ᠨᠢᠭᠡ᠂ ᠰᠠᠯᠠᠭ᠎ᠠ ᠮᠥᠴᠢᠷ ᠤᠨ ᠡᠭᠦᠷᠭᠡ | ( ᠨᠢᠭᠡ ) ᠤᠯᠤᠰ ᠢ ᠲᠤᠤᠱᠯᠠᠭᠤᠯᠤᠨ ᠬᠡᠷᠡᠭᠵᠢᠭᠦᠯᠦᠨ᠎ᠡ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ | ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠤᠬᠠᠢ᠂ | ᠴᠢᠭᠯᠡᠯᠲᠡ᠂ ᠲᠦᠷᠦ ᠶᠢᠨ ᠪᠤᠳᠦᠯᠭ᠎ᠠ᠂ ᠰᠢᠭᠤᠶᠢᠲᠤ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ | ᠤᠨ ᠬᠥᠭᠵᠢᠯᠲᠡ ᠶᠢᠨ ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ | ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠂ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠂ ᠠᠵᠤ ᠠᠬᠤᠶ ᠶᠢᠨ ᠪᠠᠶᠢᠳᠠᠯ ᠢ ᠰᠤᠳᠤᠯᠤᠨ ᠵᠠᠳᠠᠯᠬᠤ᠂ | ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢ ᠳᠤᠷᠠᠳᠬᠤ᠂ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ | ᠪᠠ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ᠂ ᠲᠦᠷᠦ ᠶᠢᠨ ᠪᠤᠳᠦᠯᠭ᠎ᠠ᠂ ᠰᠠᠨᠠᠭᠤᠯᠭ᠎ᠠ ᠪᠠ | ᠠᠷᠭ᠎ᠠ ᠬᠡᠮᠵᠢᠶ᠎ᠡ ᠠᠷᠭ᠎ᠠ ᠬᠡᠮᠵᠢᠶ᠎ᠡ᠂ ᠡᠯ᠎ᠡ ᠵᠦᠶᠯ ᠤᠨ ᠠᠵᠤ ᠠᠬᠤᠶ ᠶᠢᠨ ᠠᠷᠭ᠎ᠠ ᠪᠠᠷᠢᠯ ᠪᠠ ᠲᠥᠷᠥ ᠶᠢᠨ ᠪᠣᠳᠣᠯᠭ᠎ᠠ | ᠶᠢ ᠶᠡᠷᠦᠩᠬᠡᠶᠢᠯᠡᠨ ᠬᠡᠷᠡᠭᠯᠡᠬᠦ ᠰᠠᠨᠠᠭᠤᠯᠭ᠎ᠠ ᠳᠤᠷᠠᠳᠪᠠ᠂ ᠰᠢᠭᠤᠶᠢᠲᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠨᠠᠶᠢᠳᠠᠯᠭ᠎ᠠ ᠪᠠᠷ ᠰᠢᠭᠤᠶᠢᠲᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠤᠯᠤᠰ ᠠᠷᠠᠳ ᠤᠨ | ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠮᠡᠳᠡᠭᠦᠯᠦᠯᠲᠡ ᠲᠤᠰᠢᠶᠠᠨ᠎ᠠ ᠃ | ( ᠬᠤᠶᠠᠷ ) ᠪᠦᠬᠦ ᠲᠣᠭᠤᠷᠢᠭ ᠤᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ | ᠪᠠᠶᠢᠳᠠᠯ ᠢ ᠬᠤᠷᠢᠶᠠᠩᠭᠤᠶᠢᠯᠠᠬᠤ ᠪᠠ ᠵᠠᠳᠠᠯᠬᠤ ᠶᠢ ᠡᠭᠦᠷᠭᠡᠯᠡᠵᠦ᠂ ᠨᠡᠶᠢᠭᠡᠮ ᠤᠨ ᠥᠭᠡᠷᠡᠴᠢᠯᠡᠯᠲᠡ ᠶᠢᠨ ᠠᠵᠢᠯᠯᠠᠭᠠᠨ ᠢ | ᠬᠢᠨᠠᠨ ᠬᠡᠮᠵᠢᠬᠦ᠂ ᠲᠥᠰᠦᠭᠡᠯᠡᠬᠦ ᠪᠠ ᠰᠡᠷᠡᠮᠵᠢᠯᠡᠭᠦᠯᠬᠦ ᠶᠢ ᠴᠢᠩᠭᠠᠳᠬᠠᠨ᠂ ᠬᠥᠭᠵᠢᠭᠦᠯᠦᠯᠲᠡ ᠪᠠ ᠥᠭᠡᠷᠡᠴᠢᠯᠡᠯᠲᠡ | ᠶᠢᠨ ᠠᠵᠢᠯᠯᠠᠭᠠᠨ ᠳᠠᠬᠢ ᠴᠢᠬᠤᠯᠠ ᠶᠡᠭᠡ ᠠᠰᠠᠭᠤᠳᠠᠯ ᠳᠤ ᠴᠢᠭᠯᠡᠭᠦᠯᠦᠨ ᠴᠠᠭ ᠲᠤᠬᠠᠶ ᠳᠤᠨᠢ ᠲᠣᠬᠢᠷᠠᠭᠤᠯᠭ᠎ᠠ | ᠡᠵᠡᠮᠰᠢᠯ ᠤᠨ ᠰᠠᠨᠠᠭᠤᠯᠭ᠎ᠠ ᠳᠤᠷᠠᠳᠤᠨ᠎ᠠ︔ ᠪᠦᠬᠦ ᠲᠣᠭᠤᠷᠢᠭ ᠤᠨ ᠭᠠᠳᠠᠭᠠᠳᠤ ᠪᠡᠯᠡ ᠶᠢ ᠠᠰᠢᠭᠯᠠᠬᠤ ᠪᠠ ᠬᠢᠯᠢ ᠶᠢᠨ | ᠭᠠᠳᠠᠨ᠎ᠠ ᠪᠡᠯᠡ ᠣᠷᠣᠭᠤᠯᠬᠤ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ᠂ ᠶᠡᠷᠦᠩᠬᠡᠶ ᠬᠡᠮᠵᠢᠶ᠎ᠡ ᠶᠢ ᠲᠡᠩᠴᠡᠭᠦᠯᠬᠦ | ᠪᠠ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ᠂ ᠲᠥᠷᠥ ᠶᠢᠨ ᠪᠣᠳᠣᠯᠭ᠎ᠠ ᠶᠢ ᠳᠤᠷᠠᠳᠴᠤ᠂ ᠬᠤᠯᠪᠣᠭᠳᠠᠯ ᠪᠦᠬᠦᠢ | ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠵᠣᠬᠢᠴᠠᠭᠤᠯᠤᠨ᠎ᠠ ᠃ ᠲᠣᠭᠤᠷᠢᠭ ᠤᠨᠲ᠋ᠤᠰ ᠱᠠᠲᠤᠨ ᠤ ᠰᠢᠭᠤᠳ | ᠡᠵᠡᠮᠰᠢᠭᠰᠡᠨ ᠪᠡᠯᠡ ᠣᠷᠣᠭᠤᠯᠤᠯᠲᠠ ᠪᠣᠯᠤᠨ ᠴᠢᠷᠮᠠᠶᠢᠨ ᠣᠯᠤᠭᠰᠠᠨ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ | ᠬᠤᠲᠠ ᠶᠢᠨ ᠱᠠᠲᠤᠨ ᠤ ᠪᠡᠯᠡ ᠣᠷᠣᠭᠤᠯᠤᠯᠲᠠ᠂ ᠭᠠᠳᠠᠭᠠᠳᠤ ᠶᠢᠨ ᠵᠢᠭᠡᠯᠡᠯᠭᠡ ᠵᠡᠷᠭᠡ ᠠᠵᠤ ᠠᠬᠤᠶ ᠶᠢᠨ ᠠᠷᠭ᠎ᠠ | ᠪᠠᠷᠢᠯ ᠢ ᠵᠣᠬᠢᠴᠠᠭᠤᠯᠤᠨ ᠬᠡᠷᠡᠭᠯᠡᠬᠦ ᠶᠢᠨ ᠬᠠᠮᠲᠤ ᠵᠣᠬᠢᠴᠠᠭᠤᠯᠬᠤ᠂ ᠮᠡᠳᠡᠭᠡ ᠵᠠᠩᠭᠢ ᠪᠠᠷ ᠵᠢᠯᠣᠭᠤᠳᠬᠤ᠂ ᠯᠠᠪᠯᠠᠯᠭ᠎ᠠ | ᠥᠭᠴᠦ ᠦᠢᠯᠡᠴᠢᠯᠡᠬᠦ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠲᠥᠯᠥᠪᠵᠢᠭᠦᠯᠭᠡ᠂ ᠲᠥᠯᠥᠪᠯᠡᠭᠡ ᠪᠣᠯᠤᠨ ᠠᠵᠤ | ᠦᠢᠯᠡᠰ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠶ ᠃ | ( ᠭᠤᠷᠪᠠ ) ᠡᠳ᠋ ᠤᠨ ᠵᠠᠰᠠᠭ᠂ ᠮᠥᠩᠭᠦᠨ ᠭᠦᠢᠯᠭᠡᠭᠡᠨ ᠵᠡᠷᠭᠡ ᠲᠠᠯ᠎ᠠ ᠶᠢᠨ ᠪᠠᠶᠢᠳᠠᠯ ᠢ ᠬᠤᠷᠢᠶᠠᠩᠭᠤᠶᠢᠯᠠᠨ | ᠵᠠᠳᠠᠯᠬᠤ ᠶᠢ ᠬᠠᠷᠢᠭᠤᠴᠠᠨ᠎ᠠ ᠃ ᠪᠦᠬᠦ ᠲᠣᠭᠤᠷᠢᠭ ᠤᠨᠡᠳ᠋ ᠤᠨ ᠵᠠᠰᠠᠭ᠂ ᠮᠥᠩᠭᠦᠨ ᠭᠦᠶᠯᠭᠡᠭᠡᠨ ᠤ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠶᠡᠷᠦᠩᠬᠡᠶᠢᠯᠡᠨ ᠵᠠᠳᠠᠯᠤᠨ᠎ᠠ︔ ᠨᠡᠶᠢᠭᠡᠮ ᠤᠨ ᠢᠲᠡᠭᠡᠮᠵᠢ ᠶᠢᠨ | ᠰᠢᠰᠲ᠋ᠧᠮᠵᠢ ᠶᠢᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠠᠵᠢᠯ ᠢ | ᠡᠭᠦᠷᠭᠡᠯᠡᠨ᠎ᠡ ᠃ | ( ᠳᠥᠷᠪᠡ ) ᠪᠦᠬᠦ ᠲᠣᠭᠤᠷᠢᠭ ᠤᠨ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠵᠢᠯᠣᠭᠤᠳᠤᠨ ᠠᠬᠢᠭᠤᠯᠬᠤ ᠪᠠ ᠶᠡᠷᠦᠩᠬᠡᠶᠢᠯᠡᠨ ᠵᠣᠬᠢᠴᠠᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ ᠃ ᠠᠵᠤ ᠠᠬᠤᠶ | ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠠᠯ᠎ᠠ ᠪᠠᠷ ᠬᠢ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠪᠦᠬᠦ | ᠲᠣᠭᠤᠷᠢᠭ ᠤᠨ ᠶᠡᠷᠦᠩᠬᠡᠶᠢᠯᠡᠭᠰᠡᠨ ᠴᠢᠨᠠᠷᠲᠠᠶ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠥᠰᠦᠯ ᠢ | ᠵᠣᠬᠢᠶᠠᠨ ᠪᠠᠶᠢᠭᠤᠯᠤᠨ ᠲᠤᠭᠤᠷᠪᠢᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠲᠤᠰᠬᠠᠶ | ᠵᠦᠶᠯ ᠤᠨ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠭᠤᠷᠣᠨᠳᠣᠬᠢ ᠵᠣᠯᠭᠠᠯᠳᠤᠭᠤᠯᠬᠤ ᠠᠵᠢᠯ ᠢ | ᠰᠠᠶᠢᠲᠤᠷ ᠬᠢᠨ᠎ᠡ ᠃ | ( ᠲᠠᠪᠤ ) ᠪᠡᠯᠡ ᠣᠷᠣᠭᠤᠯᠤᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠬᠠᠷᠢᠭᠤᠴᠠᠨ᠎ᠠ ᠃ ᠪᠦᠬᠦ | ᠲᠣᠭᠤᠷᠢᠭ ᠤᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ ᠦᠢᠯᠡᠳᠪᠦᠷᠢᠯᠡᠯ ᠤᠨ | ᠬᠦᠴᠦᠨ ᠤ ᠪᠠᠶᠢᠷᠢᠰᠢᠭᠤᠯᠤᠯ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠭᠠᠵᠠᠷ ᠣᠷᠣᠨ ᠤ ᠲᠣᠭᠲᠠᠮᠠᠯ ᠬᠥᠷᠥᠩᠭᠡ | ᠶᠢᠨ ᠪᠡᠯᠡ ᠣᠷᠣᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ ᠪᠣᠯᠤᠨ ᠪᠡᠯᠡ ᠣᠷᠣᠭᠤᠯᠤᠯᠲᠠ ᠶᠢᠨ ᠪᠦᠲᠦᠴᠡ ᠶᠢᠨ | ᠲᠣᠬᠢᠷᠠᠭᠤᠯᠤᠨ ᠡᠵᠡᠮᠳᠡᠬᠦ ᠬᠠᠷᠠᠯᠲᠠ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ | ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠣᠯᠤᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠳᠤ ᠬᠤᠯᠪᠣᠭᠳᠠᠬᠤ ᠲᠤᠰᠬᠠᠶ ᠵᠦᠢᠯ ᠤᠨ ᠲᠥᠯᠥᠪᠵᠢᠭᠦᠯᠭᠡ ᠶᠢ ᠵᠣᠯᠭᠠᠯᠳᠤᠭᠤᠯᠤᠨ ᠲᠡᠩᠴᠡᠭᠦᠯᠬᠦ ᠴᠢᠬᠤᠯᠠ | ᠲᠠᠢ︔ ᠪᠤᠭᠤᠲᠤ ᠬᠤᠲᠠ ᠠᠴᠠ ᠬᠢᠨᠠᠨ ᠵᠥᠪᠰᠢᠶᠡᠷᠡᠬᠦ ( ᠬᠢᠨᠠᠨ ᠵᠥᠪᠰᠢᠶᠡᠷᠡᠬᠦ ) ᠴᠢᠬᠤᠯᠠ ᠶᠡᠭᠡ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠬᠤ ᠶᠢᠨ ᠬᠠᠮᠲᠤ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ︔ | ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ᠂ ᠴᠢᠬᠤᠯᠠ ᠶᠡᠭᠡ ᠭᠠᠳᠠᠭᠠᠳᠤ ᠳᠤ ᠬᠤᠯᠪᠣᠭᠳᠠᠬᠤ ᠲᠥᠷᠥᠯ ᠵᠦᠢᠯ ᠢ ᠬᠢᠨᠠᠨ ᠬᠠᠷᠭᠤᠭᠤᠯᠵᠤ᠂ ᠪᠦᠷᠢᠳᠬᠡᠨ | ᠳᠠᠩᠰᠠᠯᠠᠵᠤ᠂ ᠳᠡᠭᠡᠭᠰᠢ ᠮᠡᠳᠡᠭᠦᠯᠬᠦ ᠬᠡᠷᠡᠭᠲᠡᠶ︔ ᠳᠡᠭᠡᠳᠦ ᠱᠠᠲᠤᠨ ᠤ ᠡᠳ ᠤᠨ ᠵᠠᠰᠠᠭ ᠤᠨ ᠴᠢᠨᠠᠷᠲᠠᠶ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠶᠢᠨ ᠪᠡᠯᠡ ᠣᠷᠣᠭᠤᠯᠤᠯᠲᠠ ᠶᠢ ᠲᠣᠬᠢᠷᠠᠭᠤᠯᠤᠭᠰᠠᠨ ᠢ ᠬᠡᠷᠡᠭᠵᠢᠭᠦᠯᠦᠭᠰᠡᠨ | ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ ᠃ | ( ᠵᠢᠷᠭᠤᠭ᠎ᠠ ) ᠪᠦᠬᠦ ᠲᠣᠭᠤᠷᠢᠭ ᠤᠨ ᠠᠵᠤ ᠠᠬᠤᠶ ᠶᠢᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠲᠣᠬᠢᠷᠠᠭᠤᠯᠤᠯᠲᠠ ᠶᠢ ᠲᠦᠯᠬᠢᠨ ᠠᠬᠢᠭᠤᠯᠵᠤ᠂ ᠶᠡᠷᠦᠩᠬᠡᠶᠢᠯᠡᠭᠰᠡᠨ ᠴᠢᠨᠠᠷᠲᠠᠶ ᠠᠵᠤ ᠦᠶᠯᠡᠰ ᠤᠨ ᠲᠥᠷᠥ | ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ︔ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ | ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠠᠮᠢᠶ᠎ᠠ ᠪᠦᠬᠦᠢ | ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠯᠭᠠᠯᠳᠤᠭᠤᠯᠤᠨ | ᠲᠡᠩᠴᠡᠭᠦᠯᠬᠦ ᠶᠢ ᠬᠠᠷᠢᠭᠤᠴᠠᠵᠤ᠂ ᠪᠦᠬᠦ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ | ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠯᠦᠭᠡ ᠵᠣᠯᠭᠠᠯᠳᠤᠭᠤᠯᠤᠨ ᠲᠡᠩᠴᠡᠭᠦᠯᠬᠦ ᠶᠢ ᠰᠠᠶᠢᠲᠤᠷ ᠬᠢᠨ᠎ᠡ ᠃ | ᠲᠠᠷᠢᠶᠠᠯᠠᠩ ᠮᠠᠯ ᠠᠵᠤ ᠠᠬᠤᠶ᠂ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ | ᠵᠣᠬᠢᠴᠠᠭᠤᠯᠬᠤ ᠴᠢᠬᠤᠯᠠ ᠶᠡᠭᠡ ᠠᠰᠠᠭᠤᠳᠠᠯ︔ ᠦᠢᠯᠡᠴᠢᠯᠡᠭᠡᠨ ᠤ ᠦᠢᠯᠡᠰ᠂ ᠤᠳᠤ ᠦᠶ᠎ᠡ ᠶᠢᠨ ᠪᠠᠷᠠᠭᠠᠨ ᠤ | ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ | ᠲᠣᠭᠲᠠᠭᠠᠨ᠎ᠠ︔ ᠤᠯᠤᠰ ᠤᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠲᠦᠯᠬᠢᠨ ᠠᠬᠢᠭᠤᠯᠬᠤ | ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ︔ ᠪᠦᠬᠦ ᠲᠣᠭᠤᠷᠢᠭ ᠤᠨ ᠡᠨᠧᠷᠭᠢ ᠶᠢ ᠨᠡᠭᠡᠭᠡᠨ ᠠᠰᠢᠭᠯᠠᠵᠤ ᠪᠠᠶᠢᠭ᠎ᠠ ᠪᠠᠶᠢᠳᠠᠯ ᠢ ᠵᠠᠳᠠᠯᠤᠨ | ᠰᠤᠳᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠪᠤᠭᠤᠲᠤ ᠬᠤᠲᠠ ᠶᠢᠨ ᠡᠨᠧᠷᠭᠢ ᠶᠢᠨ ᠬᠥᠭᠵᠢᠯᠲᠡ | ᠶᠢᠨ ᠪᠠᠶᠢᠯᠳᠤᠬᠤ ᠪᠣᠳᠣᠯᠭ᠎ᠠ ᠪᠣᠯᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ ᠃ | ( ᠳᠣᠯᠤᠭ᠎ᠠ ) ᠵᠠᠰᠠᠭ ᠤᠨ ᠣᠷᠳᠣᠨ ᠤ ᠴᠢᠬᠤᠯᠠ ᠶᠡᠭᠡ ᠲᠥᠷᠥᠯ ᠵᠦᠢᠯ ᠤᠨ ᠪᠡᠯᠡ ᠲᠣᠬᠢᠷᠠᠭᠤᠯᠬᠤ | ᠲᠥᠰᠦᠯ ᠢ ᠳᠠᠭᠠᠭᠠᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠡᠯ᠎ᠡ ᠲᠥᠷᠥᠯ | ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠴᠢᠷᠮᠠᠶᠢᠨ ᠣᠯᠤᠨ᠎ᠠ ᠃ ᠤᠯᠤᠰ᠂ ᠥᠪᠡᠷᠲᠡᠭᠡᠨ ᠵᠠᠰᠠᠬᠤ | ᠣᠷᠣᠨ ᠪᠣᠯᠤᠨ ᠪᠤᠭᠤᠲᠤ ᠬᠤᠲᠠ ᠶᠢᠨ ᠵᠣᠭᠤᠰ ᠰᠠᠯᠭᠠᠨ ᠥᠭᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ︔ ᠵᠠᠰᠠᠭ ᠤᠨ ᠣᠷᠳᠣᠨ ᠠᠴᠠ ᠪᠡᠯᠡ | ᠭᠠᠷᠭᠠᠨ ᠪᠡᠯᠡ ᠲᠣᠬᠢᠷᠠᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠩᠬ᠎ᠠ ᠠᠯᠬᠤᠮ ᠤᠨ ᠵᠢᠷᠤᠭ | ᠲᠥᠯᠥᠪᠯᠡᠭᠡ᠂ ᠲᠣᠶᠢᠮᠣ ᠲᠥᠰᠦᠪ ᠢ ᠬᠢᠨᠠᠨ ᠪᠠᠶᠢᠴᠠᠭᠠᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ | ᠬᠠᠮᠢᠶᠠᠷᠤᠯᠲᠠ᠂ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠭᠰᠠᠨ ᠤ ᠳᠠᠷᠠᠭᠠᠬᠢ ᠦᠨᠡᠯᠡᠬᠦ ᠠᠵᠢᠯ︔ ᠪᠠᠶᠢᠭᠤᠯᠬᠤ | ᠪᠠᠷ ᠪᠠᠶᠢᠭ᠎ᠠ ᠲᠥᠷᠥᠯ ᠵᠦᠢᠯ ᠢ ᠴᠤᠭᠯᠠᠭᠤᠯᠤᠨ ᠡᠮᠬᠢᠯᠡᠬᠦ᠂ ᠨᠡᠶᠢᠲᠡᠯᠡᠬᠦ ᠠᠵᠢᠯ ᠢ ᠡᠭᠦᠷᠭᠡᠯᠡᠨ᠎ᠡ ᠃ | ( ᠨᠠᠶᠮᠠ ) ᠭᠠᠵᠠᠷ ᠣᠷᠣᠨ ᠤ ᠠᠵᠤ ᠠᠬᠤᠶ ᠶᠢᠨ ᠬᠠᠮᠵᠢᠯᠴᠠᠭ᠎ᠠ ᠶᠢ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠶᠢ ᠬᠠᠷᠢᠭᠤᠴᠠᠨ᠎ᠠ︔ ᠪᠦᠬᠦ ᠲᠣᠭᠤᠷᠢᠭ ᠤᠨ ᠨᠡᠶᠢᠭᠡᠮ ᠤᠨ ᠬᠥᠭᠵᠢᠯᠲᠡ ᠶᠢᠨ ᠲᠥᠷᠥ ᠶᠢᠨ | ᠪᠣᠳᠣᠯᠭ᠎ᠠ ᠶᠢᠨ ᠠᠷᠭ᠎ᠠ ᠶᠢ ᠲᠤᠭᠤᠷᠪᠢᠬᠤ ᠳᠤ ᠣᠷᠣᠯᠴᠠᠨ᠎ᠠ︔ ᠨᠡᠶᠢᠭᠡᠮ ᠤᠨ ᠪᠠᠲᠤᠯᠠᠭ᠎ᠠ ᠬᠢᠭᠡᠳ ᠠᠵᠤ ᠠᠬᠤᠢ ᠶᠢ | ᠵᠣᠬᠢᠴᠠᠩᠭᠤᠢ ᠪᠠᠷ ᠬᠥᠭᠵᠢᠭᠦᠯᠬᠦ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠲᠡᠭᠦᠯᠳᠡᠷᠵᠢᠭᠦᠯᠵᠦ᠂ ᠨᠡᠶᠢᠭᠡᠮ ᠤᠨ | ᠦᠢᠯᠡᠰ ᠤᠨ ᠬᠥᠭᠵᠢᠯᠲᠡ ᠪᠠ ᠥᠭᠡᠷᠡᠴᠢᠯᠡᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ ᠃ | | ( ᠶᠢᠰᠦ ) ᠠᠮᠤ ᠪᠤᠳᠠᠭ᠎ᠠ ᠵᠡᠷᠭᠡ ᠪᠠᠶᠢᠯᠳᠤᠬᠤ ᠪᠤᠳᠤᠯᠭ᠎ᠠ ᠶᠢᠨ ᠴᠢᠬᠤᠯᠠ ᠡᠳ᠋ ᠪᠣᠳᠠᠰ ᠢ ᠨᠥᠭᠡᠴᠡᠯᠡᠬᠦ | ᠲᠥᠯᠥᠪᠵᠢᠭᠦᠯᠭᠡ ᠶᠢ ᠲᠣᠭᠲᠠᠭᠠᠵᠤ᠂ ᠪᠠᠶᠢᠯᠳᠤᠬᠤ ᠪᠤᠳᠤᠯᠭ᠎ᠠ ᠶᠢᠨ ᠴᠢᠬᠤᠯᠠ ᠡᠳ᠋ ᠪᠣᠳᠠᠰ ᠢ ᠬᠤᠷᠢᠶᠠᠨ ᠨᠥᠭᠡᠴᠡᠯᠡᠬᠦ | ᠂ ᠬᠥᠳᠡᠯᠭᠡᠨ ᠬᠡᠷᠡᠭᠯᠡᠬᠦ᠂ ᠡᠭᠡᠯᠵᠢᠯᠡᠨ ᠰᠣᠯᠢᠬᠤ ᠪᠠ ᠬᠠᠮᠢᠶᠠᠷᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠮᠤ ᠪᠤᠳᠠᠭ᠎ᠠ᠂ ᠰᠢᠬᠢᠷ ᠵᠡᠷᠭᠡ ᠶᠢᠨ ᠨᠥᠭᠡᠴᠡᠯᠡᠯᠲᠡ ᠶᠢ | ᠬᠠᠮᠢᠶᠠᠷᠤᠨ᠎ᠠ ᠃ | ( ᠠᠷᠪᠠ ) ᠨᠡᠶᠢᠭᠡᠮ ᠤᠨ ᠬᠥᠭᠵᠢᠯᠲᠡ ᠬᠢᠭᠡᠳ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢᠨ | ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠬᠠᠷᠢᠭᠤᠴᠠᠨ᠎ᠠ ᠃ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ᠂ ᠶᠡᠷᠦᠩᠬᠡᠶ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ | ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠵᠢᠴᠢ ᠬᠥᠮᠦᠨ ᠠᠮᠠ ᠶᠢᠨ | ᠲᠥᠷᠥ ᠶᠢᠨ ᠪᠣᠳᠣᠯᠭ᠎ᠠ ᠶᠢ ᠰᠤᠳᠤᠯᠤᠨ ᠲᠤᠭᠤᠷᠪᠢᠵᠤ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ᠂ | ᠰᠣᠶᠣᠯ᠂ ᠵᠢᠭᠤᠯᠴᠢᠯᠠᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ᠂ ᠪᠡᠶ᠎ᠡ ᠶᠢᠨ ᠲᠠᠮᠢᠷ᠂ ᠷᠠᠳᠢᠣ᠋ ᠨᠡᠪᠲᠡᠷᠡᠭᠦᠯᠭᠡ | ᠺᠢᠨᠣ᠋ ᠲᠧᠯᠸᠢᠰ᠂ ᠠᠷᠠᠳ ᠤᠨ ᠶᠠᠪᠤᠳᠠᠯ ᠵᠡᠷᠭᠡ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠬᠤ ᠳᠤ | ᠣᠷᠣᠯᠴᠠᠵᠤ᠂ ᠨᠡᠶᠢᠭᠡᠮ ᠤᠨ ᠦᠢᠯᠡᠰ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ︔ ᠨᠡᠶᠢᠭᠡᠮ ᠤᠨ ᠦᠶᠯᠡᠰ | ᠤᠨ ᠬᠥᠭᠵᠢᠯᠲᠡ ᠪᠣᠯᠤᠨ ᠥᠭᠡᠷᠡᠴᠢᠯᠡᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠵᠢᠴᠢ ᠲᠥᠷᠥ ᠶᠢᠨ | ᠪᠣᠳᠣᠯᠭ᠎ᠠ ᠶᠢ ᠵᠣᠬᠢᠴᠠᠭᠤᠯᠤᠨ᠎ᠠ︔ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠪᠠ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠠᠵᠢᠯ ᠣᠯᠭᠤᠯᠲᠠ ᠶᠢ ᠠᠬᠢᠭᠤᠯᠬᠤ᠂ ᠣᠷᠣᠯᠭ᠎ᠠ ᠶᠢᠨ ᠬᠤᠪᠢᠶᠠᠷᠢᠯᠠᠯᠲᠠ ᠶᠢ | ᠲᠤᠬᠢᠷᠠᠭᠤᠯᠬᠤ᠂ ᠨᠡᠶᠢᠭᠡᠮ ᠤᠨ ᠪᠠᠲᠤᠯᠠᠭ᠎ᠠ ᠬᠢᠭᠡᠳ ᠠᠵᠤ ᠠᠬᠤᠢ ᠶᠢ ᠵᠣᠬᠢᠴᠠᠩᠭᠤᠢ ᠪᠠᠷ ᠬᠥᠭᠵᠢᠭᠦᠯᠬᠦ ᠲᠦᠷᠦ ᠶᠢᠨ | ᠪᠤᠳᠤᠯᠭ᠎ᠠ ᠶᠢᠨ ᠰᠠᠨᠠᠭᠤᠯᠭ᠎ᠠ ᠶᠢ ᠲᠡᠭᠦᠯᠳᠡᠷᠵᠢᠭᠦᠯᠬᠦ᠂ ᠠᠵᠢᠯ ᠣᠯᠭᠤᠯᠲᠠ᠂ ᠣᠷᠣᠯᠭ᠎ᠠ ᠶᠢᠨ ᠬᠤᠪᠢᠶᠠᠷᠢᠯᠠᠯᠲᠠ ᠪᠠ | ᠨᠡᠶᠢᠭᠡᠮ ᠤᠨ ᠪᠠᠲᠤᠯᠠᠭ᠎ᠠ ᠶᠢᠨ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ ᠃ | ( ᠠᠷᠪᠠᠨ ᠨᠢᠭᠡ ) ᠦᠷᠭᠦᠯᠵᠢᠯᠡᠬᠦ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ | ᠲᠦᠯᠬᠢᠨ ᠠᠬᠢᠭᠤᠯᠤᠨ᠎ᠠ ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠡᠨᠧᠷᠭᠢ ᠠᠷᠪᠢᠯᠠᠨ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢᠨ ᠶᠡᠷᠦᠩᠬᠡᠶᠢᠯᠡᠭᠰᠡᠨ ᠵᠣᠬᠢᠴᠠᠭᠤᠯᠭ᠎ᠠ ᠶᠢ ᠬᠠᠷᠢᠭᠤᠴᠠᠨ᠎ᠠ︔ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠣᠷᠴᠢᠯ ᠠᠵᠤ ᠠᠬᠤᠢ ᠶᠢᠨ ᠬᠥᠭᠵᠢᠯᠲᠡ᠂ ᠪᠦᠬᠦ ᠨᠡᠶᠢᠭᠡᠮ ᠤᠨ | ᠡᠨᠧᠷᠭᠢ ᠶᠢᠨ ᠰᠤᠷᠪᠤᠯᠵᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠲᠥᠯᠥᠪᠵᠢᠭᠦᠯᠭᠡ ᠵᠢᠴᠢ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠵᠤ ᠲᠤᠭᠤᠷᠪᠢᠬᠤ ᠶᠢᠨ ᠬᠠᠮᠲᠤ ᠵᠣᠬᠢᠴᠠᠭᠤᠯᠤᠨ | ᠬᠡᠷᠡᠭᠵᠢᠭᠦᠯᠦᠨ᠎ᠡ︔ ᠠᠮᠢ ᠠᠬᠤᠶ ᠶᠢᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠣᠷᠣᠯᠴᠠᠵᠤ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ᠂ | ᠡᠨᠧᠷᠭᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ᠂ ᠠᠮᠢ ᠠᠬᠤᠶ ᠶᠢ ᠨᠥᠬᠦᠪᠥᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ᠎ᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠦᠨᠡᠯᠡᠨ ᠵᠢᠱᠢᠬᠦ ᠪᠠ ᠬᠢᠨᠠᠨ ᠪᠠᠶᠢᠴᠠᠭᠠᠬᠤ ᠳᠦᠷᠢᠮ ᠢ | ᠲᠡᠭᠦᠯᠳᠡᠷᠵᠢᠭᠦᠯᠵᠦ᠂ ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠬᠥᠭᠵᠢᠯᠲᠡ᠂ | ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠠᠷᠪᠢᠯᠠᠬᠤ ᠬᠠᠮᠢᠶᠠᠷᠤᠯᠲᠠ᠂ ᠠᠷᠢᠭᠤᠨ ᠴᠡᠪᠡᠷ | ᠦᠢᠯᠡᠳᠪᠦᠷᠢᠯᠡᠬᠦ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢᠨ ᠬᠢᠨᠠᠨ | ᠪᠠᠶᠢᠴᠠᠭᠠᠵᠤ ᠬᠠᠤᠯᠢ ᠬᠡᠷᠡᠭᠵᠢᠭᠦᠯᠬᠦ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠨ᠎ᠠ ᠃ | ᠪᠦᠬᠦ ᠲᠣᠭᠤᠷᠢᠭ ᠤᠨ ᠡᠨᠧᠷᠭᠢ ᠶᠢᠨ ᠲᠥᠰᠦᠭᠡᠯᠡᠵᠦ ᠰᠡᠷᠡᠮᠵᠢᠯᠡᠭᠦᠯᠬᠦ᠂ ᠮᠡᠳᠡᠭᠡ ᠵᠠᠩᠭᠢ ᠨᠡᠶᠢᠲᠡᠯᠡᠬᠦ ᠵᠢᠴᠢ | ᠠᠵᠢᠯᠯᠠᠭᠠᠨ ᠤ ᠬᠠᠮᠢᠶᠠᠷᠤᠯᠲᠠ ᠶᠢ ᠬᠠᠷᠢᠭᠤᠴᠠᠵᠤ᠂ ᠠᠵᠢᠯᠯᠠᠭᠠᠨ ᠤ ᠲᠣᠬᠢᠷᠠᠭᠤᠯᠭ᠎ᠠ ᠪᠣᠯᠤᠨ ᠪᠠᠴᠢᠮ ᠪᠠᠶᠢᠳᠠᠯ ᠢ | ᠠᠷᠭᠠᠴᠠᠬᠤ ᠪᠠᠲᠤᠯᠠᠭ᠎ᠠ ᠳᠤ ᠣᠷᠣᠯᠴᠠᠨ᠎ᠠ ᠃ | ( ᠠᠷᠪᠠᠨ ᠬᠤᠶᠠᠷ ) ᠪᠦᠬᠦ ᠲᠣᠭᠤᠷᠢᠭ ᠤᠨ ᠨᠡᠭᠦᠷᠡᠰᠦ᠂ ᠴᠠᠬᠢᠯᠭᠠᠨ ᠬᠦᠴᠦᠨ᠂ ᠴᠢᠯᠠᠭᠤᠨ ᠲᠣᠰᠣ᠂ | ᠪᠠᠶᠢᠭᠠᠯᠢ ᠶᠢᠨ ᠰᠢᠲᠠᠮᠠᠬᠠᠶ ᠬᠡᠢ ᠵᠢᠴᠢ ᠲᠣᠰᠣ ᠪᠣᠯᠪᠠᠰᠤᠷᠠᠭᠤᠯᠬᠤ᠂ ᠨᠡᠭᠦᠷᠡᠰᠦ ᠪᠠᠷ ᠲᠦᠯᠡᠰᠢ ᠬᠢᠬᠦ ᠪᠠ ᠲᠦᠯᠡᠰᠢᠨ | ᠡᠲ᠋ᠢᠯ ᠠᠯᠺᠣᠣᠯ ᠵᠡᠷᠭᠡ ᠡᠨᠧᠷᠭᠢ ᠶᠢᠨ ᠨᠡᠭᠡᠭᠡᠯᠲᠡ ᠶᠢᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠬᠦ ᠠᠵᠢᠯ | ᠪᠣᠯᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢᠨ ᠠᠵᠢᠯ | ᠢ ᠡᠭᠦᠷᠭᠡᠯᠡᠵᠦ᠂ ᠰᠢᠨ᠎ᠡ ᠡᠨᠧᠷᠭᠢ ᠪᠣᠯᠤᠨ ᠳᠠᠬᠢᠨ ᠡᠭᠦᠰᠴᠦ ᠪᠣᠯᠬᠤ ᠡᠨᠧᠷᠭᠢ ᠶᠢᠨ ᠨᠡᠭᠡᠭᠡᠯᠲᠡ ᠵᠢᠴᠢ ᠠᠵᠢᠯ | ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ ᠃ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ | ᠪᠦᠬᠦ ᠲᠣᠭᠤᠷᠢᠭ ᠤᠨ ᠡᠨᠧᠷᠭᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ | ᠬᠢᠨᠠᠨ ᠵᠥᠪᠰᠢᠶᠡᠷᠡᠵᠦ ᠪᠦᠷᠢᠳᠬᠡᠨ ᠳᠠᠩᠰᠠᠯᠠᠵᠤ᠂ ᠬᠢᠨᠠᠨ ᠬᠠᠷᠭᠤᠭᠤᠯᠵᠤ ᠰᠢᠯᠵᠢᠭᠦᠯᠦᠨ ᠮᠡᠳᠡᠭᠦᠯᠦᠨ᠎ᠡ ᠃ | ᠲᠠᠷᠢᠶᠠᠯᠠᠬᠤ ᠮᠠᠯᠵᠢᠬᠤ ᠣᠷᠣᠨ ᠤ ᠡᠨᠧᠷᠭᠢ ᠶᠢᠨ ᠬᠥᠭᠵᠢᠭᠦᠯᠦᠯᠲᠡ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ ᠃ | ᠪᠦᠬᠦ ᠲᠣᠭᠤᠷᠢᠭ ᠤᠨᠡᠨᠧᠷᠭᠢ ᠶᠢᠨ ᠴᠢᠬᠤᠯᠠ ᠶᠡᠭᠡ ᠲᠣᠨᠣᠭᠯᠠᠯ ᠤᠨ ᠮᠡᠷᠭᠡᠵᠢᠯ ᠤᠨ ᠰᠤᠳᠤᠯᠤᠨ ᠨᠡᠭᠡᠭᠡᠬᠦ ᠵᠢᠴᠢ | ᠬᠠᠮᠢᠶ᠎ᠠ ᠪᠦᠬᠦᠢ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠵᠣᠬᠢᠶᠠᠨ ᠪᠠᠶᠢᠭᠤᠯᠤᠨ | ᠲᠦᠯᠬᠢᠨ ᠠᠬᠢᠭᠤᠯᠤᠨ᠎ᠠ ᠃ ᠨᠡᠭᠦᠷᠡᠰᠦ ᠠᠴᠠ ᠪᠤᠰᠤᠳ ᠰᠢᠨ᠎ᠡ ᠡᠨᠧᠷᠭᠢ ᠶᠢᠨ ᠠᠵᠢᠯ ᠲᠥᠷᠥᠯ ᠤᠨ ᠠᠵᠢᠯᠯᠠᠭᠠᠨ ᠤ | ᠠᠮᠤᠷ ᠲᠦᠪᠰᠢᠨ ᠢ ᠬᠠᠷᠢᠭᠤᠴᠠᠨ᠎ᠠ ᠃ ᠪᠦᠬᠦ ᠲᠣᠭᠤᠷᠢᠭ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ | ᠶᠢ ᠤᠷᠲᠤ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ | ( ᠠᠷᠪᠠᠨ ᠭᠤᠷᠪᠠ ) ᠬᠡᠷᠡᠭ ᠲᠤ ᠬᠤᠯᠪᠣᠭᠳᠠᠭᠰᠠᠨ ᠵᠢᠴᠢ ᠪᠤᠰᠤᠳ ᠭᠡᠷᠡᠴᠢᠯᠡᠭᠦᠯᠬᠦ ᠴᠢᠬᠤᠯᠠᠲᠠᠶ ᠡᠳ᠋ | ᠪᠣᠳᠠᠰ ᠲᠤ ᠦᠨ᠎ᠡ ᠬᠠᠩᠰᠢ ᠶᠢᠨ ᠭᠡᠷᠡᠴᠢᠯᠡᠯ ᠬᠢᠬᠦ ᠶᠢᠨ ᠬᠠᠮᠲᠤ ᠭᠡᠷᠡᠴᠢᠯᠡᠯ ᠤᠨ ᠮᠡᠳᠡᠭᠦᠯᠦᠯᠲᠡ ᠬᠢᠵᠦ ᠥᠭᠬᠦ ᠃ | ( ᠠᠷᠪᠠᠨ ᠳᠥᠷᠪᠡ ) ᠤᠯᠤᠰ᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠰᠢᠨ᠎ᠡ ᠬᠡᠯᠪᠡᠷᠢ | ᠶᠢᠨ ᠠᠵᠤ ᠦᠶᠯᠡᠳᠪᠦᠷᠢᠵᠢᠯᠲᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠷᠥ ᠶᠢᠨ ᠪᠣᠳᠣᠯᠭ᠎ᠠ ᠶᠢ | ᠲᠤᠤᠱᠯᠠᠭᠤᠯᠵᠤ᠂ ᠰᠢᠭᠤᠶᠢᠲᠤ ᠲᠣᠭᠤᠷᠢᠭ ᠤᠨ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ | ᠶᠢᠨ ᠲᠥᠯᠥᠪᠵᠢᠭᠦᠯᠭᠡ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ ᠬᠡᠯᠪᠡᠷᠢ | ᠶᠢᠨ ᠠᠵᠤ ᠦᠶᠯᠡᠳᠪᠦᠷᠢᠵᠢᠯᠲᠡ ᠶᠢᠨ ᠠᠬᠢᠴᠠ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ | ᠰᠢᠶᠳᠪᠦᠷᠢᠯᠡᠵᠦ᠂ ᠠᠵᠤ ᠦᠶᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ | ᠪᠠ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ ᠃ | ( ᠠᠷᠪᠠᠨ ᠲᠠᠪᠤ ) ᠰᠢᠭᠤᠶᠢᠲᠤ ᠲᠣᠭᠤᠷᠢᠭ ᠤᠨ ᠠᠵᠤ ᠦᠢᠯᠡᠳᠪᠦᠷᠢ ᠶᠢᠨ ᠬᠦᠷᠢᠶᠡᠨ ᠤ ᠠᠵᠢᠯ ᠲᠥᠷᠥᠯ | ᠤᠨ ᠬᠠᠮᠢᠶᠠᠷᠤᠯᠲᠠ ᠶᠢ ᠬᠠᠷᠢᠭᠤᠴᠠᠨ᠎ᠠ ᠃ ᠰᠢᠭᠤᠶᠢᠲᠤ ᠲᠣᠭᠤᠷᠢᠭ ᠤᠨᠠᠵᠤ ᠦᠢᠯᠡᠳᠪᠦᠷᠢ ᠶᠢᠨ ᠠᠵᠤ ᠠᠬᠤᠶ | ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠨ᠂ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠵᠦ᠂ | ᠲᠥᠰᠦᠭᠡᠯᠡᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠴᠤ᠂ ᠠᠵᠢᠯ ᠲᠥᠷᠥᠯ ᠤᠨ | ᠠᠵᠢᠯᠯᠠᠭᠠᠨ ᠤ ᠬᠥᠭᠵᠢᠯᠲᠡ ᠶᠢᠨ ᠳᠤᠮᠳᠠᠬᠢ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠬᠦ | ᠶᠢᠨ ᠬᠠᠮᠲᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ ᠃ ᠠᠵᠤ ᠦᠢᠯᠡᠳᠪᠦᠷᠢ ᠶᠢᠨ ᠠᠵᠢᠯᠯᠠᠭᠠᠨ | ᠳᠠᠬᠢ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠶᠢᠨ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ ᠃ | ᠰᠢᠭᠤᠶᠢᠲᠤ ᠲᠣᠭᠤᠷᠢᠭ ᠤᠨ ᠠᠵᠤ ᠦᠶᠯᠡᠳᠪᠦᠷᠢ ᠶᠢᠨ ᠲᠥᠷᠥᠯ ᠵᠦᠶᠯ ᠢ ᠲᠣᠭᠲᠠᠭᠠᠬᠤ ᠵᠢᠴᠢ ᠡᠨᠧᠷᠭᠢ ᠠᠷᠪᠢᠯᠠᠬᠤ | ᠶᠢ ᠦᠨᠡᠯᠡᠨ ᠵᠢᠱᠢᠵᠦ ᠪᠦᠷᠢᠳᠬᠡᠨ ᠳᠠᠩᠰᠠᠯᠠᠵᠤ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ ᠃ ᠰᠢᠭᠤᠶᠢᠲᠤ | ᠣᠷᠣᠨ ᠤ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠮᠥᠷᠳᠡᠬᠦ᠂ ᠬᠢᠨᠠᠨ ᠡᠵᠡᠮᠳᠡᠬᠦ ᠪᠠ | ᠦᠢᠯᠡᠴᠢᠯᠡᠬᠦ ᠠᠵᠢᠯ ᠢ ᠬᠠᠷᠢᠭᠤᠴᠠᠨ᠎ᠠ ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠢᠯᠯᠠᠭᠠᠨ ᠤ | ᠪᠠᠶᠢᠳᠠᠯ ᠢ ᠬᠢᠨᠠᠨ ᠬᠡᠮᠵᠢᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ | ᠪᠣᠯᠤᠨ ᠬᠥᠭᠵᠢᠯᠲᠡ ᠶᠢ ᠵᠢᠯᠣᠭᠤᠳᠬᠤ ᠪᠠ ᠵᠣᠬᠢᠴᠠᠭᠤᠯᠤᠨ᠎ᠠ ᠃ | ( ᠠᠷᠪᠠᠨ ᠵᠢᠷᠭᠤᠭ᠎ᠠ ) ᠠᠵᠤ ᠦᠶᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢ ᠵᠢᠯᠣᠭᠤᠳᠤᠨ᠎ᠠ ᠃ | ᠰᠢᠭᠤᠶᠢᠲᠤ ᠲᠣᠭᠤᠷᠢᠭ ᠤᠨᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠠᠵᠢᠯ ᠢ ᠵᠣᠬᠢᠴᠠᠭᠤᠯᠤᠨ | ᠵᠢᠯᠣᠭᠤᠳᠴᠤ᠂ ᠡᠨᠧᠷᠭᠢ ᠠᠷᠪᠢᠯᠠᠬᠤ ᠶᠢᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ ᠃ | (ᠠᠷᠪᠠᠨ ᠳᠣᠯᠤᠭ᠎ᠠ) ᠰᠢᠭᠤᠶᠢᠲᠤ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ | ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠪᠣᠯᠤᠨ ᠠᠵᠤ ᠦᠢᠯᠡᠰ ᠤᠨ ᠬᠥᠭᠵᠢᠯᠲᠡ ᠶᠢᠨ ᠤᠳᠤᠷᠢᠳᠤᠮᠵᠢ | ᠪᠣᠯᠤᠨ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ | ᠥᠭᠡᠷᠡᠴᠢᠯᠡᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠤᠨ ᠠᠵᠤ ᠦᠢᠯᠡᠰ ᠤᠨ ᠪᠦᠲᠦᠴᠡ ᠶᠢᠨ | ᠲᠣᠬᠢᠷᠠᠭᠤᠯᠤᠯᠲᠠ ᠶᠢᠨ ᠰᠠᠨᠠᠭᠤᠯᠭ᠎ᠠ ᠳᠤᠷᠠᠳᠤᠨ᠎ᠠ ᠃ ᠰᠢᠭᠤᠶᠢᠲᠤ ᠲᠣᠭᠤᠷᠢᠭ ᠤᠨ ᠴᠠᠬᠢᠯᠭᠠᠨ ᠬᠦᠴᠦᠨ ᠤ | ᠪᠡᠯᠡᠳᠬᠡᠮᠵᠢ ᠪᠣᠯᠤᠨ ᠴᠠᠬᠢᠯᠭᠠᠨ ᠡᠨᠧᠷᠭᠢ ᠶᠢᠨ ᠬᠠᠮᠠᠭᠠᠯᠠᠯᠲᠠ ᠶᠢᠨ ᠠᠵᠢᠯ ᠢ ᠬᠠᠤᠯᠢ ᠶᠣᠰᠣᠭᠠᠷ ᠥᠷᠨᠢᠭᠦᠯᠵᠦ᠂ | ᠲᠤᠰ ᠬᠠᠷᠢᠶ᠎ᠠ ᠣᠷᠣᠨ ᠤ ᠪᠠᠨ ᠳᠣᠲᠣᠷᠠᠬᠢ ᠴᠠᠬᠢᠯᠭᠠᠨ ᠬᠦᠴᠦᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯ ᠢ ᠡᠭᠦᠷᠭᠡᠯᠡᠨ᠎ᠡ ᠃ ᠳᠠᠪᠤᠰᠤᠨ ᠤ ᠦᠶᠯᠡᠰ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠠᠵᠢᠯ | ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠶᠴᠡᠳᠬᠡᠨ᠎ᠡ ᠃ ᠠᠮᠤ | ᠪᠤᠳᠠᠭᠠᠨ ᠤ ᠭᠦᠢᠯᠭᠡᠭᠡᠨ ᠤ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ | ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠨ᠎ᠡ ᠃ ᠰᠢᠭᠤᠶᠢᠲᠤ ᠲᠣᠭᠤᠷᠢᠭ ᠤᠨ ᠠᠷᠠᠳ ᠤᠨ | ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ ᠃ ᠬᠤᠪᠣᠷ ᠰᠢᠷᠣᠶ ᠶᠢᠨ ᠠᠵᠢᠯ ᠲᠥᠷᠥᠯ ᠤᠨ ᠬᠥᠭᠵᠢᠯᠲᠡ ᠶᠢᠨ ᠬᠤᠷᠸ᠎ᠠ ᠲᠣᠬᠢᠷᠠᠭᠤᠯᠭ᠎ᠠ ᠡᠵᠡᠮᠰᠢᠯ | ᠪᠣᠯᠤᠨ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ ᠃ | ( ᠠᠷᠪᠠᠨ ᠨᠠᠶᠮᠠ ) ᠠᠵᠤ ᠦᠶᠯᠡᠳᠪᠦᠷᠢ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠶᠯᠡᠴᠢᠯᠡᠭᠡᠨ ᠤ | ᠦᠶᠯᠡᠰ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ | ᠡᠭᠦᠳᠬᠦ ᠪᠠ ᠦᠶᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠷᠢᠯᠴᠠᠨ ᠤᠶᠠᠯᠳᠤᠭᠤᠯᠬᠤ ᠶᠢ ᠲᠦᠯᠬᠢᠨ | ᠠᠬᠢᠭᠤᠯᠤᠨ᠎ᠠ ᠃ ᠠᠵᠤ ᠦᠶᠯᠡᠳᠪᠦᠷᠢ ᠶᠢᠨ ᠠᠵᠢᠯ ᠲᠥᠷᠥᠯ ᠤᠨ ᠶᠠᠰᠤ ᠴᠢᠨᠠᠷ ᠣᠨ ᠬᠠᠮᠢᠶᠠᠷᠤᠯᠲᠠ ᠪᠠ ᠨᠡᠷᠡᠲᠦ | ᠲᠥᠷᠥᠯ ᠲᠡᠮᠳᠡᠭᠲᠦ ᠶᠢ ᠪᠣᠶᠢᠵᠢᠭᠤᠯᠬᠤ ᠶᠢ ᠵᠢᠯᠣᠭᠤᠳᠤᠨ᠎ᠠ ᠃ | ( ᠠᠷᠪᠠ ᠶᠢᠰᠦ ) ᠲᠣᠨᠤᠭ ᠲᠥᠬᠦᠭᠡᠷᠦᠮᠵᠢ ᠦᠶᠯᠡᠳᠬᠦ ᠦᠶᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ | ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠬᠥᠭᠵᠢᠯᠲᠡ ᠪᠠ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ | ᠲᠤᠭᠤᠷᠪᠢᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠭᠤᠤᠯᠳᠠᠯᠭ᠎ᠠ ᠲᠠᠢ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠲᠦᠰᠢᠭᠯᠡᠨ ᠬᠤᠯᠪᠣᠭᠳᠠᠯ ᠪᠥᠬᠦᠶ ᠴᠢᠬᠤᠯᠠ ᠶᠡᠭᠡ ᠲᠤᠰᠬᠠᠶ | ᠵᠦᠶᠯ ᠤᠨ ᠬᠡᠷᠡᠭᠵᠢᠭᠦᠯᠦᠯᠲᠡ ᠶᠢ ᠵᠣᠬᠢᠴᠠᠭᠤᠯᠵᠤ᠂ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠤᠯᠤᠰ ᠲᠠᠭᠠᠨ | ᠦᠶᠯᠡᠳᠪᠦᠷᠢᠯᠡᠬᠦ ᠶᠢ ᠠᠬᠢᠭᠤᠯᠤᠨ᠂ ᠣᠷᠣᠭᠤᠯᠵᠤ ᠢᠷᠡᠭᠰᠡᠨ ᠮᠡᠷᠭᠡᠵᠢᠯ ᠲᠣᠨᠤᠭ ᠲᠥᠬᠦᠭᠡᠷᠦᠮᠵᠢ ᠶᠢ ᠰᠢᠩᠭᠡᠭᠡᠨ | ᠠᠪᠴᠤ ᠰᠢᠨ᠎ᠡ ᠶᠢ ᠡᠭᠦᠳᠬᠦ ᠶᠢ ᠵᠢᠯᠣᠭᠤᠳᠴᠤ᠂ ᠰᠢᠨ᠎ᠡ ᠪᠠᠷ ᠪᠣᠶ ᠪᠣᠯᠤᠭᠰᠠᠨ ᠠᠵᠤ ᠦᠶᠯᠡᠰ ᠤᠨ ᠬᠥᠭᠵᠢᠯᠲᠡ ᠶᠢ | ᠠᠬᠢᠭᠤᠯᠤᠨ᠎ᠠ ᠃ | ( ᠬᠤᠷᠢ ) ᠳᠤᠮᠳᠠ ᠵᠢᠵᠢᠭ ᠠᠵᠤ ᠠᠬᠤᠶᠢᠯᠠᠯ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ | ᠦᠶᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠬᠤᠷᠸ᠎ᠠ ᠵᠢᠯᠣᠭᠤᠳᠣᠯᠭ᠎ᠠ ᠶᠢ ᠬᠠᠷᠢᠭᠤᠴᠠᠨ᠎ᠠ ᠃ ᠳᠤᠮᠳᠠ | ᠵᠢᠵᠢᠭ ᠠᠵᠤ ᠠᠬᠤᠶᠢᠯᠠᠯ ᠤᠨ ᠲᠤᠰᠬᠠᠶ ᠵᠦᠶᠯ ᠤᠨ ᠪᠡᠯᠡ ᠮᠥᠩᠭᠦ ᠮᠡᠳᠡᠭᠦᠯᠬᠦ᠂ ᠬᠢᠨᠠᠬᠤ ᠪᠠ ᠬᠢᠨᠠᠯᠲᠠ ᠲᠠᠯᠪᠢᠬᠤ ᠶᠢ | ᠬᠠᠷᠢᠭᠤᠴᠠᠨ᠎ᠠ ᠃ ᠳᠤᠮᠳᠠ ᠵᠢᠵᠢᠭ ᠠᠵᠤ ᠠᠬᠤᠶᠢᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ | ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ ᠃ ᠳᠤᠮᠳᠠ ᠵᠢᠵᠢᠭ | ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠵᠣᠬᠢᠶᠠᠨ | ᠪᠠᠶᠢᠭᠤᠯᠤᠨ ᠵᠢᠯᠣᠭᠤᠳᠤᠨ᠎ᠠ ᠃ ᠳᠤᠮᠳᠠ ᠵᠢᠵᠢᠭ ᠠᠵᠤ ᠠᠬᠤᠶᠢᠯᠠᠯ ᠤᠨ ᠪᠣᠯᠪᠠᠰᠤᠷᠠᠭᠤᠯᠤᠯ ᠢ ᠬᠠᠷᠢᠭᠤᠴᠠᠨ᠎ᠠ ᠃ | ( ᠬᠤᠷᠢᠨ ᠨᠢᠭᠡ ) ᠲᠤᠶᠢᠯ ᠤᠨ ᠣᠨᠣᠪᠴᠢᠲᠠᠶ ᠪᠠᠷ ᠶᠠᠳᠠᠭᠤ ᠶᠢ ᠲᠡᠳᠬᠦᠬᠦ᠂ ᠠᠶᠤᠯ ᠥᠬᠡᠶ | ᠦᠶᠯᠡᠳᠪᠦᠷᠢᠯᠡᠯ ᠢ ᠳᠠᠭᠠᠭᠠᠴᠢᠯᠠᠨ ᠬᠤᠯᠪᠣᠭᠠᠯᠠᠬᠤ ᠠᠵᠢᠯ ᠵᠢᠴᠢ ᠣᠷᠣᠨ ᠤ ᠨᠠᠮ ᠤᠨ ᠬᠤᠷᠢᠶ᠎ᠠ᠂ ᠲᠣᠭᠤᠷᠢᠭ ᠤᠨ | ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ ᠃ | ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠬᠥᠭᠵᠢᠯᠲᠡ ᠪᠠ ᠥᠭᠡᠷᠡᠴᠢᠯᠡᠯᠲᠡ ᠶᠢᠨ ᠵᠥᠪᠯᠡᠯ ᠤᠨ | ᠵᠠᠰᠠᠭ ᠵᠠᠬᠢᠷᠭᠠᠨ ᠤ ᠣᠷᠣᠨ ᠲᠤᠭ᠎ᠠ 5 ᠬᠥᠮᠦᠨ ᠃ ᠡᠷᠬᠢᠯᠡᠭᠴᠢ 1 ᠬᠥᠮᠦᠨ᠂ ᠳᠡᠳ᠋ ᠡᠷᠬᠢᠯᠡᠭᠴᠢ 3 ᠬᠥᠮᠦᠨ | ᠲᠣᠬᠢᠷᠠᠭᠤᠯᠤᠨ᠎ᠠ ᠃ ᠫᠠᠶᠢᠰᠠ ᠡᠯᠭᠦᠬᠦ ᠪᠠᠶᠢᠭᠤᠯᠤᠮᠵᠢ ᠶᠢᠨ ᠤᠳᠤᠷᠢᠳᠤᠯᠭ᠎ᠠ ᠶᠢᠨ ᠲᠤᠰᠢᠶᠠᠯ ᠢ ᠠᠵᠢᠯ ᠤᠨ | ᠬᠡᠷᠡᠭᠴᠡᠭᠡ ᠪᠠᠨ ᠦᠨᠳᠦᠰᠦᠯᠡᠨ ᠡᠷᠬᠢᠯᠡᠭᠴᠢ ( ᠪᠤᠶᠤ ᠳᠡᠳ᠋ ᠡᠷᠬᠢᠯᠡᠭᠴᠢ ) ᠠᠴᠠ ᠬᠠᠪᠰᠤᠷᠭᠠᠨ ᠡᠭᠦᠷᠭᠡᠯᠡᠨ᠎ᠡ ᠃ | ᠠᠯᠪᠠᠨ ᠭᠡᠷ᠄ | ᠪᠢᠴᠢᠭ ᠮᠠᠲ᠋ᠧᠷᠢᠶᠠᠯ ᠴᠠᠬᠢᠯᠭᠠᠨ ᠤ ᠠᠵᠢᠯᠯᠠᠭᠠᠨ᠂ ᠬᠤᠷᠠᠯ ᠤᠨ ᠶᠠᠪᠤᠳᠠᠯ ᠤᠨ ᠵᠣᠬᠢᠶᠠᠨ ᠪᠠᠶᠢᠭᠤᠯᠤᠯᠲᠠ᠂ | ᠨᠢᠭᠤᠴᠠ ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠤᠨ ᠰᠢᠮᠳᠠᠭᠤᠯᠤᠨ ᠭᠦᠢᠴᠡᠳᠬᠡᠯᠭᠡᠬᠦ᠂ | ᠳᠠᠩᠰᠠ ᠡᠪᠬᠡᠮᠡᠯ ᠤᠨ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ᠂ ᠵᠠᠰᠠᠭ ᠤᠨ ᠶᠠᠪᠤᠳᠠᠯ ᠤᠨ | ᠮᠡᠳᠡᠭᠡ ᠵᠠᠩᠭᠢ᠂ ᠭᠠᠳᠠᠭᠠᠳᠤ ᠤᠬᠠᠭᠤᠯᠭ᠎ᠠ᠂ ᠠᠮᠤᠷ ᠲᠦᠪᠰᠢᠨ ᠢ ᠬᠠᠮᠠᠭᠠᠯᠠᠬᠤ ᠵᠡᠷᠭᠡ ᠪᠠᠶᠢᠭᠤᠯᠭ᠎ᠠ ᠶᠢᠨ ᠵᠠᠰᠠᠭ | ᠵᠠᠬᠢᠷᠭᠠᠨ ᠤ ᠶᠠᠪᠤᠳᠠᠯ ᠵᠡᠷᠭᠡ ᠬᠠᠮᠢᠶᠠᠷᠤᠯᠲᠠ ᠶᠢᠨ ᠵᠦᠢᠯᠡᠰ ᠢ ᠡᠭᠦᠷᠭᠡᠯᠡᠨ᠎ᠡ︔ ᠪᠠᠶᠢᠭᠤᠯᠭ᠎ᠠ ᠶᠢᠨ ᠬᠤᠯᠪᠣᠭᠳᠠᠯ | ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ | ᠡᠭᠦᠷᠭᠡᠯᠡᠨ᠎ᠡ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ | ᠤᠯᠤᠰ ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ᠂ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠡᠭᠦᠷᠭᠡᠯᠡᠨ᠎ᠡ ᠃ ᠪᠠᠶᠢᠭᠤᠯᠭ᠎ᠠ ᠶᠢᠨ ᠨᠠᠮ ᠤᠨ | ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠵᠡᠷᠭᠡ ᠠᠵᠢᠯ ᠢ ᠬᠠᠷᠢᠭᠤᠴᠠᠨ᠎ᠠ︔ ᠪᠠᠶᠢᠭᠤᠯᠭ᠎ᠠ ᠶᠢᠨ ᠡᠳ᠋ ᠤᠨ | ᠶᠠᠪᠤᠳᠠᠯ ᠪᠠ ᠡᠳ᠋ ᠬᠥᠷᠥᠩᠭᠡ ᠶᠢᠨ ᠬᠠᠮᠢᠶᠠᠷᠤᠯᠲᠠ᠂ ᠬᠠᠤᠯᠢ ᠲᠦᠭᠡᠮᠡᠯᠵᠢᠭᠦᠯᠬᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠵᠣᠬᠢᠴᠠᠭᠤᠯᠵᠤ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ | ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠬᠠᠷᠢᠭᠤᠴᠠᠨ᠎ᠠ︔ ᠪᠠᠶᠢᠭᠤᠯᠤᠯᠭ᠎ᠠ ᠪᠣᠯᠤᠨ ᠰᠢᠭᠤᠳ ᠬᠠᠷᠢᠶ᠎ᠠ ᠨᠢᠭᠡᠴᠡ ᠶᠢᠨ | ᠺᠠᠳ᠋ᠷ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠣᠷᠣᠨ ᠲᠤᠭ᠎ᠠ᠂ ᠡᠩᠨᠡᠭᠡᠨ ᠤ ᠪᠠᠶᠢᠭᠤᠯᠤᠯᠲᠠ | ᠪᠣᠯᠤᠨ ᠬᠥᠮᠦᠵᠢᠯ ᠪᠣᠯᠪᠠᠰᠤᠷᠠᠭᠤᠯᠤᠯ ᠵᠡᠷᠭᠡ ᠠᠵᠢᠯ ᠢ ᠬᠠᠷᠢᠭᠤᠴᠠᠨ᠎ᠠ ᠃ ᠠᠵᠤ ᠠᠬᠤᠢ ᠨᠡᠶᠢᠭᠡᠮ ᠤᠨ ᠬᠥᠭᠵᠢᠯᠲᠡ᠂ | ᠥᠭᠡᠷᠡᠴᠢᠯᠡᠯᠲᠡ ᠨᠡᠭᠡᠭᠡᠯᠳᠡ ᠶᠢᠨ ᠴᠢᠬᠤᠯᠠ ᠶᠡᠭᠡ ᠠᠰᠠᠭᠤᠳᠠᠯ ᠪᠠ ᠵᠥᠭᠡᠯᠡᠨ ᠰᠡᠳᠦᠪ ᠤᠨ ᠰᠤᠳᠤᠯᠭᠠᠨ ᠢ | ᠵᠣᠬᠢᠶᠠᠨ ᠪᠠᠶᠢᠭᠤᠯᠵᠤ ᠵᠣᠬᠢᠴᠠᠭᠤᠯᠤᠨ ᠥᠷᠨᠢᠭᠦᠯᠦᠨ᠎ᠡ ᠃ | ᠠᠵᠢᠯᠯᠠᠬᠤ ᠭᠠᠵᠠᠷ᠄ ᠥᠪᠥᠷ ᠮᠣᠩᠭᠤᠯ ᠤᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠰᠢᠭᠤᠶᠢᠲᠤ | ᠰᠢᠨ᠎ᠡ ᠲᠣᠭᠤᠷᠢᠭ ᠤᠨ ᠶᠢᠨ ᠵᠧᠩ ᠲᠣᠮᠣ ᠠᠰᠠᠷ 147 | ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00—12᠄ 00 ᠦᠳᠡ ᠶᠢᠨ ᠬᠤᠶᠢᠨ᠎ᠠ | 14᠄ 00—17᠄ 30 ᠃ | ᠬᠠᠷᠢᠯᠴᠠᠬᠤ ᠬᠡᠯᠪᠡᠷᠢ᠄ 8728213 | ᠬᠠᠷᠢᠭᠤᠴᠠᠯᠭᠠᠲᠠᠨ ᠤ ᠣᠪᠣᠭ ᠨᠡᠷ᠎ᠡ᠄ ᠰᠢᠤᠢ ᡁᠢ ᠴᠦᠨ᠂ | ᠬᠠᠷᠢᠯᠴᠠᠬᠤ ᠬᠡᠯᠪᠡᠷᠢ᠄ 0472 - 8728075 | ᠲᠥᠷᠥᠯ ᠵᠦᠢᠯ ᠤᠨ ᠬᠠᠮᠢᠶᠠᠷᠤᠯᠲᠠ ᠶᠢᠨ ᠠᠯᠪᠠᠨ ᠭᠡᠷ᠄ ᠡᠯ᠎ᠡ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠰᠡᠳᠦᠪ | ᠲᠣᠭᠲᠠᠭᠠᠬᠤ᠂ ᠴᠣᠬᠤᠯᠠᠪᠤᠷᠢᠯᠠᠬᠤ ᠪᠠ ᠡᠯ᠎ᠡ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ | ᠳᠡᠭᠡᠭᠰᠢ ᠪᠠᠨ ᠪᠡᠯᠡ ᠮᠥᠩᠭᠦ ᠣᠯᠬᠤ ᠵᠢᠴᠢ ᠮᠠᠨ ᠤ ᠣᠷᠣᠨ ᠤ ᠴᠢᠬᠤᠯᠠ ᠶᠡᠭᠡ ᠲᠥᠷᠥᠯ ᠵᠦᠢᠯ ᠢ ᠨᠢᠭᠡᠳᠦᠯᠲᠡᠶ | ᠲᠥᠯᠥᠪᠯᠡᠨ ᠬᠠᠮᠢᠶᠠᠷᠬᠤ ᠶᠢ ᠬᠠᠷᠢᠭᠤᠴᠠᠨ᠎ᠠ︔ ᠵᠠᠰᠠᠭ ᠤᠨ ᠣᠷᠳᠣᠨ ᠤ ᠴᠢᠬᠤᠯᠠ ᠶᠡᠭᠡ ᠲᠥᠷᠥᠯ ᠵᠦᠢᠯ ᠤᠨ ᠪᠡᠯᠡ | ᠲᠣᠬᠢᠷᠠᠭᠤᠯᠬᠤ ᠲᠥᠰᠦᠯ ᠢ ᠬᠠᠷᠢᠭᠤᠴᠠᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ | ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ | ᠶᠢ ᠴᠢᠷᠮᠠᠶᠢᠨ ᠣᠯᠤᠨ᠎ᠠ ᠃ | ᠠᠵᠢᠯᠯᠠᠬᠤ ᠭᠠᠵᠠᠷ᠄ ᠥᠪᠥᠷ ᠮᠣᠩᠭᠤᠯ ᠤᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠰᠢᠭᠤᠶᠢᠲᠤ | ᠰᠢᠨ᠎ᠡ ᠲᠣᠭᠤᠷᠢᠭ ᠤᠨ ᠶᠢᠨ ᠵᠧᠩ ᠲᠣᠮᠣ ᠠᠰᠠᠷ 147 | ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 0012᠄ 00 ᠦᠳᠡ ᠶᠢᠨ ᠬᠤᠶᠢᠨ᠎ᠠ 14 | ᠄ 0017᠄ 30 |