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ ᠃ | ( ᠠᠷᠪᠠᠨ ᠲᠠᠪᠤ ) ᠪᠦᠬᠦ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢ | ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠶ | ᠮᠡᠷᠭᠡᠵᠢᠯ ᠤᠨ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ ᠨᠢᠭᠡᠳᠦᠯᠲᠡᠶ ᠲᠥᠯᠥᠪᠯᠡᠨ᠂ ᠴᠢᠬᠤᠯᠠ ᠶᠡᠭᠡ | ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ | ᠲᠦᠷᠦᠭᠦᠯᠡᠨ ᠵᠣᠬᠢᠶᠠᠨ ᠪᠠᠶᠢᠭᠤᠯᠤᠨ᠎ᠠ ᠃ | ( ᠠᠷᠪᠠᠨ ᠵᠢᠷᠭᠤᠭ᠎ᠠ ) ᠪᠦᠬᠦ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ | ᠨᠢᠭᠡᠳᠦᠯᠲᠡᠶ ᠲᠠᠪᠴᠠᠩ ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠪᠡᠯᠡ ᠮᠥᠩᠭᠦ ᠶᠢ | ᠵᠣᠬᠢᠴᠠᠭᠤᠯᠬᠤ᠂ ᠦᠨᠡᠯᠡᠨ ᠵᠢᠱᠢᠬᠦ᠂ ᠬᠢᠨᠠᠨ ᠬᠠᠮᠢᠶᠠᠷᠬᠤ ᠲᠣᠭᠲᠠᠴᠠ ᠶᠢ ᠲᠦᠷᠦᠭᠦᠯᠡᠨ ᠪᠠᠶᠢᠭᠤᠯᠤᠨ᠎ᠠ ᠃ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ | ᠰᠢᠯᠢᠳᠡᠭᠵᠢᠭᠦᠯᠦᠨ ᠳᠣᠭᠢᠷᠠᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠰᠢᠨᠵᠢᠯᠡᠬᠦ ᠤᠬᠠᠭᠠᠨ | ᠮᠡᠷᠭᠡᠵᠢᠯ ᠤᠨ ᠣᠯᠠᠨ ᠡᠰᠢᠵᠢᠭᠰᠡᠨ ᠣᠷᠣᠭᠤᠯᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ | ᠰᠢᠭᠤᠶᠢᠲᠤ ᠲᠣᠭᠤᠷᠢᠭ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ( ᠲᠤᠰᠬᠠᠶ | ᠵᠦᠶᠯ᠂ ᠰᠠᠭᠤᠷᠢ ᠮᠥᠩᠭᠦ ᠵᠡᠷᠭᠡ ) ᠶᠢ ᠵᠣᠬᠢᠴᠠᠭᠤᠯᠤᠨ ᠬᠠᠮᠢᠶᠠᠷᠬᠤ ᠶᠢᠨ ᠬᠠᠮᠲᠤ ᠬᠢᠨᠠᠯᠲᠠ ᠲᠠᠯᠪᠢᠵᠤ | ᠬᠡᠷᠡᠭᠵᠢᠭᠦᠯᠦᠨ᠎ᠡ ᠃ | ( ᠠᠷᠪᠠᠨ ᠳᠣᠯᠤᠭ᠎ᠠ ) ᠪᠥᠬᠦ ᠲᠣᠭᠤᠷᠢᠭ ᠤᠨᠰᠠᠭᠤᠷᠢ ᠰᠤᠳᠤᠯᠤᠯ ᠤᠨ ᠲᠥᠯᠥᠪᠵᠢᠭᠦᠯᠭᠡ ᠶᠢ | ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ ᠪᠦᠬᠦ ᠲᠣᠭᠤᠷᠢᠭ ᠤᠨ ᠴᠢᠬᠤᠯᠠ ᠶᠡᠭᠡ | ᠰᠠᠭᠤᠷᠢ ᠰᠤᠳᠤᠯᠤᠯ ᠪᠣᠯᠤᠨ ᠬᠡᠷᠡᠭᠯᠡᠭᠡᠨ ᠤ ᠰᠠᠭᠤᠷᠢ ᠰᠤᠳᠤᠯᠤᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ ᠃ | ( ᠠᠷᠪᠠᠨ ᠨᠠᠶᠮᠠ ) ᠪᠦᠬᠦ ᠲᠣᠭᠤᠷᠢᠭ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ | ᠤᠨ ᠮᠡᠷᠭᠡᠵᠢᠯ ᠤᠨ ᠰᠤᠳᠤᠯᠤᠯ ᠤᠨ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠦᠭᠦᠯᠡᠨ ᠵᠣᠬᠢᠶᠠᠨ ᠪᠠᠶᠢᠭᠤᠯᠵᠤ᠂ | ᠰᠢᠨᠵᠢᠯᠡᠬᠦ ᠤᠬᠠᠭᠠᠨ ᠤ ᠰᠤᠳᠤᠯᠤᠯ ᠤᠨ ᠨᠥᠬᠦᠴᠡᠯ ᠤᠨ ᠪᠠᠲᠤᠯᠠᠭ᠎ᠠ ᠪᠦᠲᠦᠭᠡᠨ ᠪᠠᠶᠢᠭᠤᠯᠤᠯᠲᠠ ᠪᠣᠯᠤᠨ ᠰᠢᠨᠵᠢᠯᠡᠬᠦ | ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠨᠡᠭᠡᠭᠡᠯᠲᠡ ᠲᠠᠢ ᠪᠠᠶᠢᠯᠭᠠᠵᠤ ᠬᠠᠮᠲᠤᠪᠠᠷ ᠡᠳ ᠯᠡᠬᠦ ᠶᠢ ᠲᠦᠯᠬᠢᠨ | ᠠᠬᠢᠭᠤᠯᠤᠨ᠎ᠠ ᠃ | (ᠠᠷᠪᠠ ᠶᠢᠰᠦ )ᠳᠡᠭᠡᠳᠦ ᠱᠠᠲᠤᠨ ᠤ ᠳᠡᠭᠡᠳᠦ ᠰᠢᠨ᠎ᠡ ᠮᠡᠷᠭᠡᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ | ᠮᠡᠷᠭᠡᠵᠢᠯ ᠢᠶᠠᠷ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠪᠣᠯᠤᠨ ᠨᠡᠶᠢᠭᠡᠮ ᠤᠨ ᠬᠥᠭᠵᠢᠯᠲᠡ | ᠶᠢ ᠠᠬᠢᠭᠤᠯᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠶ ᠃ ᠪᠦᠬᠦ ᠲᠣᠭᠤᠷᠢᠭ ᠤᠨ ᠭᠤᠣᠯᠳᠠᠯᠭ᠎ᠠ ᠲᠠᠢ ᠬᠦᠷᠢᠶᠡᠨ ᠤ ᠮᠡᠷᠭᠡᠵᠢᠯ ᠤᠨ | ᠬᠥᠭᠵᠢᠯᠲᠡ ᠶᠢᠨ ᠤᠷᠢᠳᠠᠴᠢ ᠴᠢᠨᠠᠷᠲᠠᠶ ᠰᠤᠳᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ | ᠡᠭᠦᠷᠭᠡ ᠶᠢ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ ᠃ | ( ᠬᠤᠷᠢ ) ᠪᠥᠬᠦ ᠲᠣᠭᠤᠷᠢᠭ ᠤᠨ ᠮᠡᠷᠭᠡᠵᠢᠯ ᠢ ᠰᠢᠯᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠡᠭᠡᠳᠦ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ | ᠢ ᠬᠠᠮᠢᠶᠠᠷᠴᠤ ᠰᠢᠯᠵᠢᠭᠦᠯᠦᠨ ᠤᠯᠠᠷᠢᠭᠤᠯᠬᠤ ᠪᠠ ᠦᠶᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠶᠢ | ᠠᠬᠢᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ ᠃ ᠰᠢᠨᠵᠢᠯᠡᠬᠦ ᠤᠬᠠᠭᠠᠨ ᠮᠡᠷᠭᠡᠵᠢᠯ ᠤᠨ | ᠦᠢᠯᠡᠴᠢᠯᠡᠭᠡᠨ ᠤ ᠦᠢᠯᠡᠰ᠂ ᠮᠡᠷᠭᠡᠵᠢᠯ ᠤᠨ ᠵᠠᠬ᠎ᠠ ᠳᠡᠯᠭᠡᠭᠦᠷ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ | ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠵᠢᠯᠣᠭᠤᠳᠤᠨ᠎ᠠ ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ | ᠰᠢᠨᠵᠢᠯᠡᠬᠦ ᠤᠬᠠᠭᠠᠨ ᠢ ᠤᠯᠠᠮᠵᠢᠯᠠᠨ ᠳᠡᠯᠭᠡᠷᠡᠭᠦᠯᠬᠦ ᠲᠥᠯᠥᠪᠵᠢᠭᠦᠯᠭᠡ ᠶᠢ ᠲᠣᠭᠲᠠᠭᠠᠨ᠎ᠠ ᠃ | ( ᠬᠤᠷᠢᠨ ᠨᠢᠭᠡ ) ᠣᠷᠣᠨ ᠪᠦᠰᠡ ᠶᠢᠨ ᠰᠢᠨ᠎ᠡ ᠶᠢ ᠡᠭᠦᠳᠦᠨ ᠬᠥᠭᠵᠢᠭᠦᠯᠬᠦ᠂ ᠰᠢᠨᠵᠢᠯᠡᠬᠦ ᠤᠬᠠᠭᠠᠨ | ᠮᠡᠷᠭᠡᠵᠢᠯ ᠤᠨ ᠡᠬᠢ ᠪᠠᠶᠠᠯᠢᠭ ᠢ ᠵᠦᠶ ᠵᠣᠬᠢᠰᠲᠠᠶ ᠪᠠᠶᠢᠷᠢᠯᠠᠭᠤᠯᠬᠤ ᠪᠠ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ | ᠶᠢᠨ ᠪᠠᠶᠢᠭᠤᠯᠤᠯᠲᠠ ᠶᠢ ᠵᠢᠯᠣᠭᠤᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ᠂ | ᠠᠴᠢᠶᠠᠯᠠᠪᠤᠷᠢ ᠵᠢᠴᠢ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢ ᠠᠬᠢᠭᠤᠯᠤᠨ᠎ᠠ ᠃ | ( ᠬᠤᠷᠢᠨ ᠬᠤᠶᠠᠷ ) ᠰᠢᠨᠵᠢᠯᠡᠬᠦ ᠤᠬᠠᠭᠠᠨ ᠮᠡᠷᠭᠡᠵᠢᠯ ᠳᠤ ᠬᠢᠨᠠᠯᠲᠠ ᠲᠠᠯᠪᠢᠨ ᠦᠨᠡᠯᠡᠬᠦ ᠰᠢᠰᠲ᠋ᠧᠮᠵᠢ ᠶᠢᠨ | ᠪᠠᠶᠢᠭᠤᠯᠤᠯᠲᠠ ᠪᠠ ᠬᠠᠮᠢᠶ᠎ᠠ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠨ ᠵᠢᠱᠢᠬᠦ ᠬᠠᠮᠢᠶᠠᠷᠤᠯᠲᠠ ᠶᠢ | ᠬᠠᠷᠢᠭᠤᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠬᠦ ᠳᠦᠷᠢᠮ ᠤᠨ ᠥᠭᠡᠷᠡᠴᠢᠯᠡᠯᠲᠡ ᠶᠢ ᠵᠢᠯᠣᠭᠤᠳᠴᠤ᠂ | ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠎ᠡ ᠃ | | ( ᠬᠤᠷᠢᠨ ᠭᠤᠷᠪᠠ ) ᠪᠥᠬᠦ ᠲᠣᠭᠤᠷᠢᠭ ᠤᠨ ᠰᠢᠨ᠎ᠡ ᠶᠢ ᠡᠭᠦᠳᠦᠭᠰᠡᠨ ᠪᠠᠶᠢᠴᠠᠭᠠᠯᠲᠠ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠮᠡᠳᠡᠭᠦᠯᠦᠯᠲᠡ ᠶᠢᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ | ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠪᠠ ᠮᠡᠷᠭᠡᠵᠢᠯ ᠤᠨ ᠭᠡᠷ᠎ᠡ ᠶᠢ | ᠮᠠᠭᠠᠳᠯᠠᠨ ᠲᠣᠭᠲᠠᠭᠠᠵᠤ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ ᠃ | (ᠬᠤᠷᠢᠨ ᠳᠥᠷᠪᠡ )ᠳᠡᠭᠡᠳᠦ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠭᠠᠳᠠᠭᠠᠳᠤ ᠬᠠᠷᠢᠯᠴᠠᠭ᠎ᠠ | ᠬᠢᠭᠡᠳ ᠰᠢᠨ᠎ᠡ ᠶᠢ ᠡᠭᠦᠳᠬᠦ ᠴᠢᠳᠠᠪᠤᠷᠢ ᠶᠢᠨ ᠨᠡᠭᠡᠭᠡᠯᠲᠡ ᠬᠢᠵᠦ ᠬᠤᠷᠰᠢᠯᠴᠠᠬᠤ ᠲᠥᠯᠥᠪᠵᠢᠭᠦᠯᠭᠡ᠂ ᠲᠥᠷᠥ ᠶᠢᠨ | ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠭᠠᠳᠠᠭᠠᠳᠤ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠬᠢᠭᠡᠳ ᠰᠢᠨᠵᠢᠯᠡᠬᠦ | ᠤᠬᠠᠭᠠᠨ ᠮᠡᠷᠭᠡᠵᠢᠯ ᠤᠨ ᠴᠢᠳᠠᠪᠤᠷᠢᠲᠠᠨ ᠰᠣᠯᠢᠯᠴᠠᠬᠤ ᠠᠵᠢᠯ ᠢ ᠵᠢᠯᠣᠭᠤᠳᠤᠨ᠎ᠠ ᠃ | ( ᠬᠤᠷᠢᠨ ᠲᠠᠪᠤ ) ᠭᠠᠳᠠᠭᠠᠳᠤ ᠶᠢᠨ ᠣᠶᠤᠨ ᠮᠡᠳᠡᠯᠭᠡ ᠶᠢ ᠣᠷᠣᠭᠤᠯᠬᠤ ᠠᠵᠢᠯ ᠢ ᠬᠠᠷᠢᠭᠤᠴᠠᠨ᠎ᠠ ᠃ | ᠳᠡᠭᠡᠳᠦ ᠱᠠᠲᠤᠨ ᠤ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠢ ᠣᠷᠣᠭᠤᠯᠤᠨ ᠠᠪᠴᠢᠷᠠᠬᠤ ᠶᠡᠷᠦᠩᠬᠡᠶ | ᠲᠥᠯᠥᠪᠵᠢᠭᠦᠯᠭᠡ᠂ ᠲᠥᠯᠥᠪᠯᠡᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠭᠠᠳᠠᠭᠠᠳᠤ ᠶᠢᠨ ᠲᠤᠰᠬᠠᠶ ᠮᠡᠷᠭᠡᠵᠢᠯᠲᠡᠨ᠂ ᠪᠦᠯᠬᠦᠮ ᠨᠡᠶᠢᠲᠡ ᠶᠢ ᠲᠠᠲᠠᠨ ᠴᠤᠭᠯᠠᠭᠤᠯᠬᠤ | ᠲᠣᠭᠲᠠᠴᠠ ᠪᠠ ᠭᠤᠤᠯᠳᠠᠯᠭ᠎ᠠ ᠲᠠᠢ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠲᠠᠢ ᠬᠠᠷᠢᠯᠴᠠᠬᠤ ᠦᠶᠯᠡᠴᠢᠯᠡᠭᠡᠨ ᠤ | ᠲᠣᠭᠲᠠᠴᠠ ᠪᠠᠶᠢᠭᠤᠯᠬᠤ ᠶᠢ ᠠᠬᠢᠭᠤᠯᠤᠨ᠎ᠠ ᠃ ᠳᠡᠭᠡᠳᠦ ᠱᠠᠲᠤᠨ ᠤ ᠬᠤᠯᠪᠣᠭᠳᠠᠯ ᠪᠦᠬᠦᠢ ᠭᠠᠳᠠᠭᠠᠳᠤ ( ᠬᠢᠯᠢ ) | ᠳᠤ ᠭᠠᠷᠬᠤ ᠪᠣᠯᠪᠠᠰᠤᠷᠠᠭᠤᠯᠤᠯ ᠤᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠣᠯᠤᠨ ᠣᠨ ᠤ ᠲᠥᠯᠥᠪᠯᠡᠭᠡ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ ᠃ | ( ᠬᠤᠷᠢᠨ ᠵᠢᠷᠭᠤᠭ᠎ᠠ ) ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠪᠥᠬᠦ ᠣᠷᠣᠨ ᠤ ᠬᠤᠳᠠᠯᠳᠤᠭᠠᠴᠢᠨ | ᠤᠷᠢᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ | ᠪᠤᠭᠤᠲᠤ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠪᠡᠯᠡ ᠣᠷᠣᠭᠤᠯᠤᠯᠲᠠ ᠶᠢ ᠠᠬᠢᠭᠤᠯᠬᠤ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠴᠢᠭᠯᠡᠯᠲᠡ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠬᠡᠷᠡᠭᠵᠢᠭᠦᠯᠦᠨ᠎ᠡ ᠃ ᠪᠦᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠪᠡᠯᠡ | ᠣᠷᠣᠭᠤᠯᠤᠯᠲᠠ ᠶᠢ ᠠᠬᠢᠭᠤᠯᠬᠤ ᠲᠠᠯ᠎ᠠ ᠶᠢᠨ ᠲᠥᠯᠥᠪᠵᠢᠭᠦᠯᠭᠡ᠂ ᠲᠥᠯᠥᠪᠯᠡᠭᠡ᠂ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ ᠤᠯᠤᠰ ᠤᠨ ᠳᠣᠲᠣᠭᠠᠳᠤ᠂ | ᠬᠢᠯᠢ ᠶᠢᠨ ᠭᠠᠳᠠᠨᠠᠬᠢ ( ᠰᠢᠶᠠᠩᠭᠠᠩ ᠣᠣᠮᠧᠨ ᠲᠠᠶᠢᠸᠠᠨ ᠣᠷᠣᠨ ) ᠶᠢᠨ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠶᠢ ᠬᠠᠮᠢᠶᠠᠷᠬᠤ᠂ ᠦᠢᠯᠡᠴᠢᠯᠡᠬᠦ ᠠᠵᠢᠯ ᠢ ᠬᠠᠷᠢᠭᠤᠴᠠᠨ᠎ᠠ ᠃ ᠪᠦᠬᠦ ᠣᠷᠣᠨ ᠤ ᠴᠢᠨᠠᠷᠲᠠᠶ ᠪᠡᠯᠡ | ᠣᠷᠣᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ | ( ᠬᠤᠷᠢᠨ ᠳᠣᠯᠤᠭ᠎ᠠ ) ᠲᠤᠶᠢᠯ ᠤᠨ ᠣᠨᠣᠪᠴᠢᠲᠠᠶ ᠪᠠᠷ ᠶᠠᠳᠠᠭᠤ ᠶᠢ ᠲᠡᠳᠬᠦᠬᠦ᠂ ᠠᠶᠤᠯ ᠥᠬᠡᠶ | ᠦᠶᠯᠡᠳᠪᠦᠷᠢᠯᠡᠯ᠂ ᠳᠠᠭᠠᠭᠠᠴᠢᠯᠠᠨ ᠬᠠᠷᠢᠯᠴᠠᠬᠤ ᠠᠵᠢᠯ ᠵᠢᠴᠢ ᠣᠷᠣᠨ ᠤ ᠨᠠᠮ ᠤᠨ ᠬᠤᠷᠢᠶ᠎ᠠ᠂ ᠣᠷᠣᠨ ᠤ ᠵᠠᠰᠠᠭ | ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ ᠃ | ( ᠬᠤᠷᠢᠨ ᠨᠠᠶᠮᠠ ) ᠡᠭᠦᠷᠭᠡ ᠴᠢᠳᠠᠪᠤᠷᠢ ᠶᠢ ᠬᠤᠪᠢᠷᠠᠭᠤᠯᠬᠤ ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ | ᠢᠶᠠᠷ ᠣᠷᠣᠨ ᠢᠶᠠᠨ ᠮᠠᠨᠳᠤᠭᠤᠯᠬᠤ᠂ ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠰᠢᠨ᠎ᠡ ᠶᠢ ᠡᠭᠦᠳᠬᠦ | ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢᠨ | ᠲᠣᠭᠤᠷᠢᠨ ᠳᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠪᠠ ᠦᠶᠯᠡᠴᠢᠯᠡᠭᠡᠨ | ᠤ ᠡᠭᠦᠷᠭᠡ ᠴᠢᠳᠠᠪᠤᠷᠢ ᠶᠢ ᠴᠢᠩᠭᠠᠳᠬᠠᠨ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠲᠦᠷᠢᠮ ᠪᠠ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠤᠷᠸ᠎ᠠ ᠬᠠᠮᠢᠶᠠᠷᠤᠯᠲᠠ | ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠪᠢᠴᠢᠯ ᠬᠠᠮᠢᠶᠠᠷᠤᠯᠲᠠ ᠪᠠ ᠪᠣᠳᠠᠲᠠᠶ ᠬᠢᠨᠠᠨ | ᠵᠥᠪᠰᠢᠶᠡᠷᠡᠬᠦ ᠵᠦᠶᠯᠡᠰ ᠢ ᠪᠠᠭᠠᠰᠬᠠᠨ᠂ ᠠᠵᠢᠯ ᠬᠡᠷᠡᠭ ᠤᠨ ᠳᠤᠮᠳᠠ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ ᠃ ᠰᠤᠳᠤᠯᠤᠨ ᠨᠡᠭᠡᠭᠡᠬᠦ ᠬᠠᠮᠢᠶᠠᠷᠤᠯᠲᠠ ᠶᠢ ᠰᠢᠨ᠎ᠡ ᠶᠢ ᠡᠭᠦᠳᠬᠦ ᠦᠢᠯᠡᠴᠢᠯᠡᠭᠡ ᠪᠣᠯᠭᠠᠨ | ᠬᠤᠪᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ | ᠭᠦᠨᠵᠡᠭᠡᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ | ᠰᠢᠯᠢᠳᠡᠭᠵᠢᠭᠦᠯᠦᠨ᠎ᠡ ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠨᠢ ᠪᠣᠳᠠᠲᠠᠶ ᠡᠷᠳᠡᠮ ᠰᠢᠨᠵᠢᠯᠡᠭᠡᠨ ᠤ ᠲᠥᠷᠥᠯ | ᠵᠦᠶᠯ ᠢ ᠰᠢᠭᠤᠳ ᠬᠠᠮᠢᠶᠠᠷᠬᠤ ᠥᠬᠡᠶ ᠪᠠᠶᠢᠬᠤ ᠶᠢ ᠠᠬᠢᠭᠤᠯᠵᠤ᠂ ᠲᠥᠷᠥᠯ ᠵᠦᠶᠯ ᠤᠨ ᠬᠠᠮᠢᠶᠠᠷᠤᠯᠲᠠ ᠶᠢᠨ | ᠲᠤᠰᠬᠠᠶ ᠪᠠᠶᠢᠭᠤᠯᠤᠮᠵᠢ ᠳᠤ ᠨᠠᠶᠢᠳᠠᠵᠤ ᠲᠥᠷᠥᠯ ᠵᠦᠶᠯ ᠢ ᠭᠥᠯᠢᠶᠡᠨ ᠠᠪᠴᠤ ᠰᠢᠶᠳᠪᠦᠷᠢᠯᠡᠬᠦ᠂ ᠬᠢᠨᠠᠨ ᠲᠣᠭᠲᠠᠭᠠᠬᠤ | ᠂ ᠲᠥᠷᠥᠯ ᠵᠦᠶᠯ ᠲᠣᠭᠲᠠᠭᠠᠬᠤ᠂ ᠶᠠᠪᠤᠴᠠ ᠶᠢᠨ ᠬᠠᠮᠢᠶᠠᠷᠤᠯᠲᠠ᠂ ᠰᠢᠯᠭᠠᠨ ᠬᠤᠷᠢᠶᠠᠬᠤ ᠵᠡᠷᠭᠡ ᠪᠣᠳᠠᠲᠠᠶ ᠠᠵᠢᠯ ᠢ | ᠥᠷᠨᠢᠭᠦᠯᠦᠨ᠎ᠡ ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠪᠠ | ᠲᠣᠬᠢᠷᠠᠭᠤᠯᠤᠯᠲᠠ ᠬᠢᠬᠦ ᠵᠦᠶᠯᠡᠰ ᠢ ᠳᠠᠭᠢᠵᠤ ᠬᠢᠨᠠᠨ ᠬᠠᠷᠭᠤᠭᠤᠯᠬᠤ ᠥᠬᠡᠶ ᠪᠠᠶᠢᠵᠤ᠂ ᠲᠥᠯᠥᠪᠵᠢᠭᠦᠯᠭᠡ ᠶᠢᠨ | ᠪᠠᠶᠢᠷᠢᠰᠢᠭᠤᠯᠤᠯᠲᠠ ᠪᠠ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠭᠤᠤᠯᠴᠢᠯᠠᠨ ᠴᠢᠩᠭᠠᠳᠬᠠᠨ᠎ᠠ ᠃ | ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠤᠯᠠᠮ ᠨᠢᠭᠡ ᠠᠯᠬᠤᠮ | ᠰᠠᠶᠢᠵᠢᠷᠠᠭᠤᠯᠵᠤ᠂ ᠪᠥᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠪᠠ ᠣᠷᠣᠨ ᠤ ᠭᠠᠳᠠᠨᠠᠬᠢ ᠵᠠᠰᠠᠯᠲᠠ ᠶᠢᠨ ᠠᠵᠢᠯ ᠢ ᠣᠷᠣᠭᠤᠯᠤᠨ ᠠᠪᠴᠢᠷᠠᠬᠤ ᠶᠢ ᠨᠢᠭᠡᠳᠦᠯᠲᠡᠶ | ᠲᠥᠯᠥᠪᠯᠡᠨ᠎ᠡ ᠃ | (ᠬᠤᠷᠢ ᠶᠢᠰᠦ) ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠃ | 1 . ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠬ᠎ᠠ ᠳᠡᠯᠭᠡᠭᠦᠷ ᠤᠨ | ᠠᠵᠤ ᠠᠬᠤᠶ ᠶᠢᠨ ᠡᠮᠬᠢ ᠳᠢᠭᠯᠢᠮ᠂ ᠠᠷᠢᠬᠢᠨ ᠤ ᠵᠦᠶᠯ ᠤᠨ ᠭᠦᠶᠯᠭᠡᠭᠡᠨ ᠵᠡᠷᠭᠡ ᠲᠠᠯ᠎ᠠ ᠶᠢᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠃ | ( 1 ) ᠰᠢᠭᠤᠶᠢᠲᠤ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠨᠢ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ | ᠤᠨ ᠪᠠᠶᠢᠭᠤᠯᠤᠯᠲᠠ ᠵᠡᠷᠭᠡ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠠᠬᠢᠭᠤᠯᠬᠤ ᠬᠠᠮᠢᠶ᠎ᠠ ᠪᠥᠬᠦᠶ | ᠠᠵᠢᠯ ᠢ ᠬᠠᠷᠢᠭᠤᠴᠠᠨ᠎ᠠ ᠃ ᠠᠷᠢᠬᠢᠨ ᠤ ᠵᠦᠶᠯ ᠤᠨ ᠭᠦᠶᠯᠭᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠶᠢ | ᠬᠠᠷᠢᠭᠤᠴᠠᠨ ᠲᠣᠭᠲᠠᠭᠠᠨ᠎ᠠ ᠃ | ( 2 ) ᠰᠢᠭᠤᠶᠢᠲᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ | ᠡᠵᠡᠩᠨᠡᠭᠴᠢ ᠶᠢ ᠲᠥᠪᠯᠡᠷᠡᠭᠦᠯᠦᠨ ᠮᠣᠨᠣᠫᠣᠯᠢᠴᠢᠯᠠᠯ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢ ᠬᠠᠷᠢᠭᠤᠴᠠᠵᠤ᠂ | ᠰᠢᠭᠤᠶᠢᠲᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠠᠭᠤᠷᠮᠠᠭ ᠮᠠᠭᠤ | ᠲᠠᠸᠠᠷ ᠦᠢᠯᠡᠳᠴᠦ ᠪᠣᠷᠣᠯᠠᠭᠤᠯᠤᠭᠰᠠᠨ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠠᠵᠢᠯ ᠢ ᠡᠭᠦᠷᠭᠡᠯᠡᠨ᠎ᠡ ᠃ | ᠠᠷᠢᠬᠢᠨ ᠤ ᠵᠦᠶᠯ ᠤᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ ᠪᠣᠯᠤᠨ ᠠᠷᠢᠬᠢᠨ ᠤ ᠵᠦᠶᠯ ᠤᠨ ᠢᠳᠡᠭᠡᠨ ᠤ ᠠᠶᠤᠯ | ᠦᠭᠡᠶ ᠶᠢ ᠬᠠᠷᠢᠭᠤᠴᠠᠨ᠎ᠠ ᠃ | 2 ᠡᠮ ᠤᠨ ᠵᠦᠢᠯ ᠤᠨ ᠭᠦᠢᠯᠭᠡᠭᠡᠨ ᠤ ᠬᠠᠮᠢᠶᠠᠷᠤᠯᠲᠠ ᠶᠢᠨ ᠲᠠᠯ᠎ᠠ ᠪᠠᠷ ᠬᠢ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠃ | ( 1 ) ᠰᠢᠭᠤᠶᠢᠲᠤ ᠣᠷᠣᠨ ᠤ ᠬᠤᠳᠠᠯᠳᠤᠭᠠᠨ ᠤ ᠶᠠᠪᠤᠳᠠᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠠᠴᠠ ᠡᠮ ᠤᠨ ᠵᠦᠶᠯ ᠤᠨ ᠭᠦᠶᠯᠭᠡᠭᠡᠨ ᠤ ᠬᠦᠷᠢᠶᠡᠨ ᠤ ᠬᠥᠭᠵᠢᠯᠲᠡ ᠶᠢᠨ ᠲᠥᠯᠥᠪᠵᠢᠭᠦᠯᠭᠡ ᠶᠢ | ᠵᠣᠬᠢᠶᠠᠨ ᠪᠠᠶᠢᠭᠤᠯᠤᠨ ᠲᠣᠭᠲᠠᠭᠠᠬᠤ ᠶᠢ ᠬᠠᠷᠢᠭᠤᠴᠠᠨ᠎ᠠ ᠃ | ( 2 ) ᠰᠢᠭᠤᠶᠢᠲᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠡᠮ | ᠤᠨ ᠵᠦᠶᠯ ᠤᠨ ᠭᠦᠶᠯᠭᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠶᠢ ᠬᠠᠮᠵᠢᠯᠴᠠᠨ ᠬᠡᠷᠡᠭᠵᠢᠭᠦᠯᠬᠦ ᠶᠢ | ᠬᠠᠷᠢᠭᠤᠴᠠᠵᠤ᠂ ᠡᠮ ᠤᠨ ᠵᠦᠶᠯ ᠤᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ | 3 . ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠤ ᠬᠠᠩᠭᠠᠨ ᠪᠣᠷᠣᠯᠠᠭᠤᠯᠬᠤ | ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠯᠤᠭ᠎ᠠ ᠴᠢᠬᠤᠯᠠ ᠬᠡᠷᠡᠭᠯᠡᠭᠡᠨ ᠤ ᠵᠦᠶᠯ ᠢ ᠨᠥᠭᠡᠴᠡᠯᠡᠬᠦ ᠬᠠᠮᠢᠶᠠᠷᠤᠯᠲᠠ ᠶᠢᠨ | ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠃ | ( 1 ) ᠣᠷᠣᠨ ᠤ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ | ᠵᠥᠪᠬᠡᠨ ᠮᠢᠬᠠᠨ ᠤ ᠵᠦᠢᠯ᠂ ᠢᠳᠡᠰᠢᠨ ᠨᠣᠭᠤᠭ᠎ᠠ ᠶᠢ ᠨᠥᠭᠡᠴᠡᠯᠡᠬᠦ ᠬᠠᠮᠢᠶᠠᠷᠤᠯᠲᠠ ᠶᠢ ᠬᠠᠷᠢᠭᠤᠴᠠᠨ᠎ᠠ ᠃ | ( 2 ) ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠨᠢ ᠵᠠᠬ᠎ᠠ | ᠬᠢᠵᠠᠭᠠᠷ ᠲᠤ ᠪᠣᠷᠣᠯᠠᠭᠤᠯᠬᠤ ᠴᠠᠶ ᠨᠥᠭᠡᠴᠡᠯᠡᠬᠦ ᠬᠠᠮᠢᠶᠠᠷᠤᠯᠲᠠ ᠶᠢ ᠬᠠᠷᠢᠭᠤᠴᠠᠨ᠎ᠠ ᠃ | ( 3 ) ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠪᠤᠰᠤᠳ ᠴᠢᠬᠤᠯᠠ | ᠬᠡᠷᠡᠭᠯᠡᠭᠡᠨ ᠤ ᠵᠦᠢᠯ ᠤᠨ ᠨᠥᠭᠡᠴᠡᠯᠡᠯ ᠤᠨ ᠬᠠᠮᠢᠶᠠᠷᠤᠯᠲᠠ ᠶᠢ ᠬᠠᠷᠢᠭᠤᠴᠠᠨ᠎ᠠ ᠃ | ( 4 )ᠰᠢᠭᠤᠶᠢᠲᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠣᠨ ᠪᠠᠲᠤᠯᠠᠭ᠎ᠠ | ᠢᠢᠨ ᠲᠣᠪᠴᠢᠶ᠎ᠠ ᠯᠤᠭ᠎ᠠ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠢᠢᠨ ᠬᠤᠪᠢᠶᠠᠷᠢᠯᠠᠯ ᠃ | ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠤᠨ ᠲᠥᠷᠥ ᠶᠢᠨ | ᠪᠣᠳᠣᠯᠭ᠎ᠠ ᠶᠢ ᠲᠣᠭᠲᠠᠭᠠᠬᠤ ᠲᠠᠯ᠎ᠠ ᠪᠠᠷ᠂ A ᠲᠥᠷᠥᠯ ᠤᠨ ᠠᠵᠢᠯᠲᠠᠨ ᠤ ᠲᠥᠷᠥ ᠶᠢᠨ ᠪᠣᠳᠣᠯᠭ᠎ᠠ ᠶᠢ ᠰᠢᠭᠤᠶᠢᠲᠤ | ᠣᠷᠣᠨ ᠤ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠰᠢᠭᠤᠶᠢᠲᠤ | ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ | ᠲᠣᠭᠲᠠᠭᠠᠵᠤ᠂ B ᠲᠥᠷᠥᠯ ᠤᠨ ᠪᠠ C ᠲᠥᠷᠥᠯ ᠤᠨ ᠠᠵᠢᠯᠲᠠᠨ ᠤ ᠲᠥᠷᠥ ᠶᠢᠨ ᠪᠣᠳᠣᠯᠭ᠎ᠠ ᠶᠢ ᠰᠢᠭᠤᠶᠢᠲᠤ | ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠰᠢᠭᠤᠶᠢᠲᠤ | ᠣᠷᠣᠨ ᠤ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠠᠢ ᠬᠠᠮᠲᠤᠷᠠᠨ | ᠲᠣᠭᠲᠠᠭᠠᠨ᠎ᠠ ᠃ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠢ | ᠵᠣᠬᠢᠶᠠᠨ ᠪᠠᠶᠢᠭᠤᠯᠵᠤ ᠬᠡᠷᠡᠭᠵᠢᠭᠦᠯᠬᠦ ᠲᠠᠯ᠎ᠠ ᠪᠠᠷ᠂ ᠣᠲᠣ ᠶᠢᠨ ᠪᠠᠶᠢᠭ᠎ᠠ 《 ᠭᠠᠳᠠᠭᠠᠳᠤ ᠶᠢᠨ ᠬᠥᠮᠦᠨ ᠤ ᠳᠤᠮᠳᠠᠳᠤ | ᠤᠯᠤᠰ ᠲᠤ ᠢᠷᠡᠵᠦ ᠠᠵᠢᠯᠯᠠᠬᠤ ᠬᠠᠮᠢᠶᠠᠷᠤᠯᠲᠠ ᠶᠢᠨ ᠦᠶᠯᠡᠴᠢᠯᠡᠭᠡᠨ ᠤ ᠰᠢᠰᠲ᠋ᠧᠮ 》 ᠢ ᠦᠷᠭᠦᠯᠵᠢᠯᠡᠨ | ᠬᠡᠷᠡᠭᠯᠡᠵᠦ᠂ ᠰᠢᠭᠤᠶᠢᠲᠤ ᠣᠷᠣᠨ ᠤ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠠᠴᠠ ᠬᠠᠷᠢᠭᠤᠴᠠᠨ ᠬᠠᠮᠢᠶᠠᠷᠴᠤ ᠬᠠᠮᠠᠭᠠᠯᠠᠨ᠎ᠠ︔ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ | ᠤᠨ ᠪᠠᠲᠤᠯᠠᠭ᠎ᠠ ᠶᠢᠨ ᠶᠠᠮᠤᠨ᠂ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠤ ᠲᠣᠪᠴᠢᠶ᠎ᠠ ᠠᠴᠠ ᠬᠠᠮᠲᠤᠷᠠᠨ | ᠳᠠᠷᠤᠮᠠᠯᠯᠠᠨ ᠵᠣᠬᠢᠶᠠᠭᠰᠠᠨ 《 ᠭᠠᠳᠠᠭᠠᠳᠤ ᠶᠢᠨ ᠬᠥᠮᠦᠨ ᠤ ᠠᠵᠢᠯ ᠤᠨ ᠵᠥᠪᠰᠢᠶᠡᠷᠡᠯ ᠤᠨ ᠦᠨᠡᠮᠯᠡᠯ 》 ᠢ | ᠦᠷᠭᠦᠯᠵᠢᠯᠡᠨ ᠬᠡᠷᠡᠭᠯᠡᠵᠦ᠂ A ᠲᠥᠷᠥᠯ ᠪᠠ B ᠲᠥᠷᠥᠯ ᠤᠨ ᠠᠵᠢᠯᠲᠠᠨ ᠤ ᠠᠵᠢᠯ ᠤᠨ ᠵᠥᠪᠰᠢᠶᠡᠷᠡᠯ ᠢ | ᠰᠢᠭᠤᠶᠢᠲᠤ ᠣᠷᠣᠨ ᠤ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ | ᠰᠢᠭᠤᠶᠢᠲᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ | ᠬᠠᠮᠲᠤᠷᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ C ᠲᠥᠷᠥᠯ ᠤᠨ ᠠᠵᠢᠯᠲᠠᠨ ᠤ ᠠᠵᠢᠯ ᠤᠨ ᠵᠥᠪᠰᠢᠶᠡᠷᠡᠯ ᠢ | ᠰᠢᠭᠤᠶᠢᠲᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠶᠠᠷ ᠰᠠᠯᠠᠭ᠎ᠠ ᠮᠥᠴᠢᠷ ᠠᠴᠠ ᠠᠵᠢᠯ ᠤᠨ ᠵᠥᠪᠰᠢᠶᠡᠷᠡᠯ ᠣᠯᠭᠤᠬᠤ | ᠠᠴᠠ ᠡᠮᠦᠨ᠎ᠡ ᠴᠥᠮ ᠨᠡᠭᠦᠳᠡᠯ ᠠᠷᠠᠳ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠠᠷ ᠤᠨ ᠥᠰᠥᠭ ᠵᠢᠷᠤᠬᠤ | ᠬᠡᠷᠡᠭᠲᠡᠶ ᠃ | ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠰᠢᠭᠤᠶᠢᠲᠤ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 4 . ᠲᠣᠪᠴᠢᠶᠠᠨ ᠳᠠᠷᠤᠭ᠎ᠠ 1 ᠬᠥᠮᠦᠨ᠂ | ᠳᠡᠳ᠋ ᠲᠣᠪᠴᠢᠶᠠᠨ ᠳᠠᠷᠤᠭ᠎ᠠ 3 ᠬᠥᠮᠦᠨ ᠲᠣᠬᠢᠷᠠᠭᠤᠯᠤᠨ᠎ᠠ ᠃ | ( ᠨᠢᠭᠡ ) ᠠᠯᠪᠠᠨ ᠭᠡᠷ | ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ︔ ᠲᠣᠪᠴᠢᠶ᠎ᠠ ᠶᠢᠨ ᠪᠠᠶᠢᠭᠤᠯᠭ᠎ᠠ ᠶᠢᠨ ᠡᠳᠦᠷ ᠲᠤᠲᠤᠮ ᠤᠨ ᠵᠠᠰᠠᠭ | ᠤᠨ ᠶᠠᠪᠤᠳᠠᠯ ᠤᠨ ᠴᠢᠨᠠᠷᠲᠠᠶ᠂ ᠠᠵᠢᠯ ᠶᠠᠪᠤᠳᠠᠯ ᠤᠨ ᠴᠢᠨᠠᠷᠲᠠᠶ ᠠᠵᠢᠯ ᠢ ᠵᠣᠬᠢᠴᠠᠭᠤᠯᠤᠨ ᠰᠢᠶᠳᠪᠦᠷᠢᠯᠡᠬᠦ ᠶᠢ | ᠬᠠᠷᠢᠭᠤᠴᠠᠨ᠎ᠠ︔ ᠪᠠᠶᠢᠭᠤᠯᠭ᠎ᠠ ᠶᠢᠨ ᠡᠯ᠎ᠡ ᠵᠦᠢᠯ ᠤᠨ ᠳᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠦᠨ᠎ᠡ︔ | ᠬᠤᠷᠠᠯ ᠤᠨ ᠵᠣᠬᠢᠶᠠᠨ ᠪᠠᠶᠢᠭᠤᠯᠬᠤ ᠪᠠ ᠬᠤᠷᠠᠯ ᠠᠴᠠ ᠲᠣᠭᠲᠠᠭᠠᠭᠰᠠᠨ ᠵᠦᠶᠯᠡᠰ ᠢ ᠰᠢᠮᠳᠠᠭᠤᠯᠤᠨ ᠭᠦᠶᠴᠡᠳᠬᠡᠬᠦ ᠶᠢ | ᠬᠠᠷᠢᠭᠤᠴᠠᠨ᠎ᠠ︔ ᠠᠯᠪᠠᠨ ᠪᠢᠴᠢᠭ ᠰᠢᠶᠳᠪᠦᠷᠢᠯᠡᠬᠦ᠂ ᠶᠡᠷᠦᠩᠬᠡᠶᠢᠯᠡᠭᠰᠡᠨ ᠮᠠᠲ᠋ᠧᠷᠢᠶᠠᠯ ᠲᠤᠭᠤᠷᠪᠢᠬᠤ᠂ ᠮᠡᠳᠡᠭᠡ ᠵᠠᠩᠭᠢ | ᠶᠢᠨ ᠤᠬᠠᠭᠤᠯᠭ᠎ᠠ᠂ ᠡᠯᠧᠺᠲᠷᠣᠨ ᠵᠠᠰᠠᠭ ᠤᠨ ᠶᠠᠪᠤᠳᠠᠯ᠂ ᠣᠷᠣᠨ ᠲᠤᠭ᠎ᠠ᠂ ᠠᠵᠢᠯᠲᠠᠨ ᠤ ᠶᠠᠪᠤᠳᠠᠯ᠂ ᠳᠠᠩᠰᠠ | ᠡᠪᠬᠡᠮᠡᠯ ᠤᠨ ᠬᠠᠮᠢᠶᠠᠷᠤᠯᠲᠠ᠂ ᠨᠢᠭᠤᠴᠠ ᠴᠢᠬᠤᠯᠠ ᠨᠢᠭᠤᠴᠠ ᠶᠢ ᠬᠠᠮᠠᠭᠠᠯᠠᠬᠤ᠂ ᠬᠠᠮᠠᠭᠠᠯᠠᠬᠤ ᠵᠡᠷᠭᠡ ᠠᠵᠢᠯ ᠢ | ᠬᠠᠷᠢᠭᠤᠴᠠᠨ᠎ᠠ︔ ᠲᠣᠪᠴᠢᠶᠠᠨ ᠤ ᠪᠠᠶᠢᠭᠤᠯᠤᠯᠭ᠎ᠠ ᠶᠢᠨ ᠡᠳ᠋ ᠤᠨ ᠶᠠᠪᠤᠳᠠᠯ᠂ ᠲᠣᠭᠲᠠᠮᠠᠯ ᠬᠥᠷᠥᠩᠭᠡ ᠶᠢᠨ | ᠬᠠᠮᠢᠶᠠᠷᠤᠯᠲᠠ ᠵᠡᠷᠭᠡ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ︔ ᠲᠣᠪᠴᠢᠶᠠᠨ ᠤ ᠤᠳᠤᠷᠢᠳᠤᠯᠭ᠎ᠠ | ᠶᠢᠨ ᠬᠤᠭᠤᠷᠣᠨᠳᠣ᠂ ᠡᠯ᠎ᠡ ᠰᠠᠯᠠᠭ᠎ᠠ ᠲᠠᠰᠤᠭ ᠤᠨ ᠬᠤᠭᠤᠷᠣᠨᠳᠣ᠂ ᠲᠤᠰ ᠨᠢᠭᠡᠴᠡ ᠬᠢᠭᠡᠳ ᠭᠠᠳᠠᠷ ᠨᠢᠭᠡᠴᠡ ᠶᠢᠨ | ᠬᠤᠭᠤᠷᠣᠨᠳᠣᠬᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ ᠰᠠᠶᠢᠲᠤᠷ ᠬᠢᠨ᠎ᠡ︔ ᠤᠳᠤᠷᠢᠳᠤᠯᠭ᠎ᠠ ᠶᠢᠨ | ᠲᠤᠰᠢᠶᠠᠭᠰᠠᠨ ᠪᠤᠰᠤᠳ ᠵᠦᠶᠯᠡᠰ ᠢ ᠬᠠᠷᠢᠭᠤᠴᠠᠨ᠎ᠠ ᠃ | ᠠᠵᠢᠯᠯᠠᠬᠤ ᠭᠠᠵᠠᠷ᠄ ᠥᠪᠥᠷ ᠮᠣᠩᠭᠤᠯ ᠤᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠰᠢᠭᠤᠶᠢᠲᠤ | ᠰᠢᠨ᠎ᠡ ᠲᠣᠭᠤᠷᠢᠭ ᠤᠨ ᠶᠢᠨ ᠵᠧᠩ ᠲᠣᠮᠣ ᠠᠰᠠᠷ ᠤᠨ A ᠠᠰᠠᠷ 506᠃ | ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00—12᠄ 00 | ᠦᠳᠡ ᠶᠢᠨ ᠬᠤᠶᠢᠨ᠎ᠠ 14᠄ 00—17᠄ 30 ᠃ᠬᠠᠷᠢᠯᠴᠠᠬᠤ ᠬᠡᠯᠪᠡᠷᠢ᠄ 8720884 | ᠵᠤ᠋ ᠮᠧᠩ ᠮᠧᠩ᠂ ᠬᠠᠷᠢᠯᠴᠠᠬᠤ ᠬᠡᠯᠪᠡᠷᠢ᠄ 04728720884 | ( ᠬᠤᠶᠠᠷ ) ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠲᠠᠰᠤᠭ | ᠰᠢᠭᠤᠶᠢᠲᠤ ᠣᠷᠣᠨ ᠤ ᠬᠤᠳᠠᠯᠳᠤᠭᠠᠨ ᠤ ᠶᠠᠪᠤᠳᠠᠯ ᠤᠨ ᠠᠵᠢᠯ ᠤᠨ ᠳᠤᠮᠳᠠᠬᠢ ᠤᠷᠲᠤ ᠬᠤᠭᠤᠴᠠᠭᠠᠨ ᠤ | ᠬᠥᠭᠵᠢᠯᠲᠡ ᠶᠢᠨ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠵᠡᠷᠭᠡ ᠶᠢ ᠲᠤᠭᠤᠷᠪᠢᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠪᠦᠬᠦ ᠣᠷᠣᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢ | ᠪᠦᠷᠢᠨᠰᠢᠭᠦᠯᠬᠦ ᠵᠢᠷᠤᠮᠵᠢᠭᠤᠯᠬᠤ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ᠂ ᠵᠠᠬ᠎ᠠ ᠳᠡᠯᠭᠡᠭᠦᠷ ᠤᠨ | ᠠᠵᠢᠯᠯᠠᠭᠠᠨ᠂ ᠬᠤᠳᠠᠯᠳᠤᠭ᠎ᠠ ᠠᠷᠠᠯᠵᠢᠶᠠᠨ ᠤ ᠦᠢᠯᠡᠴᠢᠯᠡᠭᠡᠨ ᠤ ᠦᠢᠯᠡᠰ᠂ ᠪᠠᠷᠠᠭᠠᠨ ᠤ ᠭᠦᠢᠯᠭᠡᠭᠡᠨ ᠤ ᠦᠢᠯᠡᠰ ᠤᠨ | ᠬᠥᠭᠵᠢᠯᠲᠡ ᠵᠡᠷᠭᠡ ᠲᠠᠯ᠎ᠠ ᠶᠢᠨ ᠲᠥᠯᠥᠪᠵᠢᠭᠦᠯᠭᠡ ᠶᠢ ᠬᠠᠷᠢᠭᠤᠴᠠᠨ ᠰᠤᠳᠤᠯᠤᠨ ᠳᠤᠷᠠᠳᠬᠤ ᠬᠡᠷᠡᠭᠲᠡᠶ︔ ᠳᠡᠭᠡᠳᠦ | ᠱᠠᠲᠤᠨ ᠤ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠰᠢᠨᠵᠢᠯᠡᠬᠦ ᠤᠬᠠᠭᠠᠨ ᠮᠡᠷᠭᠡᠵᠢᠯ | ᠢᠶᠠᠷ ᠠᠵᠤ ᠠᠬᠤᠢ ᠬᠢᠭᠡᠳ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ | ᠂ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ | ᠪᠦᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠪᠡᠯᠡ ᠣᠷᠣᠭᠤᠯᠤᠯᠲᠠ ᠶᠢ ᠠᠬᠢᠭᠤᠯᠬᠤ ᠲᠠᠯ᠎ᠠ | ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠲᠥᠯᠥᠪᠵᠢᠭᠦᠯᠭᠡ᠂ ᠲᠥᠯᠥᠪᠯᠡᠭᠡ ᠵᠡᠷᠭᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠣᠷᠣᠨ ᠤ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠠᠵᠢᠯ ᠢ ᠵᠣᠬᠢᠴᠠᠭᠤᠯᠤᠨ᠎ᠠ︔ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠵᠦᠶᠯᠡᠰ ᠢ | ᠬᠠᠷᠢᠭᠤᠴᠠᠨ᠎ᠠ ᠃ | ᠠᠵᠢᠯᠯᠠᠬᠤ ᠭᠠᠵᠠᠷ᠄ ᠥᠪᠥᠷ ᠮᠣᠩᠭᠤᠯ ᠤᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ | ᠰᠢᠭᠤᠶᠢᠲᠤ ᠰᠢᠨ᠎ᠡ ᠲᠣᠭᠤᠷᠢᠭ ᠤᠨ ᠶᠢᠨ ᠵᠧᠩ ᠲᠣᠮᠣ ᠠᠰᠠᠷ ᠤᠨ A ᠠᠰᠠᠷ 506 ᠃ | ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00-12᠄ 00 ᠦᠳᠡ ᠶᠢᠨ ᠬᠤᠶᠢᠨ᠎ᠠ | 14᠄ 00-17᠄ 30᠃ | ᠬᠠᠷᠢᠯᠴᠠᠬᠤ ᠬᠡᠯᠪᠡᠷᠢ᠄ 8720884 ᠵᠤ᠋ ᠮᠧᠩ ᠮᠧᠩ᠂ | ᠬᠠᠷᠢᠯᠴᠠᠬᠤ ᠬᠡᠯᠪᠡᠷᠢ᠄ 04728720884 | ᠭᠤᠷᠪᠠ᠂ ᠬᠠᠷᠢᠶ᠎ᠠ ᠨᠢᠭᠡᠴᠢ ᠶᠢᠨ ᠡᠭᠦᠷᠭᠡ ᠴᠢᠳᠠᠪᠤᠷᠢ ( ᠬᠤᠶᠠᠳᠤᠭᠠᠷ ᠳᠡᠰ ᠤᠨ ᠨᠢᠭᠡᠴᠢ ) ᠰᠢᠭᠤᠶᠢᠲᠤ | ᠣᠷᠣᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ ( ᠰᠢᠭᠤᠶᠢᠲᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ | ᠤᠨ ᠨᠡᠶᠢᠭᠡᠮᠯᠢᠭ ᠤᠨ ᠦᠢᠯᠡᠴᠢᠯᠡᠭᠡᠨ ᠤ ᠲᠥᠪ ) ᠪᠣᠯ ᠰᠢᠭᠤᠶᠢᠲᠤ ᠣᠷᠣᠨ ᠤ ᠬᠤᠳᠠᠯᠳᠤᠭᠠᠨ ᠤ ᠶᠠᠪᠤᠳᠠᠯ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠬᠠᠷᠢᠶᠠᠨ ᠳᠠᠬᠢ ᠰᠲ᠋ᠣᠺ ᠤᠨ ᠳᠡᠰ ᠲᠠᠢ ᠲᠡᠩᠴᠡᠬᠦ ᠨᠡᠶᠢᠲᠡ | ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ ᠃ | ( ᠨᠢᠭᠡ ) ᠭᠤᠣᠯ ᠡᠭᠦᠷᠭᠡ ᠬᠠᠷᠢᠭᠤᠴᠠᠯᠭ᠎ᠠ | 1 . ᠪᠦᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠪᠡᠯᠡ ᠣᠷᠣᠭᠤᠯᠤᠯᠲᠠ ᠶᠢ | ᠠᠬᠢᠭᠤᠯᠬᠤ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠪᠠᠶᠢᠯᠳᠤᠬᠤ ᠪᠣᠳᠣᠯᠭ᠎ᠠ᠂ | ᠲᠥᠯᠥᠪᠵᠢᠭᠦᠯᠭᠡ᠂ ᠲᠥᠯᠥᠪᠯᠡᠭᠡ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ | 2 ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠮᠢᠶ᠎ᠠ ᠪᠦᠬᠦᠢ ᠪᠠᠶᠢᠳᠠᠯ᠂ ᠲᠥᠷᠥ ᠶᠢᠨ ᠪᠣᠳᠣᠯᠭ᠎ᠠ᠂ | ᠠᠵᠤ ᠦᠢᠯᠡᠰ ᠤᠨ ᠬᠠᠨᠳᠤᠰᠢ ᠶᠢ ᠰᠤᠳᠤᠯᠤᠨ ᠵᠠᠳᠠᠯᠬᠤ ᠶᠢ ᠬᠠᠷᠢᠭᠤᠴᠠᠬᠤ ᠶᠢᠨ ᠬᠠᠮᠲᠤ ᠲᠥᠷᠥ ᠶᠢᠨ ᠪᠣᠳᠣᠯᠭ᠎ᠠ | ᠶᠢᠨ ᠰᠠᠨᠠᠭᠤᠯᠭ᠎ᠠ ᠳᠤᠷᠠᠳᠤᠨ᠎ᠠ︔ | 3 . ᠪᠦᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠬᠠᠷᠢᠭᠤᠴᠠᠨ | ᠵᠣᠬᠢᠴᠠᠭᠤᠯᠵᠤ᠂ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠪᠡᠯᠡ | ᠣᠷᠣᠭᠤᠯᠤᠯᠲᠠ ᠶᠢ ᠠᠬᠢᠭᠤᠯᠬᠤ ᠠᠵᠢᠯ ᠢ ᠵᠢᠯᠣᠭᠤᠳᠤᠨ᠎ᠠ︔ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ | ᠡᠯ᠎ᠡ ᠭᠠᠵᠠᠷ ᠣᠷᠣᠨ᠂ ᠡᠯ᠎ᠡ ᠬᠦᠷᠢᠶᠡᠯᠡᠩ ᠲᠣᠭᠤᠷᠢᠭ ᠵᠢᠴᠢ ᠨᠢᠭᠡᠴᠡ ᠶᠢ ᠵᠣᠬᠢᠴᠠᠭᠤᠯᠤᠨ ᠵᠣᠬᠢᠶᠠᠨ ᠪᠠᠶᠢᠭᠤᠯᠵᠤ | ᠪᠠᠶᠢᠭᠠᠳ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠴᠢᠳᠠᠪᠤᠷᠢᠲᠠᠨ ᠤᠷᠢᠵᠤ ᠣᠶᠤᠨ ᠤᠬᠠᠭᠠᠨ | ᠣᠷᠣᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠦᠨ᠎ᠡ︔ | 4 . ᠤᠯᠤᠰ ᠤᠨ ᠳᠣᠲᠣᠭᠠᠳᠤ᠂ ᠬᠢᠯᠢ ᠶᠢᠨ ᠭᠠᠳᠠᠨᠠᠬᠢ ( ᠰᠢᠶᠠᠩᠭᠠᠩ ᠣᠣᠮᠧᠨ ᠲᠠᠶᠢᠸᠠᠨ᠂ ᠳᠣᠷᠣᠭᠰᠢ | ᠠᠳᠠᠯᠢ ) ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠲᠠᠨᠢᠯᠴᠠᠭᠤᠯᠬᠤ ᠵᠣᠬᠢᠴᠠᠭᠤᠯᠬᠤ ᠪᠠ | ᠦᠢᠯᠡᠴᠢᠯᠡᠬᠦ ᠠᠵᠢᠯ ᠢ ᠬᠠᠷᠢᠭᠤᠴᠠᠨ᠎ᠠ︔ ᠣᠷᠣᠨ ᠤ ᠵᠠᠰᠠᠭ ᠤᠨ ᠣᠷᠳᠣᠨ ᠤ ᠥᠷᠨᠢᠭᠦᠯᠦᠭᠰᠡᠨ ᠤᠯᠤᠰ ᠤᠨ | ᠳᠣᠲᠣᠭᠠᠳᠤ ᠪᠠ ᠬᠢᠯᠢ ᠶᠢᠨ ᠭᠠᠳᠠᠨ᠎ᠠ ᠠᠴᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠬᠤᠯᠠ ᠶᠡᠭᠡ | ᠠᠵᠢᠯᠯᠠᠭ᠎ᠠ ᠶᠢ ᠬᠠᠷᠢᠭᠤᠴᠠᠨ ᠳᠠᠭᠠᠭᠠᠨ ᠡᠷᠬᠢᠯᠡᠨ᠎ᠡ︔ ᠭᠠᠵᠠᠷ ᠣᠷᠣᠨ ᠠᠯᠤᠰᠯᠠᠭᠰᠠᠨ ᠠᠵᠤ ᠠᠬᠤᠶ ᠶᠢᠨ | ᠬᠤᠷᠰᠢᠯᠴᠠᠭᠠᠨ ᠤ ᠲᠥᠷᠥᠯ ᠵᠦᠶᠯ ᠤᠨ ᠵᠣᠬᠢᠴᠠᠭᠤᠯᠤᠨ ᠦᠶᠯᠡᠴᠢᠯᠡᠬᠦ ᠠᠵᠢᠯ ᠢ ᠬᠠᠷᠢᠭᠤᠴᠠᠨ᠎ᠠ︔ ᠪᠥᠬᠦ ᠣᠷᠣᠨ ᠤ | ᠡᠯ᠎ᠡ ᠲᠥᠷᠥᠯ ᠤᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ( ᠬᠤᠳᠠᠯᠳᠤᠭᠠᠴᠢᠳ ᠤᠨ ᠡᠪᠯᠡᠯ᠂ ᠨᠡᠶᠢᠭᠡᠮᠯᠢᠭ ) | ᠲᠠᠢ ᠬᠤᠯᠪᠣᠭᠠᠯᠠᠨ ᠵᠢᠯᠣᠭᠤᠳᠴᠤ ᠪᠠᠶᠢᠭᠠᠳ ᠪᠠᠯᠠ ᠣᠷᠣᠭᠤᠯᠤᠯᠲᠠ ᠶᠢ ᠠᠬᠢᠭᠤᠯᠬᠤ ᠠᠵᠢᠯ ᠢ ᠥᠷᠨᠢᠭᠦᠯᠦᠨ᠎ᠡ︔ | 5 . ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠪᠦᠬᠦ ᠣᠷᠣᠨ ᠤ ᠪᠡᠯᠡ ᠣᠷᠣᠭᠤᠯᠤᠯᠲᠠ | ᠶᠢᠨ ᠵᠦᠭᠯᠡᠭᠦᠷ ᠪᠣᠯᠤᠨ ᠪᠡᠯᠡ ᠣᠷᠣᠭᠤᠯᠤᠯᠲᠠ ᠶᠢᠨ ᠠᠵᠤ ᠦᠢᠯᠡᠰ ᠤᠨ ᠵᠢᠯᠣᠭᠤᠳᠬᠤ ᠭᠠᠷᠴᠠᠭ ᠢ ᠨᠠᠶᠢᠷᠠᠭᠤᠯᠤᠨ | ᠵᠣᠬᠢᠶᠠᠨ᠎ᠠ︔ ᠪᠦᠬᠦ ᠣᠷᠣᠨ ᠤ ᠭᠤᠣᠯᠳᠠᠯᠭ᠎ᠠ ᠲᠠᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ | ᠤᠨ ᠬᠥᠮᠥᠷᠭᠡ ᠪᠠ ᠭᠤᠣᠯᠳᠠᠯᠭ᠎ᠠ ᠲᠠᠢ ᠭᠠᠳᠠᠨᠠᠬᠢ ᠬᠤᠳᠠᠯᠳᠤᠭᠠᠴᠢᠨ ᠤ ᠨᠡᠷᠡᠰ ᠤᠨ ᠬᠥᠮᠥᠷᠭᠡ ᠶᠢ ᠪᠠᠶᠢᠭᠤᠯᠤᠨ | ᠲᠡᠭᠦᠯᠳᠡᠷᠵᠢᠭᠦᠯᠬᠦ ᠶᠢ ᠬᠠᠷᠢᠭᠤᠴᠠᠨ᠎ᠠ︔ ᠪᠦᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠮᠡᠳᠡᠭᠡ | ᠵᠠᠩᠭᠢ ᠰᠣᠯᠢᠯᠴᠠᠬᠤ ᠲᠠᠪᠴᠠᠩ ᠢ ᠬᠠᠷᠢᠭᠤᠴᠠᠨ ᠪᠠᠶᠢᠭᠤᠯᠵᠤ᠂ ᠡᠯ᠎ᠡ ᠲᠠᠯ᠎ᠠ ᠶᠢᠨ ᠳᠠᠪᠠᠭᠤᠯᠢᠭ ᠪᠣᠯᠤᠨ ᠡᠬᠢ ᠪᠠᠶᠠᠯᠢᠭ | ᠢ ᠲᠣᠬᠢᠷᠠᠭᠤᠯᠤᠨ ᠨᠢᠭᠡ ᠴᠣᠭᠴᠠᠵᠢᠭᠤᠯᠤᠭᠰᠠᠨ ᠬᠤᠳᠠᠯᠳᠤᠭᠠᠴᠢᠨ ᠤᠷᠢᠬᠤ ᠠᠵᠢᠯ ᠢ ᠥᠷᠨᠢᠭᠦᠯᠦᠨ᠎ᠡ︔ | 6 . ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠴᠢᠬᠤᠯᠠ ᠶᠡᠭᠡ ᠲᠥᠷᠥᠯ ᠵᠦᠶᠯ ᠤᠨ | ᠪᠠᠶᠢᠷᠢᠰᠢᠭᠤᠯᠤᠯᠲᠠ᠂ ᠭᠠᠵᠠᠷ ᠰᠣᠩᠭᠤᠬᠤ ᠲᠠᠯ᠎ᠠ ᠶᠢᠨ ᠰᠠᠨᠠᠭᠤᠯᠭ᠎ᠠ ᠳᠤᠷᠠᠳᠬᠤ ᠳᠤ ᠣᠷᠣᠯᠴᠠᠨ᠎ᠠ︔ ᠴᠢᠬᠤᠯᠠ ᠶᠡᠭᠡ | ᠪᠠᠯᠠ ᠣᠷᠣᠭᠤᠯᠤᠯᠲᠠ ᠶᠢ ᠮᠥᠷᠳᠡᠵᠦ ᠪᠠᠶᠢᠭᠠᠳ ᠲᠥᠷᠥᠯ ᠵᠦᠶᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠮᠬᠢ ᠳᠢᠭᠯᠢᠮ ᠤᠨ ᠬᠠᠷᠢᠭᠤᠴᠠᠯᠭ᠎ᠠ ᠶᠢ ᠵᠢᠷᠤᠮᠵᠢᠭᠤᠯᠤᠨ᠎ᠠ︔ ᠠᠵᠤ | ᠦᠶᠯᠡᠰ ᠤᠨ ᠪᠠᠶᠢᠷᠢᠯᠠᠭᠤᠯᠤᠯᠲᠠ ᠶᠢᠨ ᠲᠥᠯᠥᠪᠵᠢᠭᠦᠯᠭᠡ ᠠᠴᠠ ᠵᠥᠷᠢᠴᠡᠭᠰᠡᠨ ᠪᠠ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠡᠮᠬᠢ ᠳᠢᠭᠯᠢᠮ ᠢ ᠰᠠᠮᠠᠭᠤᠷᠠᠭᠤᠯᠤᠭᠰᠠᠨ ᠨᠢᠭᠡᠴᠡ᠂ ᠭᠠᠵᠠᠷ ᠣᠷᠣᠨ ᠳᠤ ᠰᠢᠶᠳᠪᠦᠷᠢᠯᠡᠬᠦ ᠰᠠᠨᠠᠯ ᠪᠠ | ᠰᠠᠨᠠᠭᠤᠯᠭ᠎ᠠ ᠳᠤᠷᠠᠳᠬᠤ ᠬᠡᠷᠡᠭᠲᠡᠶ︔ | 7 . ᠭᠠᠳᠠᠨ᠎ᠠ ᠠᠴᠠ ᠢᠷᠡᠭᠰᠡᠨ ᠪᠡᠯᠡ ᠣᠷᠣᠭᠤᠯᠤᠭᠴᠢᠳ ᠲᠤ ᠪᠦᠬᠦ ᠶᠠᠪᠤᠴᠠ ᠵᠢᠴᠢ ᠪᠦᠬᠦ ᠲᠠᠯ᠎ᠠ ᠶᠢᠨ | ᠵᠣᠬᠢᠴᠠᠭᠤᠯᠬᠤ ᠦᠢᠯᠡᠴᠢᠯᠡᠭᠡ ᠬᠠᠩᠭᠠᠬᠤ ᠶᠢ ᠬᠠᠷᠢᠭᠤᠴᠠᠵᠤ᠂ ᠭᠠᠳᠠᠨ᠎ᠠ ᠠᠴᠠ ᠢᠷᠡᠭᠰᠡᠨ ᠪᠡᠯᠡ ᠣᠷᠣᠭᠤᠯᠤᠭᠴᠢᠳ | ᠢ ᠬᠠᠪᠰᠤᠷᠤᠨ ᠬᠠᠤᠯᠢ ᠶᠣᠰᠣᠨ ᠤ ᠡᠷᠬᠡ ᠠᠰᠢᠭ ᠢ ᠨᠢ ᠬᠠᠤᠯᠢ ᠶᠣᠰᠣᠭᠠᠷ ᠬᠠᠮᠠᠭᠠᠯᠠᠨ᠎ᠠ︔ | 8 . ᠪᠦᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠤᠭ᠎ᠠ ᠪᠦᠷᠢᠳᠬᠡᠯ ᠤᠨ ᠬᠢᠨᠠᠨ | ᠰᠢᠯᠭᠠᠬᠤ ᠵᠡᠷᠭᠡ ᠠᠵᠢᠯ ᠳᠤ ᠲᠤᠰᠠᠯᠠᠬᠤ ᠠᠵᠢᠯ ᠬᠠᠩᠭᠠᠨ᠎ᠠ︔ | 9 . ᠪᠦᠬᠦ ᠣᠷᠣᠨ ᠤ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠤᠬᠠᠭᠤᠯᠤᠨ ᠲᠠᠨᠢᠯᠴᠠᠭᠤᠯᠬᠤ | ᠪᠠ ᠰᠢᠮᠳᠠᠭᠤᠯᠤᠨ ᠲᠡᠭᠦᠯᠳᠡᠷᠵᠢᠭᠦᠯᠬᠦ ᠡᠭᠦᠷᠭᠡ ᠬᠠᠷᠢᠭᠤᠴᠠᠯᠭ᠎ᠠ ᠶᠢᠨ ᠠᠵᠢᠯ︔ | 10 . ᠪᠦᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠶᠢ ᠳᠠᠭᠠᠭᠠᠨ ᠠᠪᠤᠨ᠎ᠠ︔ | 11 . ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ | ᠵᠢᠴᠢ ᠡᠳᠦᠷ ᠲᠤᠲᠤᠮ ᠤᠨ ᠠᠵᠢᠯᠯᠠᠭᠠᠨ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ︔ | 12 . ᠪᠦᠬᠦ ᠣᠷᠣᠨ ᠤ ᠮᠡᠷᠭᠡᠵᠢᠯ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ | ᠵᠢᠴᠢ ᠠᠵᠢᠯᠯᠠᠭᠠᠨ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ︔ | 13 . ᠪᠦᠬᠦ ᠣᠷᠣᠨ ᠤ ᠲᠣᠮᠣ ᠬᠡᠯᠪᠡᠷᠢ ᠶᠢᠨ ᠰᠢᠨᠵᠢᠯᠡᠬᠦ ᠤᠬᠠᠭᠠᠨ ᠤ ᠬᠡᠮᠵᠢᠭᠦᠷᠯᠢᠭ ᠢ ᠬᠠᠮᠲᠤᠪᠠᠷ ᠡᠳᠯᠡᠬᠦ | ᠲᠠᠪᠴᠠᠩ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠳ᠋᠊ ᠠᠶᠢᠲ ᠠ ᠬᠥᠮᠥᠷᠭᠡ ᠶᠢᠨ | ᠪᠠᠶᠢᠭᠤᠯᠤᠯᠲᠠ ᠵᠢᠴᠢ ᠡᠳᠦᠷ ᠲᠤᠲᠤᠮ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠨ᠎ᠠ︔ | 14 . ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ᠂ ᠮᠡᠷᠭᠡᠵᠢᠯ ᠤᠨ ᠵᠠᠬ᠎ᠠ ᠳᠡᠯᠭᠡᠭᠦᠷ ᠢ | ᠪᠦᠷᠢᠳᠬᠡᠬᠦ ᠵᠡᠷᠭᠡ ᠠᠵᠢᠯ ᠢ ᠳᠠᠭᠠᠭᠠᠨ ᠭᠦᠢᠴᠡᠳᠬᠡᠨ᠎ᠡ︔ | 15 . ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢ ᠤᠬᠠᠭᠤᠯᠤᠨ ᠮᠡᠳᠡᠭᠡᠯᠡᠬᠦ ᠠᠵᠢᠯ ᠢ ᠬᠠᠮᠵᠢᠨ | ᠥᠷᠨᠢᠭᠦᠯᠦᠨ᠎ᠡ︔ | 16 . ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠰᠣᠯᠢᠯᠴᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠶᠯᠭᠡᠭᠡᠨ᠂ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠤᠯᠠᠷᠢᠭᠤᠯᠬᠤ᠂ ᠵᠠᠰᠠᠭ ᠤᠨ ᠶᠠᠪᠤᠳᠠᠯ ᠤᠨ ᠦᠶᠯᠡᠴᠢᠯᠡᠭᠡ᠂ ᠡᠯ᠎ᠡ ᠲᠥᠷᠥᠯ ᠤᠨ ᠰᠢᠨ᠎ᠡ ᠶᠢ | ᠡᠭᠦᠳᠬᠦ ᠲᠠᠪᠴᠠᠩ ᠤᠨ ᠠᠴᠢᠶᠠᠯᠠᠪᠤᠷᠢ ᠶᠢ ᠭᠤᠶᠤᠴᠢᠯᠠᠨ ᠮᠡᠳᠡᠭᠦᠯᠬᠦ ᠵᠡᠷᠭᠡ ᠦᠶᠯᠡᠴᠢᠯᠡᠭᠡᠨ ᠤ ᠠᠵᠢᠯ ᠢ ᠬᠠᠮᠵᠢᠯᠴᠠᠨ | ᠰᠠᠶᠢᠲᠤᠷ ᠬᠢᠨ᠎ᠠ︔ | 17 . ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ | ᠠᠵᠢᠯ ᠢ ᠬᠠᠮᠵᠢᠯᠴᠠᠨ ᠥᠷᠨᠢᠭᠦᠯᠦᠨ᠎ᠡ︔ | 18 . ᠪᠠᠶᠢᠩᠭᠤ ᠶᠢᠨ ᠴᠢᠨᠠᠷᠲᠠᠶ᠂ ᠲᠦᠷ ᠴᠠᠭ ᠤᠨ ᠴᠢᠨᠠᠷᠲᠠᠶ ᠰᠢᠨᠵᠢᠯᠡᠬᠦ ᠤᠬᠠᠭᠠᠨ ᠲᠦᠭᠡᠮᠡᠯᠵᠢᠭᠦᠯᠬᠦ | ᠠᠵᠢᠯᠯᠠᠭ᠎ᠠ ᠪᠣᠯᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠦᠵᠡᠭᠦᠯᠦᠯᠭᠡ ᠡᠷᠬᠢᠯᠡᠬᠦ ᠶᠢ ᠬᠠᠷᠢᠭᠤᠴᠠᠨ ᠵᠣᠬᠢᠶᠠᠨ | ᠪᠠᠶᠢᠭᠤᠯᠵᠤ᠂ ᠬᠠᠮᠢᠶ᠎ᠠ ᠪᠦᠬᠦᠢ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠶ︔ | 19 . ᠵᠠᠯᠠᠭᠤᠴᠤᠳ ᠪᠠᠭᠠᠴᠤᠳ᠂ ᠣᠯᠠᠨ ᠨᠡᠶᠢᠲᠡ ᠳᠤ ᠬᠠᠨᠳᠤᠭᠤᠯᠤᠨ ᠰᠢᠨᠵᠢᠯᠡᠬᠦ ᠤᠬᠠᠭᠠᠨ ᠤ | ᠲᠤᠷᠰᠢᠯᠲᠠ ᠪᠠ ᠤᠷᠤᠯᠳᠤᠭᠠᠨ ᠵᠡᠷᠭᠡ ᠦᠶᠯᠡᠳᠦᠯᠭᠡ ᠶᠢᠨ ᠠᠵᠢᠯᠯᠠᠭ᠎ᠠ ᠡᠷᠭᠢᠯᠡᠨ᠎ᠡ︔ | 20 . ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠡᠭᠡᠭᠡᠨ ᠠᠰᠢᠭᠯᠠᠵᠤ᠂ 《 | ᠣᠷᠳᠣᠨ ᠪᠠ ᠰᠤᠷᠭᠠᠭᠤᠯᠢ ᠶᠢ ᠤᠶᠠᠯᠳᠤᠭᠤᠯᠬᠤ 》 ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠰᠢᠨ᠎ᠡ | ᠵᠠᠭᠪᠤᠷ ᠢ ᠪᠣᠶ ᠪᠣᠯᠭᠠᠨ᠎ᠠ︔ | , 21 . ᠬᠠᠮᠢᠶ᠎ᠠ ᠪᠦᠬᠦᠢ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠬᠠᠪᠰᠤᠷᠤᠨ ᠵᠢᠯᠣᠭᠤᠳᠣᠭᠴᠢ ᠪᠣᠯᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠠᠵᠢᠯᠯᠠᠭᠰᠠᠳ ᠤᠨ ᠪᠣᠯᠪᠠᠰᠤᠷᠠᠭᠤᠯᠤᠯ ᠤᠨ ᠠᠵᠢᠯ ᠢ | ᠥᠷᠨᠢᠭᠦᠯᠬᠦ ᠬᠡᠷᠡᠭᠲᠡᠶ︔ | 22 . ᠪᠠᠶᠢᠩᠭᠤ ᠶᠢᠨ ᠴᠢᠨᠠᠷᠲᠠᠶ᠂ ᠣᠯᠠᠨ ᠲᠦᠮᠡᠨᠴᠢ ᠴᠢᠨᠠᠷᠲᠠᠶ᠂ ᠨᠡᠶᠢᠭᠡᠮ ᠤᠨ ᠴᠢᠨᠠᠷᠲᠠᠶ ᠰᠢᠨᠵᠢᠯᠡᠬᠦ | ᠤᠬᠠᠭᠠᠨ ᠲᠦᠭᠡᠮᠡᠯᠵᠢᠭᠦᠯᠬᠦ ᠠᠵᠢᠯ ᠢ ᠥᠷᠨᠢᠭᠦᠯᠵᠦ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠂ | ᠰᠢᠨᠵᠢᠯᠡᠬᠦ ᠤᠬᠠᠭᠠᠨ ᠤ ᠦᠵᠡᠯ ᠰᠠᠨᠠᠭ᠎ᠠ ᠪᠣᠯᠤᠨ ᠰᠢᠨᠵᠢᠯᠡᠬᠦ ᠤᠬᠠᠭᠠᠨ ᠤ ᠠᠷᠭ᠎ᠠ ᠶᠢ ᠤᠯᠠᠮᠵᠢᠯᠠᠵᠤ᠂ ᠬᠡᠷᠡᠭᠯᠡᠭᠡᠨ ᠤ | ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ᠎ᠡ︔ | 23 . ᠬᠠᠷᠢᠶ᠎ᠠ ᠪᠦᠬᠦᠢ ᠨᠡᠶᠢᠭᠡᠮᠯᠢᠭ ᠬᠢᠭᠡᠳ ᠠᠵᠤ ᠠᠬᠤᠶᠢᠯᠠᠯ ᠤᠨ ᠬᠠᠮᠵᠢᠯᠴᠠᠭ᠎ᠠ ᠶᠢ ᠠᠬᠢᠭᠤᠯᠵᠤ᠂ | ᠠᠵᠤ ᠠᠬᠤᠶᠢᠯᠠᠯ᠂ ᠠᠵᠢᠯ ᠦᠶᠯᠡᠰ ᠤᠨ ᠨᠢᠭᠡᠴᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ | ᠵᠣᠬᠢᠶᠠᠨ ᠪᠠᠶᠢᠭᠤᠯᠤᠯᠲᠠ ᠶᠢᠨ ᠦᠶᠯᠡᠳᠦᠯ ᠢ ᠭᠦᠶᠴᠡᠳ ᠪᠠᠳᠠᠷᠠᠭᠤᠯᠤᠨ᠂ ᠠᠵᠤ ᠠᠬᠤᠶᠢᠯᠠᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠳᠠᠪᠰᠢᠯᠲᠠ ᠪᠠ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠶ︔ | 24 . ᠨᠠᠶᠢᠳᠠᠯᠭ᠎ᠠ ᠶᠢ ᠬᠦᠯᠢᠶᠡᠨ ᠲᠤᠰᠬᠠᠶ ᠵᠦᠢᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ | ᠥᠷᠨᠢᠭᠦᠯᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠦᠨᠡᠯᠡᠨ ᠵᠢᠱᠢᠬᠦ᠂ ᠨᠤᠲᠠᠯᠠᠬᠤ᠂ ᠬᠢᠨᠠᠨ | ᠲᠣᠭᠲᠠᠭᠠᠬᠤ ᠶᠢ ᠡᠭᠦᠷᠭᠡᠯᠡᠨ᠎ᠡ︔ | 25 . ᠬᠢᠯᠢ ᠶᠢᠨ ᠳᠣᠲᠣᠷ᠎ᠠ ᠭᠠᠳᠠᠨᠠᠬᠢ ᠠᠷᠠᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ | ᠬᠢᠭᠡᠳ ᠰᠣᠯᠢᠯᠴᠠᠭ᠎ᠠ ᠶᠢ ᠬᠠᠤᠯᠢ ᠶᠣᠰᠣᠭᠠᠷ ᠥᠷᠨᠢᠭᠦᠯᠵᠦ᠂ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ | ᠤᠨ ᠵᠣᠬᠢᠶᠠᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠬᠦᠮ ᠪᠣᠯᠤᠨ ᠰᠢᠨᠵᠢᠯᠡᠬᠦ ᠤᠬᠠᠭᠠᠨ | ᠮᠡᠷᠭᠡᠵᠢᠯ ᠤᠨ ᠡᠲᠡᠭᠡᠳ ᠤᠨ ᠬᠥᠮᠦᠰ ᠯᠦᠭᠡ ᠶᠢᠨ ᠨᠥᠬᠦᠷᠰᠡᠭ ᠢᠶᠠᠷ ᠣᠷᠣᠰᠢᠨ ᠰᠠᠭᠤᠬᠤ ᠶᠢ ᠴᠢᠩᠭᠠᠳᠬᠠᠨ᠎ᠠ︔ | 26 . ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠳᠠᠨ ᠤ ᠰᠠᠨᠠᠯ ᠪᠠ ᠰᠠᠨᠠᠭᠤᠯᠭ᠎ᠠ ᠶᠢ ᠲᠤᠰᠬᠠᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠳᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ︔ ᠰᠢᠨᠵᠢᠯᠡᠬᠦ | ᠤᠬᠠᠭᠠᠨ ᠮᠡᠷᠭᠡᠵᠢᠯ ᠤᠨ ᠠᠵᠢᠯᠲᠠᠳ ᠲᠤ ᠦᠷᠭᠦᠯᠵᠢᠯᠡᠭᠰᠡᠨ ᠬᠥᠮᠦᠵᠢᠯ ᠪᠠ ᠪᠣᠯᠪᠠᠰᠤᠷᠠᠭᠤᠯᠤᠯ ᠢ ᠥᠷᠨᠢᠭᠦᠯᠬᠦ | ᠬᠡᠷᠡᠭᠲᠡᠶ︔ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠵᠢᠯ ᠤᠨ ᠳᠤᠮᠳᠠ ᠰᠢᠯᠢᠳᠡᠭ ᠠᠮᠵᠢᠯᠲᠠ | ᠪᠦᠲᠦᠮᠵᠢ ᠣᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠲᠡᠷᠢᠭᠦᠨ ᠤ ᠪᠦᠯᠬᠦᠮ ᠪᠠ ᠬᠤᠪᠢ ᠬᠥᠮᠦᠨ | ᠢ ᠬᠥᠬᠢᠭᠦᠯᠦᠨ ᠱᠠᠩᠨᠠᠨ᠎ᠠ︔ | 27 . ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠥᠯᠥᠭᠡᠯᠡᠭᠴᠢᠳ ᠤᠨ ᠶᠡᠭᠡ ᠬᠤᠷᠠᠯ ᠢ | ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠠᠷᠢᠶ᠎ᠠ ᠪᠦᠬᠦᠢ ᠪᠦᠬᠦ ᠣᠷᠣᠨ ᠤ ᠴᠢᠨᠠᠷᠲᠠᠶ ᠨᠡᠶᠢᠭᠡᠮᠯᠢᠭ ᠢ | ᠵᠣᠬᠢᠴᠠᠭᠤᠯᠤᠨ᠂ ᠮᠠᠨ ᠤ ᠣᠷᠣᠨ ᠤ ᠡᠯ᠎ᠡ ᠰᠠᠯᠠᠭ᠎ᠠ ᠮᠥᠴᠢᠷ ᠪᠣᠯᠤᠨ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠰᠢᠨᠵᠢᠯᠡᠬᠦ ᠤᠬᠠᠭᠠᠨ | ᠲᠦᠭᠡᠮᠡᠯᠵᠢᠭᠦᠯᠬᠦ ᠠᠵᠢᠯ ᠢ ᠵᠢᠯᠣᠭᠤᠳᠤᠨ ᠵᠣᠬᠢᠴᠠᠭᠤᠯᠤᠨ᠎ᠠ︔ | 28 . ᠲᠣᠪᠴᠢᠶ᠎ᠠ ᠶᠢᠨ ᠪᠠᠶᠢᠭᠤᠯᠭ᠎ᠠ ᠶᠢ ᠬᠠᠮᠵᠢᠨ ᠪᠥᠬᠦ ᠣᠷᠣᠨ ᠤ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠤᠷᠲᠤᠪᠲᠤᠷ ᠪᠠ ᠣᠷᠳᠣ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠬᠡᠷᠡᠭᠵᠢᠭᠦᠯᠦᠨ᠎ᠡ︔ | 29᠂ ᠲᠣᠪᠴᠢᠶ᠎ᠠ ᠶᠢᠨ ᠪᠠᠶᠢᠭᠤᠯᠭ᠎ᠠ ᠶᠢᠨ ᠬᠤᠳᠠᠯᠳᠤᠭᠠᠨ ᠤ ᠶᠠᠪᠤᠳᠠᠯ ᠤᠨ ᠲᠣᠮᠣ ᠳ᠋ᠠᠶᠢᠲ᠋ᠠ ᠶᠢᠨ | ᠴᠤᠭᠯᠠᠷᠠᠯ ᠪᠠ ᠮᠡᠳᠡᠭᠡ ᠵᠠᠩᠭᠢ ᠨᠡᠶᠢᠲᠡᠯᠡᠬᠦ ᠲᠠᠢ ᠬᠠᠮᠵᠢᠯᠴᠠᠨ᠂ ᠲᠣᠪᠴᠢᠶ᠎ᠠ ᠶᠢᠨ ᠪᠠᠶᠢᠭᠤᠯᠭ᠎ᠠ ᠶᠢ ᠬᠠᠮᠵᠢᠨ ᠫᠤᠷᠲ᠋ᠧᠯ | ᠰᠦᠯᠵᠢᠶ᠎ᠡ᠂ ᠡᠯᠧᠺᠲᠷᠣᠨ ᠵᠠᠰᠠᠭ ᠤᠨ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠠᠵᠢᠯ ᠢ ᠰᠠᠶᠢᠲᠤᠷ ᠬᠢᠨ᠎ᠠ︔ | 30 . ᠪᠦᠬᠦ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠬᠤᠲᠠ᠂ | ᠰᠠᠭᠤᠷᠢᠨ ᠭᠠᠵᠠᠷ᠂ ᠠᠵᠤ ᠠᠬᠤᠶᠢᠯᠠᠯ ᠤᠨ ᠪᠣᠳᠠᠲᠠᠶ ᠵᠣᠬᠢᠶᠠᠨ ᠪᠠᠶᠢᠭᠤᠯᠤᠯᠲᠠ ᠪᠠ ᠮᠡᠳᠡᠭᠦᠯᠬᠦ ᠠᠵᠢᠯ ᠢ | ᠬᠠᠷᠢᠭᠤᠴᠠᠨ᠎ᠠ︔ | 31 . ᠤᠯᠤᠰ ᠤᠨ ᠳᠣᠲᠣᠭᠠᠳᠤ ᠭᠠᠳᠠᠭᠠᠳᠤ ᠶᠢᠨ ᠨᠡᠷᠡᠲᠦ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠠᠵᠤ ᠠᠬᠤᠶᠢᠯᠠᠯ ᠤᠨ ᠣᠷᠣᠭᠤᠯᠤᠨ ᠠᠪᠴᠢᠷᠠᠬᠤ ᠪᠠ ᠲᠤᠰ ᠭᠠᠵᠠᠷ ᠤᠨ ᠡᠯᠧᠺᠲᠷᠣᠨ ᠬᠤᠳᠠᠯᠳᠤᠭᠠᠨ ᠤ ᠶᠠᠪᠤᠳᠠᠯ | ᠤᠨ ᠠᠵᠤ ᠠᠬᠤᠶᠢᠯᠠᠯ ᠢ ᠪᠣᠶᠢᠵᠢᠭᠤᠯᠬᠤ ᠠᠵᠢᠯ ᠢ ᠬᠠᠷᠢᠭᠤᠴᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠬᠡᠷᠡᠭᠯᠡᠭᠡᠨ ᠤ ᠴᠢᠳᠠᠪᠤᠷᠢᠲᠠᠨ ᠢ ᠬᠥᠮᠦᠵᠢᠭᠦᠯᠦᠨ ᠣᠷᠣᠭᠤᠯᠤᠨ ᠠᠪᠴᠢᠷᠠᠨ᠎ᠠ︔ | 32 . ᠪᠦᠬᠦ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠮᠡᠳᠡᠭᠡ ᠵᠠᠩᠭᠢ ᠴᠤᠭᠯᠠᠭᠤᠯᠬᠤ᠂ | ᠬᠢᠨᠠᠨ ᠬᠡᠮᠵᠢᠵᠦ ᠪᠦᠷᠢᠳᠬᠡᠬᠦ ᠪᠠ ᠬᠤᠷᠢᠶᠠᠩᠭᠤᠶᠢᠯᠠᠨ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠨ᠎ᠠ︔ | 33 . ᠪᠦᠬᠦ ᠣᠷᠣᠨ ᠤ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠬᠢᠭᠡᠳ ᠪᠣᠳᠠᠲᠤ ᠴᠣᠭᠴᠠᠲᠤ | ᠠᠷᠠᠯᠵᠢᠶ᠎ᠠ ᠬᠤᠳᠠᠯᠳᠤᠭ᠎ᠠ ᠶᠢᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠠᠭᠤᠰᠤᠯᠴᠠᠨ ᠬᠥᠭᠵᠢᠬᠦ ᠶᠢ | ᠠᠬᠢᠭᠤᠯᠬᠤ ᠶᠢ ᠬᠠᠷᠢᠭᠤᠴᠠᠨ᠎ᠠ︔ | 34 . ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠰᠠᠮᠠᠭᠤᠷᠠᠭᠤᠯᠤᠭᠰᠠᠨ ᠦᠢᠯᠡ ᠠᠵᠢᠯᠯᠠᠭ᠎ᠠ ᠶᠢᠨ ᠲᠤᠬᠠᠶ ᠨᠡᠶᠢᠭᠡᠮ ᠨᠡᠶᠢᠲᠡ ᠶᠢᠨ ᠢᠯᠡᠴᠢᠯᠡᠨ ᠮᠡᠳᠡᠭᠦᠯᠦᠭᠰᠡᠨ | ᠵᠠᠭᠠᠯᠳᠤᠯᠭ᠎ᠠ ᠵᠢᠴᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠥᠷᠥ ᠶᠢᠨ ᠪᠣᠳᠣᠯᠭ᠎ᠠ ᠶᠢᠨ | ᠯᠠᠪᠯᠠᠯᠭ᠎ᠠ ᠶᠢ ᠬᠦᠯᠢᠶᠡᠨ ᠠᠪᠬᠤ ᠶᠢᠨ ᠬᠠᠮᠲᠤ ᠳᠠᠩᠰᠠᠯᠠᠨ ᠲᠡᠮᠳᠡᠭᠯᠡᠬᠦ᠂ ᠰᠠᠯᠭᠠᠨ ᠭᠠᠷᠭᠠᠬᠤ᠂ ᠳᠠᠮᠵᠢᠭᠤᠯᠤᠨ | ᠲᠤᠰᠢᠶᠠᠬᠤ᠂ ᠭᠦᠢᠴᠡᠳᠬᠡᠬᠦ᠂ ᠬᠠᠷᠢᠭᠤ ᠲᠤᠰᠬᠠᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ︔ | 35 . ᠣᠷᠣᠨ ᠤ ᠬᠤᠳᠠᠯᠳᠤᠭᠠᠨ ᠤ ᠶᠠᠪᠤᠳᠠᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ | ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ ᠃ | ( ᠬᠤᠶᠠᠷ ) ᠣᠷᠣᠨ ᠲᠤᠭ᠎ᠠ ᠪᠠ ᠲᠤᠰᠢᠶᠠᠯ ᠤᠨ ᠲᠤᠭ᠎ᠠ | ᠠᠵᠢᠯ ᠦᠢᠯᠡᠰ ᠤᠨ ᠣᠷᠣᠨ ᠲᠤᠭ᠎ᠠ ᠶᠢ 10 ᠨᠡᠷᠡᠰ ᠬᠢᠨᠠᠨ ᠲᠣᠭᠲᠠᠭᠠᠵᠤ᠂ ᠡᠭᠦᠨ ᠳᠤ᠄ ᠬᠠᠮᠢᠶᠠᠷᠤᠯᠲᠠ | ᠶᠢᠨ ᠠᠵᠢᠯᠲᠠᠨ ᠤ ᠣᠷᠣᠨ ᠲᠤᠭ᠎ᠠ 4 ᠨᠡᠷᠡᠰ᠂ ᠲᠤᠰᠬᠠᠶ ᠮᠡᠷᠭᠡᠵᠢᠯ ᠤᠨ ᠠᠵᠢᠯᠲᠠᠨ ᠤ ᠣᠷᠣᠨ ᠲᠤᠭ᠎ᠠ 6 ᠨᠡᠷᠡᠰ ᠃ | ᠡᠷᠬᠢᠯᠡᠭᠴᠢ 1 ᠬᠥᠮᠦᠨ ( ᠰᠲ᠋ᠣᠺ ᠤᠨ ᠳᠡᠰ ) ᠭᠠᠷᠭᠠᠨ᠎ᠠ ᠃ | ᠠᠵᠢᠯᠯᠠᠬᠤ ᠭᠠᠵᠠᠷ᠄ ᠥᠪᠥᠷ ᠮᠣᠩᠭᠤᠯ ᠤᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ | ᠰᠢᠭᠤᠶᠢᠲᠤ ᠰᠢᠨ᠎ᠡ ᠲᠣᠭᠤᠷᠢᠭ ᠤᠨ ᠶᠢᠨ ᠵᠧᠩ ᠲᠣᠮᠣ ᠠᠰᠠᠷ ᠤᠨ A ᠠᠰᠠᠷ 504 | ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠡᠮᠦᠨ᠎ᠡ 9 ᠴᠠᠭ |