ᠰᠢᠭᠤᠶᠢᠲᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠤᠣᠯ ᠲᠤᠰᠢᠶᠠᠯ ᠬᠠᠷᠢᠭᠤᠴᠠᠯᠭ᠎ᠠ ᠪᠠ ᠳᠣᠲᠣᠭᠠᠳᠤ ᠪᠠᠶᠢᠭᠤᠯᠤᠮᠵᠢ
ᠨᠡᠶᠢᠲᠡᠯᠡᠭᠰᠡᠨ ᠴᠠᠭ᠄
2021/12/16
ᠰᠢᠭᠤᠶᠢᠲᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠤᠣᠯ ᠲᠤᠰᠢᠶᠠᠯ ᠬᠠᠷᠢᠭᠤᠴᠠᠯᠭ᠎ᠠ ᠪᠠ ᠳᠣᠲᠣᠭᠠᠳᠤ ᠪᠠᠶᠢᠭᠤᠯᠤᠮᠵᠢ  ᠨᠢᠭᠡ᠂ ᠪᠠᠶᠢᠭᠤᠯᠭ᠎ᠠ ᠶᠢᠨ ᠡᠭᠦᠷᠭᠡ᠄       ᠨᠢᠭᠡ ᠨᠠᠮ ᠤᠨ ᠦᠨᠳᠦᠰᠦᠲᠡᠨ ᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠣᠷᠣᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠣᠨᠣᠯ᠂ ᠦᠨᠳᠦᠰᠦᠲᠡᠨ ᠤ ᠠᠵᠢᠯ ᠤᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠠᠨ ᠤ ᠣᠷᠣᠨ ᠤ ᠦᠨᠳᠦᠰᠦᠲᠡᠨ ᠤ ᠠᠵᠢᠯ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠬᠤᠯᠪᠣᠭᠳᠠᠯ ᠪᠦᠬᠦᠢ ᠲᠥᠷᠥ  ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠦᠨᠳᠦᠰᠦᠲᠡᠨ ᠤ ᠠᠵᠢᠯ᠂ ᠴᠥᠭᠡᠨ ᠲᠣᠭᠠᠲᠤ ᠦᠨᠳᠦᠰᠦᠲᠡᠨ  ᠤ ᠦᠭᠡ ᠬᠡᠯᠡ ᠦᠰᠦᠭ ᠪᠢᠴᠢᠭ ᠤᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠠᠵᠢᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠦᠨᠳᠦᠰᠦᠲᠡᠨ ᠤ ᠠᠵᠢᠯ ᠪᠣᠯᠤᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ  ᠃ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ  ᠃        ᠬᠤᠶᠠᠷ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ  ᠃ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭᠠᠨ ᠤ ᠳᠤᠮᠳᠠᠬᠢ ᠴᠢᠬᠤᠯᠠ ᠶᠡᠭᠡ ᠬᠡᠷᠡᠭ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ  ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠲᠤ ᠬᠤᠯᠪᠣᠭᠳᠠᠬᠤ ᠤᠴᠢᠷ ᠶᠠᠪᠤᠳᠠᠯ ᠢ ᠬᠢᠨᠠᠯᠲᠠ ᠲᠠᠯᠪᠢᠨ ᠭᠦᠢᠴᠡᠳᠬᠡᠵᠦ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠮᠠᠨ ᠤ ᠣᠷᠣᠨ ᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠠᠵᠢᠯ ᠳᠤ ᠣᠷᠣᠯᠴᠠᠵᠤ ᠵᠣᠬᠢᠴᠠᠭᠤᠯᠤᠨ᠂ ᠦᠨᠳᠦᠰᠦᠲᠡᠨ ᠨᠦᠭᠦᠳ ᠤᠨ ᠬᠠᠮᠲᠤᠪᠠᠷ ᠪᠦᠯᠬᠦᠮᠳᠡᠨ ᠲᠡᠮᠡᠴᠡᠬᠦ᠂ ᠬᠠᠮᠲᠤᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ  ᠃        ᠭᠤᠷᠪᠠ ᠴᠥᠭᠡᠨ ᠲᠣᠭᠠᠲᠤ ᠦᠨᠳᠦᠰᠦᠲᠡᠨ ᠪᠣᠯᠤᠨ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭ᠎ᠠ ᠭᠠᠵᠠᠷ ᠣᠷᠣᠨ ᠤ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠲᠤ ᠣᠨᠴᠣᠭᠤᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠰᠢᠮᠳᠠᠭᠤᠯᠵᠤ ᠪᠠᠶᠢᠭᠠᠳ ᠦᠨᠳᠦᠰᠦᠲᠡᠨ ᠤ ᠠᠵᠢᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠨᠢ ᠭᠦᠢᠴᠡᠳᠬᠡᠯᠭᠡᠵᠦ᠂ ᠠᠵᠤ ᠠᠬᠤᠶ ᠶᠢᠨ ᠬᠥᠭᠵᠢᠯᠲᠡ ᠪᠣᠯᠤᠨ ᠨᠡᠶᠢᠭᠡᠮ ᠤᠨ ᠦᠢᠯᠡᠰ ᠤᠨ ᠬᠤᠯᠪᠣᠭᠳᠠᠯ ᠪᠦᠬᠦᠢ ᠳᠠᠭᠠᠭᠤᠯᠤᠭᠴᠢ ᠬᠤᠲᠠ ᠶᠢᠨ ᠬᠡᠷᠡᠭᠵᠢᠭᠦᠯᠦᠯᠲᠡ᠂ ᠵᠣᠯᠭᠠᠯᠲᠠ ᠶᠢ ᠠᠬᠢᠭᠤᠯᠤᠨ᠎ᠠ  ᠃ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠵᠣᠬᠢᠴᠠᠭᠤᠯᠬᠤ᠂ ᠠᠵᠢᠯ ᠲᠥᠷᠥᠯ ᠢᠶᠠᠷ  ᠢᠶᠠᠨ ᠲᠤᠰᠠᠯᠠᠬᠤ ᠪᠠ ᠠᠵᠤ ᠠᠬᠤᠶ ᠮᠡᠷᠭᠡᠵᠢᠯ ᠤᠨ ᠬᠤᠷᠰᠢᠯᠴᠠᠭ᠎ᠠ᠂ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ  ᠤ ᠣᠨᠴᠠ ᠬᠡᠷᠡᠭᠴᠡᠭᠡᠲᠦ ᠬᠡᠷᠡᠭᠰᠡᠯ ᠤᠨ ᠦᠢᠯᠡᠳᠪᠦᠷᠢᠯᠡᠯ ᠵᠡᠷᠭᠡ ᠬᠤᠯᠪᠣᠭᠳᠠᠯ ᠪᠦᠬᠦᠢ ᠠᠵᠢᠯ ᠳᠤ ᠣᠷᠣᠯᠴᠠᠵᠤ᠂ ᠮᠠᠨ ᠤ ᠣᠷᠣᠨ ᠤ ᠦᠨᠳᠦᠰᠦᠲᠡᠨ ᠤ ᠠᠵᠢᠯ ᠪᠣᠯᠤᠨ ᠮᠣᠩᠭᠤᠯ ᠬᠡᠯᠡ ᠪᠢᠴᠢᠭ ᠤᠨ ᠠᠵᠢᠯ ᠢ ᠬᠠᠷᠢᠭᠤᠴᠠᠨ᠂ ᠯᠠᠯᠤ  ᠶᠢᠨ ᠢᠳᠡᠭᠡᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ  ᠃        ᠳᠥᠷᠪᠡ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠵᠡᠷᠭᠡ ᠲᠤᠰᠬᠠᠶ ᠵᠦᠢᠯ ᠤᠨ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠪᠦᠬᠦ ᠣᠷᠣᠨ ᠤ ᠠᠵᠤ ᠠᠬᠤᠶ ᠨᠡᠶᠢᠭᠡᠮ ᠤᠨ ᠬᠠᠮᠢᠶ᠎ᠠ ᠪᠦᠬᠦᠢ ᠬᠦᠷᠢᠶᠡᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠦᠨᠳᠦᠰᠦᠲᠡᠨ ᠤ ᠬᠡᠷᠡᠭ ᠡᠷᠬᠢᠯᠡᠬᠦᠬᠦ ᠦᠢᠯᠡᠴᠢᠯᠡᠭᠡᠨ ᠤ ᠰᠢᠰᠲ᠋ᠧᠮᠵᠢ ᠪᠣᠯᠤᠨ ᠦᠨᠳᠦᠰᠦᠲᠡᠨ ᠤ ᠬᠡᠷᠡᠭ ᠡᠷᠬᠢᠯᠡᠬᠦᠬᠦ ᠬᠠᠮᠢᠶᠠᠷᠤᠯᠲᠠ ᠶᠢᠨ ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ  ᠃        ( ᠲᠠᠪᠤ ) ᠪᠦᠬᠦ ᠣᠷᠣᠨ ᠤ ᠡᠯ᠎ᠡ ᠰᠠᠯᠠᠭ᠎ᠠ ᠮᠥᠴᠢᠷ᠂ ᠨᠢᠭᠡᠴᠡ᠂ ᠰᠤᠮᠤ ᠪᠠᠯᠭᠠᠰᠤ ᠶᠢᠨ ᠵᠠᠰᠠᠭ ᠤᠨ ᠣᠷᠳᠣᠨ ᠵᠡᠷᠭᠡ ᠶᠢᠨ ᠬᠠᠤᠯᠢ ᠶᠣᠰᠣᠭᠠᠷ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠶᠢ ᠵᠢᠯᠣᠭᠤᠳᠴᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠳᠠᠭᠠᠭᠠᠨ ᠡᠷᠬᠢᠯᠡᠨ᠎ᠡ  ᠃       ( ᠵᠢᠷᠭᠤᠭ᠎ᠠ ) ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠠᠪᠤᠷᠠᠬᠤ᠂ ᠬᠠᠮᠠᠭᠠᠯᠠᠬᠤ᠂ ᠤᠯᠠᠮᠵᠢᠯᠠᠬᠤ ᠠᠵᠢᠯ ᠢ ᠬᠠᠮᠢᠶᠠᠷᠴᠤ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠦᠨᠳᠦᠰᠦᠲᠡᠨ ᠤ ᠰᠤᠷᠭᠠᠨ ᠬᠥᠮᠦᠵᠢᠯ᠂ ᠣᠷᠴᠢᠭᠤᠯᠭ᠎ᠠ᠂ ᠬᠡᠪᠯᠡᠯ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠪᠠ ᠦᠨᠳᠦᠰᠦᠲᠡᠨ ᠤ ᠲᠤᠯᠭᠤᠷ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠡᠪᠯᠡᠭᠦᠯᠬᠦ ᠠᠵᠢᠯ ᠢ ᠵᠢᠯᠣᠭᠤᠳᠤᠨ᠎ᠠ  ᠃        ᠳᠣᠯᠤᠭ᠎ᠠ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ ᠷ᠊ ᠲᠠᠢ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠴᠥᠭᠡᠨ ᠲᠣᠭᠠᠲᠤ ᠦᠨᠳᠦᠰᠦᠲᠡᠨ ᠤ ᠺᠠᠳ ᠷ᠊ ᠬᠥᠮᠦᠵᠢᠭᠦᠯᠬᠦ᠂ ᠬᠥᠮᠦᠵᠢᠭᠦᠯᠬᠦ ᠪᠠ ᠬᠡᠷᠡᠭᠯᠡᠬᠦ ᠠᠵᠢᠯ ᠢ ᠳᠠᠭᠠᠭᠠᠨ ᠡᠷᠬᠢᠯᠡᠨ᠎ᠡ  ᠃ ᠮᠣᠩᠭᠤᠯ ᠬᠡᠯᠡ ᠪᠢᠴᠢᠭ ᠰᠤᠷᠴᠤ ᠬᠡᠷᠡᠭᠯᠡᠭᠰᠡᠨ ᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠳᠠᠭᠠᠭᠠᠨ ᠡᠷᠬᠢᠯᠡᠨᠡᠮ  ᠃       ᠨᠠᠶᠮᠠ ᠦᠨᠳᠦᠰᠦᠲᠡᠨ ᠤ ᠬᠡᠷᠡᠭ ᠡᠷᠬᠢᠯᠡᠬᠦᠬᠦ ᠭᠠᠳᠠᠭᠠᠳᠤ ᠤᠬᠠᠭᠤᠯᠭ᠎ᠠ ᠶᠢᠨ ᠠᠵᠢᠯ ᠢ ᠵᠢᠷᠤᠭᠯᠠᠨ ᠲᠥᠯᠥᠪᠯᠡᠬᠦ ᠳᠤ ᠣᠷᠣᠯᠴᠠᠨ᠎ᠠ  ᠃       ( ᠶᠢᠰᠦ ) ᠮᠠᠨ ᠤ ᠣᠷᠣᠨ ᠤ ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ ᠤᠨ ᠵᠣᠷᠢᠯᠭ᠎ᠠ ᠪᠦᠬᠦᠢ ᠪᠠᠶᠢᠩᠭᠤ ᠶᠢᠨ ᠠᠵᠢᠯ ᠢ ᠡᠭᠦᠷᠭᠡᠯᠡᠨ᠎ᠡ︔ ᠪᠦᠬᠦ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠰᠤᠷᠤᠯᠴᠠᠯᠭ᠎ᠠ᠂ ᠬᠡᠷᠡᠭᠯᠡᠯᠲᠡ᠂ ᠰᠤᠳᠤᠯᠭᠠᠨ ᠪᠠ ᠬᠥᠭᠵᠢᠯᠲᠡ ᠶᠢᠨ ᠠᠵᠢᠯ ᠢ ᠬᠠᠮᠢᠶᠠᠷᠤᠨ᠎ᠠ  ᠃ ᠪᠥᠬᠦ ᠣᠷᠣᠨ ᠤ ᠮᠣᠩᠭᠤᠯ ᠬᠢᠲᠠᠳ ᠬᠤᠶᠠᠷ ᠵᠦᠶᠯ ᠤᠨ ᠥᠰᠥᠭ ᠪᠢᠴᠢᠭ ᠢ ᠵᠡᠷᠭᠡᠪᠡᠷ ᠬᠡᠷᠡᠭᠯᠡᠬᠦ᠂ ᠮᠣᠩᠭᠤᠯ ᠬᠡᠯᠡ ᠪᠢᠴᠢᠭ ᠤᠨ ᠬᠤᠳᠠᠯᠳᠤᠭᠠᠨ ᠤ ᠣᠷᠴᠢᠭᠤᠯᠭ᠎ᠠ ᠪᠠ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠭᠢᠵᠢᠯᠲᠠ ᠶᠢᠨ ᠬᠠᠮᠢᠶ᠎ᠠ ᠪᠥᠬᠦᠶ ᠠᠵᠢᠯ ᠢ ᠰᠠᠶᠢᠲᠤᠷ ᠬᠢᠨ᠎ᠠ  ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠦᠨᠳᠦᠰᠦᠲᠡᠨ ᠤ ᠰᠣᠶᠣᠯ ᠤᠨ ᠠᠵᠢᠯᠯᠠᠭ᠎ᠠ ᠡᠷᠬᠢᠯᠡᠵᠦ᠂ ᠦᠨᠳᠦᠰᠦᠲᠡᠨ ᠤ ᠬᠤᠭᠤᠷᠣᠨᠳᠣᠬᠢ ᠰᠣᠶᠣᠯ ᠤᠷᠠᠯᠢᠭ ᠤᠨ ᠬᠤᠷᠰᠢᠯᠴᠠᠭ᠎ᠠ ᠬᠢᠭᠡᠳ ᠰᠣᠯᠢᠯᠴᠠᠭ᠎ᠠ ᠵᠡᠷᠭᠡ ᠠᠵᠢᠯ ᠢ ᠥᠷᠨᠢᠭᠦᠯᠵᠦ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠪᠰᠤᠷᠤᠨ ᠦᠨᠳᠦᠰᠦᠲᠡᠨ ᠤ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠢ ᠥᠷᠨᠢᠭᠦᠯᠬᠦ ᠬᠡᠷᠡᠭᠲᠡᠶ  ᠃      ( ᠠᠷᠪᠠ ) ᠲᠤᠶᠢᠯ ᠤᠨ ᠣᠨᠣᠪᠴᠢᠲᠠᠶ ᠪᠠᠷ ᠶᠠᠳᠠᠭᠤ ᠶᠢ ᠲᠡᠳᠬᠦᠬᠦ᠂ ᠠᠶᠤᠯ ᠥᠬᠡᠶ ᠦᠶᠯᠡᠳᠪᠦᠷᠢᠯᠡᠯ ᠢ ᠳᠠᠭᠠᠭᠠᠴᠢᠯᠠᠨ ᠬᠤᠯᠪᠣᠭᠠᠯᠠᠬᠤ ᠠᠵᠢᠯ ᠵᠢᠴᠢ ᠣᠷᠣᠨ ᠤ ᠨᠠᠮ ᠤᠨ ᠬᠤᠷᠢᠶ᠎ᠠ᠂ ᠣᠷᠣᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ  ᠃ ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄      ᠰᠢᠭᠤᠶᠢᠲᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠪᠣᠯ ᠰᠢᠭᠤᠶᠢᠲᠤ ᠣᠷᠣᠨ ᠤ ᠠᠷᠠᠳ  ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠰᠠᠯᠠᠭᠠᠨ ᠤ ᠳᠡᠰ᠂ ᠵᠠᠰᠠᠭ ᠵᠠᠬᠢᠷᠭᠠᠨ  ᠤ ᠣᠷᠣᠨ ᠲᠤᠭ᠎ᠠ 4 ᠬᠥᠮᠦᠨ᠂ ᠰᠠᠯᠠᠭᠠᠨ ᠤ ᠳᠡᠰ ᠤᠨ ᠤᠳᠤᠷᠢᠳᠬᠤ ᠲᠤᠰᠢᠶᠠᠯ ᠤᠨ ᠲᠤᠭ᠎ᠠ 2 ᠬᠥᠮᠦᠨ ( ᠨᠢᠭᠡ ᠵᠢᠩᠬᠢᠨᠢ ᠨᠢᠭᠡ ᠳᠡᠳ᠋ ᠳᠡᠳ᠋ ) ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠳᠣᠣᠷᠠᠬᠢ ᠠᠯᠪᠠᠨ ᠭᠡᠷ᠂ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠲᠠᠰᠤᠭ ᠭᠡᠬᠦ ᠬᠤᠶᠠᠷ ᠲᠠᠰᠤᠭ ᠭᠠᠷᠭᠠᠨ᠎ᠠ  ᠃ ᠭᠤᠷᠪᠠ᠂ ᠠᠵᠢᠯᠯᠠᠬᠤ ᠭᠠᠵᠠᠷ᠄        ᠥᠪᠥᠷ ᠮᠣᠩᠭᠤᠯ ᠤᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠰᠢᠭᠤᠶᠢᠲᠤ ᠰᠢᠨ᠎ᠡ ᠲᠣᠭᠤᠷᠢᠭ ᠤᠨ ᠶᠢᠨ ᠵᠧᠩ ᠲᠣᠮᠣ ᠠᠰᠠᠷ ᠤᠨ B ᠠᠰᠠᠷ 115 ᠳᠥᠷᠪᠡ᠂ ᠠᠵᠢᠯᠯᠠᠬᠤ ᠴᠠᠭ᠄ ᠠᠵᠢᠯ ᠤᠨ ᠡᠳᠦᠷ ᠤᠨ ᠦᠳᠡ ᠶᠢᠨ ᠡᠮᠦᠨ᠎ᠡ 9᠄ 00-12 . 00    ᠦᠳᠡ  ᠶᠢᠨ ᠬᠤᠶᠢᠨ᠎ᠠ 14᠄ 00—17᠄ 30 ᠲᠠᠪᠤ᠂ ᠬᠠᠷᠢᠯᠴᠠᠬᠤ ᠠᠷᠭ᠎ᠠ᠄ 0472 - 8720245 ᠵᠢᠷᠭᠤᠭ᠎ᠠ᠂ ᠬᠠᠷᠢᠭᠤᠴᠠᠯᠭᠠᠲᠠᠨ᠄ ᠪᠠᠢ ᠯᠢ ᠮᠧᠢ  ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号