ᠰᠢᠭᠤᠶᠢᠲᠤ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠭᠤᠤᠯ ᠲᠤᠰᠢᠶᠠᠯ ᠬᠠᠷᠢᠭᠤᠴᠠᠯᠭ᠎ᠠ ᠪᠠ ᠳᠣᠲᠣᠭᠠᠳᠤ ᠪᠠᠶᠢᠭᠤᠯᠤᠮᠵᠢ
ᠨᠡᠶᠢᠲᠡᠯᠡᠭᠰᠡᠨ ᠴᠠᠭ᠄
2021/12/16
ᠨᠢᠭᠡ᠂ ᠰᠠᠯᠠᠭ᠎ᠠ ᠮᠥᠴᠢᠷ ᠤᠨ ᠡᠭᠦᠷᠭᠡ       ᠰᠢᠭᠤᠶᠢᠲᠤ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠪᠤᠭᠤᠲᠤ ᠬᠤᠲᠠ  ᠶᠢᠨ ᠨᠠᠮ ᠤᠨ ᠬᠤᠷᠢᠶ᠎ᠠ ᠶᠢᠨ ᠬᠤᠳᠠᠯᠳᠤᠭᠠᠨ ᠤ ᠶᠠᠪᠤᠳᠠᠯ ᠤᠨ ᠦᠶᠯᠡᠴᠢᠯᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠤᠬᠠᠶ ᠴᠢᠭᠯᠡᠯᠲᠡ ᠲᠥᠷᠥ  ᠶᠢᠨ ᠪᠣᠳᠣᠯᠭ᠎ᠠ ᠶᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ  ᠶᠢᠨ ᠨᠠᠮ ᠤᠨ ᠬᠤᠷᠢᠶ᠎ᠠ ᠪᠠ ᠰᠢᠭᠤᠶᠢᠲᠤ ᠲᠣᠭᠤᠷᠢᠭ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ  ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠨᠠᠮ  ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠪᠠ  ᠃ ᠭᠤᠣᠯ ᠡᠭᠦᠷᠭᠡ ᠬᠠᠷᠢᠭᠤᠴᠠᠯᠭ᠎ᠠ ᠨᠢ᠄       ( ᠨᠢᠭᠡ ) ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠣᠯᠠᠨ ᠤᠯᠤᠰ ᠤᠨ ᠠᠵᠤ ᠠᠬᠤᠶ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠯᠲᠠ ᠶᠢᠨ ᠠᠵᠢᠯ ᠤᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠥᠰᠦᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ  ᠃ ᠬᠤᠳᠠᠯᠳᠤᠭᠠᠨ ᠤ ᠶᠠᠪᠤᠳᠠᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ  ᠶᠢᠨ ᠬᠠᠨᠳᠤᠰᠢ ᠶᠢ ᠰᠤᠳᠤᠯᠵᠤ᠂ ᠬᠥᠭᠵᠢᠯᠲᠡ ᠶᠢᠨ ᠲᠥᠯᠥᠪᠵᠢᠭᠦᠯᠭᠡ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ  ᠃       ( ᠬᠤᠶᠠᠷ ) ᠭᠦᠶᠯᠭᠡᠭᠡᠨ ᠤ ᠠᠵᠤ ᠦᠶᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠯᠬᠢᠨ ᠠᠬᠢᠭᠤᠯᠬᠤ ᠶᠢ ᠬᠠᠷᠢᠭᠤᠴᠠᠵᠤ᠂ ᠬᠤᠳᠠᠯᠳᠤᠭ᠎ᠠ ᠠᠷᠠᠯᠵᠢᠶᠠᠨ ᠤ ᠦᠶᠯᠡᠴᠢᠯᠡᠭᠡᠨ ᠤ ᠦᠶᠯᠡᠰ ᠪᠣᠯᠤᠨ ᠨᠡᠶᠢᠭᠡᠮ ᠲᠣᠭᠤᠷᠢᠭ ᠤᠨ ᠬᠤᠳᠠᠯᠳᠤᠭᠠᠨ ᠤ ᠬᠥᠭᠵᠢᠯᠲᠡ ᠶᠢ ᠵᠢᠯᠣᠭᠤᠳᠤᠨ᠂ ᠳᠤᠮᠳᠠ ᠵᠢᠵᠢᠭ ᠬᠤᠳᠠᠯᠳᠤᠭ᠎ᠠ ᠠᠷᠠᠯᠵᠢᠶᠠᠨ ᠤ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠭᠦᠶᠯᠭᠡᠭᠡᠨ ᠤ ᠪᠠᠷᠢᠮᠵᠢᠶᠠᠵᠢᠭᠤᠯᠤᠭᠰᠠᠨ ᠪᠠ ᠬᠡᠯᠬᠢᠶ᠎ᠡ ᠡᠵᠡᠩᠨᠡᠯᠲᠡ᠂ ᠬᠤᠳᠠᠯᠳᠤᠭᠠᠨ ᠤ ᠣᠨᠴᠠ ᠵᠥᠪᠰᠢᠶᠡᠷᠡᠭᠰᠡᠨ ᠡᠵᠡᠩᠨᠡᠯᠲᠡ᠂ ᠪᠠᠷᠠᠭᠠᠨ ᠤ ᠭᠦᠶᠯᠭᠡᠭᠡᠨ ᠤ ᠲᠣᠬᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠣᠳᠣ ᠦᠶ᠎ᠡ ᠶᠢᠨ ᠭᠦᠶᠯᠭᠡᠭᠡᠨ ᠤ ᠠᠷᠭ᠎ᠠ ᠮᠠᠶ᠋ᠢᠭ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ  ᠃       ( ᠭᠤᠷᠪᠠ ) ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠬᠤᠲᠠ ᠬᠥᠳᠡᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠬᠤ ᠬᠡᠷᠡᠭᠲᠡᠶ  ᠃ ᠶᠡᠭᠡ ᠬᠡᠮᠵᠢᠶᠡᠨ ᠤ ᠦᠢᠯᠡᠳᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠲᠥᠯᠥᠪᠵᠢᠭᠦᠯᠭᠡ ᠪᠣᠯᠤᠨ ᠬᠤᠲᠠ ᠶᠢᠨ ᠬᠤᠳᠠᠯᠳᠤᠭᠠᠨ ᠤ ᠲᠣᠣᠷ ᠴᠢᠭ ᠤᠨ ᠲᠥᠯᠥᠪᠵᠢᠭᠦᠯᠭᠡ ᠶᠢ ᠵᠢᠯᠣᠭᠤᠳᠴᠤ᠂ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ  ᠃ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠬᠥᠳᠡᠭᠡ ᠲᠣᠰᠬᠤᠨ ᠤ ᠣᠳᠣ ᠦᠶ᠎ᠡ ᠶᠢᠨ ᠭᠦᠶᠯᠭᠡᠭᠡᠨ ᠤ ᠲᠣᠤᠷ ᠰᠦᠯᠵᠢᠶ᠎ᠡ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠠᠵᠢᠯ ᠢ ᠲᠦᠯᠬᠢᠨ ᠠᠬᠢᠭᠤᠯᠤᠨ᠎ᠠ  ᠃       ( ᠳᠥᠷᠪᠡ ) ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠵᠣᠬᠢᠴᠠᠭᠤᠯᠤᠨ ᠴᠡᠭᠴᠡᠯᠡᠬᠦ ᠪᠠ ᠵᠢᠷᠤᠮᠵᠢᠭᠤᠯᠵᠤ᠂ ᠬᠤᠳᠠᠯᠳᠤᠭᠠᠨ ᠤ ᠢᠲᠡᠭᠡᠮᠵᠢᠲᠦ ᠪᠣᠷᠣᠯᠠᠭᠤᠯᠭ᠎ᠠ ᠶᠢ ᠵᠢᠯᠣᠭᠤᠳᠤᠨ᠂ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ  ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠣᠭᠤᠶ ᠭᠦᠢᠯᠭᠡᠭᠡᠨ ᠤ ᠠᠵᠢᠯ ᠲᠥᠷᠥᠯ ᠳᠤ ᠬᠢᠨᠠᠯᠲᠠ ᠲᠠᠯᠪᠢᠵᠤ ᠬᠠᠮᠢᠶᠠᠷᠤᠨ᠎ᠠ  ᠃ ᠠᠷᠠᠯᠵᠢᠶ᠎ᠠ ᠬᠤᠳᠠᠯᠳᠤᠭᠠᠨ ᠤ ᠦᠶᠯᠡᠴᠢᠯᠡᠭᠡᠨ ᠤ ᠦᠶᠯᠡᠰ᠂ ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭ᠎ᠠ ( ᠬᠠᠮ ᠦᠵᠡᠰᠬᠦᠯᠡᠩ ) ᠶᠢᠨ ᠠᠵᠢᠯᠯᠠᠭᠠᠨ ᠤ ᠲᠠᠯᠠᠪᠤᠷ ᠭᠠᠵᠠᠷ ᠤᠨ ᠠᠶᠤᠯ ᠦᠭᠡᠶ ᠦᠶᠯᠡᠳᠪᠦᠷᠢᠯᠡᠯ ᠤᠨ ᠠᠵᠢᠯ ᠢ ᠰᠢᠮᠳᠠᠭᠤᠯᠤᠨ ᠵᠢᠯᠣᠭᠤᠳᠬᠤ ᠶᠢ ᠬᠠᠷᠢᠭᠤᠴᠠᠨ᠎ᠠ  ᠃       ( ᠲᠠᠪᠤ ) ᠪᠦᠬᠦ ᠲᠣᠭᠤᠷᠢᠭ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠰᠢᠯ ᠪᠠ ᠴᠢᠬᠤᠯᠠ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠲᠣᠭᠤᠷᠢᠭ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ  ᠃ ᠪᠦᠬᠦ ᠲᠣᠭᠤᠷᠢᠭ ᠤᠨ ᠵᠠᠬ᠎ᠠ ᠳᠡᠯᠭᠡᠭᠦᠷ ᠤᠨ ᠠᠵᠢᠯᠯᠠᠭᠠᠨ᠂ ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠨ᠎ᠠ  ᠃ ᠲᠠᠸᠠᠷ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠪᠠᠶᠢᠴᠠᠭᠠᠨ ᠵᠠᠳᠠᠯᠵᠤ᠂ ᠤᠷᠢᠳᠴᠢᠯᠠᠨ ᠲᠥᠰᠦᠭᠡᠯᠡᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢ ᠬᠥᠲᠥᠯᠥᠨ ᠵᠢᠯᠣᠭᠤᠳᠬᠤ ᠬᠡᠷᠡᠭᠲᠡᠶ  ᠃ ᠮᠢᠬᠠᠨ ᠤ ᠵᠦᠶᠯ ᠵᠡᠷᠭᠡ ᠴᠢᠬᠤᠯᠠ ᠬᠡᠷᠡᠭᠯᠡᠭᠡᠨ ᠤ ᠵᠦᠶᠯ ᠢ ᠨᠥᠭᠡᠴᠡᠯᠡᠬᠦ ᠬᠠᠮᠢᠶᠠᠷᠤᠯᠲᠠ ᠪᠣᠯᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠰᠢᠯ ᠢ ᠬᠠᠷᠢᠭᠤᠴᠠᠨ᠎ᠠ  ᠃ ᠪᠣᠯᠪᠠᠰᠤᠷᠠᠭᠤᠯᠤᠭᠰᠠᠨ ᠲᠣᠰᠣᠨ ᠤ ᠭᠦᠢᠯᠭᠡᠭᠡᠨ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠬᠠᠮᠢᠶᠠᠷᠤᠨ᠎ᠠ  ᠃       ( ᠵᠢᠷᠭᠤᠭ᠎ᠠ ) ᠪᠦᠬᠦ ᠲᠣᠭᠤᠷᠢᠭ ᠤᠨ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠠᠷᠭ᠎ᠠ ᠮᠠᠶ ᠢᠭ ᠤᠨ ᠬᠤᠪᠢᠷᠠᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠶᠢ ᠲᠤᠭᠤᠷᠪᠢᠵᠤ᠂ ᠪᠦᠬᠦ ᠣᠷᠣᠨ ᠤ ᠠᠷᠠᠯᠵᠢᠶ᠎ᠠ ᠶᠢ ᠠᠬᠢᠭᠤᠯᠬᠤ ᠠᠵᠢᠯᠯᠠᠭ᠎ᠠ ᠪᠣᠯᠤᠨ ᠭᠠᠳᠠᠭᠠᠳᠤ ᠠᠷᠠᠯᠵᠢᠶ᠎ᠠ ᠶᠢ ᠠᠬᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠤᠯᠤᠰ ᠤᠨ ᠭᠠᠳᠠᠭᠠᠳᠤ ᠠᠷᠠᠯᠵᠢᠶᠠᠨ ᠤ ᠬᠠᠮᠢᠶ᠎ᠠ ᠪᠦᠬᠦᠢ ᠲᠠᠸᠠᠷ᠂ ᠮᠡᠷᠭᠡᠵᠢᠯ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠥᠯᠥᠪᠯᠡᠭᠡ ᠶᠢᠨ ᠬᠠᠮᠢᠶᠠᠷᠤᠯᠲᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ᠎ᠠ  ᠃ ᠤᠯᠤᠰ ᠤᠨ ᠭᠠᠳᠠᠭᠠᠳᠤ ᠮᠡᠷᠭᠡᠵᠢᠯ ᠤᠨ ᠠᠷᠠᠯᠵᠢᠶ᠎ᠠ᠂ ᠭᠠᠳᠠᠭᠠᠳᠤ ᠳᠤ ᠭᠠᠷᠭᠠᠬᠤ ᠶᠢ ᠵᠠᠬᠢᠷᠤᠨ ᠬᠠᠮᠢᠶᠠᠷᠬᠤ ᠵᠢᠴᠢ ᠮᠡᠷᠭᠡᠵᠢᠯ᠂ ᠢᠵᠢ ᠪᠦᠷᠢᠳᠦᠭᠰᠡᠨ ᠲᠤᠨᠤᠭ ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠵᠣᠷᠢᠭᠵᠢᠭᠤᠯᠬᠤ ᠠᠷᠠᠯᠵᠢᠶᠠᠨ ᠤ ᠲᠦᠷᠦ ᠶᠢᠨ ᠪᠤᠳᠤᠯᠭ᠎ᠠ ᠪᠠ ᠪᠣᠯᠪᠠᠰᠤᠷᠠᠭᠤᠯᠬᠤ ᠠᠷᠠᠯᠵᠢᠶᠠᠨ ᠤ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ  ᠃ ᠭᠠᠳᠠᠭᠠᠳᠤ ᠠᠴᠠ ᠣᠷᠣᠭᠤᠯᠵᠤ ᠭᠠᠳᠠᠭᠠᠳᠤ  ᠳᠤ ᠭᠠᠷᠭᠠᠬᠤ ᠠᠷᠠᠯᠵᠢᠶᠠᠨ ᠤ ᠪᠠᠷᠢᠮᠵᠢᠶᠠᠵᠢᠭᠤᠯᠬᠤ ᠠᠵᠢᠯ ᠢ ᠲᠦᠯᠬᠢᠨ ᠠᠬᠢᠭᠤᠯᠤᠨ᠎ᠠ  ᠃ ᠲᠧᠭᠨᠢᠭ ᠮᠡᠷᠭᠡᠵᠢᠯ ᠢ ᠣᠷᠣᠭᠤᠯᠬᠤ᠂ ᠲᠤᠨᠤᠭ ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠬᠤ᠂ ᠭᠠᠳᠠᠭᠠᠳᠤ ᠳᠤ ᠭᠠᠷᠭᠠᠬᠤ ᠲᠧᠭᠨᠢᠭ ᠮᠡᠷᠭᠡᠵᠢᠯ ᠢ ᠤᠯᠤᠰ ᠠᠴᠠ ᠬᠢᠵᠠᠭᠠᠷᠯᠠᠬᠤ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ  ᠃ ᠬᠠᠮᠢᠶᠠᠷᠤᠯᠲᠠ  ᠶᠢᠨ ᠡᠷᠬᠡ ᠶᠢᠨ ᠬᠡᠪᠴᠢᠶ᠎ᠡ ᠶᠣᠰᠣᠭᠠᠷ ᠲᠠᠷᠬᠠᠬᠤ ᠶᠢ ᠰᠡᠷᠭᠡᠶᠢᠯᠡᠬᠦ ᠵᠡᠷᠭᠡ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ  ᠃       ( ᠲᠤᠯᠤᠭ᠎ᠠ ) ᠤᠯᠤᠰ ᠤᠨ ᠦᠢᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠶᠢᠨ ᠬᠠᠮᠲᠤ ᠬᠤᠯᠪᠣᠭᠳᠠᠯ ᠪᠦᠬᠦᠢ ᠠᠵᠢᠯ ᠢ ᠥᠷᠨᠢᠭᠦᠯᠦᠨ᠎ᠡ  ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠭᠠᠳᠠᠭᠠᠳᠤ ᠭᠠᠷᠭᠠᠯᠲᠠ ᠶᠢ ᠠᠬᠢᠭᠤᠯᠬᠤ ᠪᠠ ᠦᠢᠯᠡᠴᠢᠯᠡᠭᠡᠨ ᠢ ᠭᠠᠳᠠᠭᠰᠢ ᠳᠠᠭᠠᠭᠠᠴᠢᠯᠠᠭᠤᠯᠬᠤ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠢᠯᠡᠴᠢᠯᠡᠭᠡᠨ ᠢ ᠭᠠᠳᠠᠭᠰᠢ ᠳᠠᠭᠠᠭᠠᠴᠢᠯᠠᠭᠤᠯᠬᠤ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ  ᠃ ᠪᠥᠬᠦ ᠲᠣᠭᠤᠷᠢᠭ ᠤᠨ ᠬᠤᠷᠠᠯ ᠦᠵᠡᠰᠬᠦᠯᠡᠩ ᠤᠨ ᠦᠶᠯᠡᠰ ᠢ ᠠᠬᠢᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠵᠤ᠂ ᠨᠠᠮ ᠵᠠᠰᠠᠭ ᠤᠨ ᠪᠠᠶᠢᠭᠤᠯᠭ᠎ᠠ ᠶᠢᠨ ᠬᠢᠯᠢ ᠳᠣᠲᠣᠷ᠎ᠠ ᠦᠵᠡᠰᠬᠦᠯᠡᠩ ᠤᠨ ᠠᠵᠢᠯᠯᠠᠭ᠎ᠠ ᠡᠷᠭᠢᠯᠡᠬᠦ ᠶᠢ ᠬᠠᠮᠢᠶᠠᠷᠤᠨ᠎ᠠ  ᠃       ( ᠨᠠᠢᠮᠠ ) ᠡᠷᠬᠡ ᠣᠯᠭᠤᠯᠲᠠ ᠶᠢ ᠦᠨᠳᠦᠰᠦᠯᠡᠨ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠭᠠᠳᠠᠭᠠᠳᠤ ᠤᠯᠤᠰ ᠲᠠᠢ ᠠᠵᠤ ᠠᠬᠤᠢ ᠠᠷᠠᠯᠵᠢᠶᠠᠨ ᠤ ᠬᠡᠯᠡᠯᠴᠡᠭᠡ ᠬᠢᠬᠦ ᠶᠢᠨ ᠬᠠᠮᠲᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ᠂ ᠤᠯᠤᠰ ( ᠭᠠᠵᠠᠷ ᠣᠷᠣᠨ ) ᠤᠨ ᠬᠤᠭᠤᠷᠣᠨᠳᠣᠬᠢ ᠠᠵᠤ ᠠᠬᠤᠢ ᠠᠷᠠᠯᠵᠢᠶᠠᠨ ᠤ ᠬᠠᠷᠢᠴᠠᠭᠠᠨ ᠤ ᠳᠤᠮᠳᠠᠬᠢ ᠴᠢᠬᠤᠯᠠ ᠬᠡᠷᠡᠭ ᠶᠠᠪᠤᠳᠠᠯ ᠢ ᠰᠢᠢᠳᠪᠦᠷᠢᠯᠡᠨ᠎ᠡ  ᠃ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠠᠯᠪᠠᠨ ᠲᠠᠯ᠎ᠠ ᠶᠢᠨ ᠬᠤᠳᠠᠯᠳᠤᠭᠠᠨ ᠤ ᠶᠠᠪᠤᠳᠠᠯ ᠤᠨ ᠪᠠᠶᠢᠭᠤᠯᠤᠮᠵᠢ᠂ ᠪᠤᠭᠤᠲᠤ ᠬᠤᠲᠠ ᠳᠤ ᠰᠠᠭᠤᠭ᠎ᠠ ᠭᠠᠳᠠᠭᠠᠳᠤ ᠶᠢᠨ ᠬᠤᠳᠠᠯᠳᠤᠭᠠᠴᠢᠨ ᠤ ᠲᠥᠯᠥᠭᠡᠯᠡᠬᠦ ᠪᠠᠶᠢᠭᠤᠯᠤᠮᠵᠢ ᠪᠣᠯᠤᠨ ᠮᠠᠨ ᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠺᠤᠨᠰᠦ᠋ᠯ ᠤᠨ ᠭᠠᠵᠠᠷ ᠤᠨ ᠬᠤᠳᠠᠯᠳᠤᠭ᠎ᠠ ᠡᠷᠬᠢᠯᠡᠬᠦ ᠭᠠᠵᠠᠷ ᠲᠠᠢ ᠬᠠᠷᠢᠯᠴᠠᠨ᠎ᠠ  ᠃   (ᠶᠢᠰᠦ )ᠮᠠᠨ ᠤ ᠤᠯᠤᠰ ᠤᠨ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠤᠳᠠᠯᠳᠤᠭᠠᠨ ᠤ ᠶᠠᠪᠤᠳᠠᠯ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠪᠣᠯᠤᠨ ᠪᠤᠭᠤᠲᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢ ᠬᠠᠪᠰᠤᠷᠤᠨ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ  ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠣᠯᠴᠢ ᠠᠷᠠᠯᠵᠢᠶ᠎ᠠ ᠶᠢᠨ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ ᠵᠢᠯᠣᠭᠤᠳᠤᠨ᠎ᠠ  ᠃ ᠬᠤᠳᠠᠯᠳᠤᠭᠠᠨ ᠤ ᠶᠠᠪᠤᠳᠠᠯ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠪᠣᠯᠤᠨ ᠪᠤᠭᠤᠲᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠮᠠᠨ ᠤ ᠣᠷᠣᠨ ᠳᠤ ᠬᠤᠯᠪᠣᠭᠳᠠᠬᠤ ᠠᠵᠤ ᠠᠬᠤᠶ ᠠᠷᠠᠯᠵᠢᠶᠠᠨ ᠤ ᠬᠡᠯᠡᠯᠴᠡᠭᠡ ᠳᠤ ᠣᠷᠣᠯᠴᠠᠨ᠎ᠠ  ᠃     ( ᠠᠷᠪᠠ ) ᠭᠠᠳᠠᠭᠠᠳᠤ ᠠᠵᠤ ᠠᠬᠤᠶ ᠶᠢᠨ ᠬᠤᠷᠰᠢᠯᠴᠠᠭ᠎ᠠ ᠶᠢᠨ ᠠᠵᠢᠯ ᠢ ᠬᠠᠷᠢᠭᠤᠴᠠᠵᠤ᠂ ᠣᠷᠣᠰ᠂ ᠮᠣᠩᠭᠤᠯ ᠤᠯᠤᠰ ᠪᠣᠯᠤᠨ 《 ᠨᠢᠭᠡ ᠪᠦᠰᠡ ᠨᠢᠭᠡ ᠵᠠᠮ 》 ᠳᠠᠭᠠᠤ ᠤᠯᠤᠰ ᠯᠤᠭ᠎ᠠ ᠶᠢᠨ ᠠᠵᠤ ᠠᠬᠤᠶ ᠠᠷᠠᠯᠵᠢᠶᠠᠨ ᠤ ᠬᠤᠷᠰᠢᠯᠴᠠᠭ᠎ᠠ ᠶᠢ ᠴᠢᠩᠭᠠᠳᠬᠠᠨ᠎ᠠ  ᠃ ᠤᠯᠤᠰ ᠤᠨ ᠭᠠᠳᠠᠭᠠᠳᠤ ᠠᠵᠤ ᠠᠬᠤᠶ ᠶᠢᠨ ᠬᠤᠷᠰᠢᠯᠴᠠᠭ᠎ᠠ  ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠭᠠᠳᠠᠭᠠᠳᠤ ᠳᠤ ᠪᠠᠷᠢᠯᠭ᠎ᠠ ᠳᠠᠭᠠᠭᠠᠴᠢᠯᠠᠬᠤ᠂ ᠭᠠᠳᠠᠭᠰᠢ ᠬᠥᠳᠡᠯᠮᠦᠷᠢ ᠬᠦᠴᠦ ᠲᠣᠮᠢᠯᠠᠬᠤ᠂ ᠬᠢᠯᠢ ᠶᠢᠨ ᠭᠠᠳᠠᠨᠠᠬᠢ ᠡᠬᠢ ᠪᠠᠶᠠᠯᠢᠭ ᠤᠨ ᠬᠤᠷᠰᠢᠯᠴᠠᠭ᠎ᠠ ᠬᠢᠬᠦ᠂ ᠭᠠᠳᠠᠭᠠᠳᠤ ᠳᠤ ᠪᠡᠯᠡ ᠣᠷᠣᠭᠤᠯᠤᠨ ᠠᠵᠤ ᠠᠬᠤᠶᠢᠯᠠᠯ ᠡᠷᠬᠢᠯᠡᠬᠦ ᠮᠥᠩᠭᠦᠨ ᠭᠦᠢᠯᠭᠡᠭᠡᠨ ᠤ ᠠᠵᠤ ᠠᠬᠤᠶᠢᠯᠠᠯ ᠪᠠᠭᠲᠠᠬᠤ ᠦᠭᠡᠶ ᠶᠢ ᠬᠠᠤᠯᠢ ᠶᠣᠰᠣᠭᠠᠷ ᠬᠠᠮᠢᠶᠠᠷᠤᠨ᠎ᠠ  ᠃ ᠰᠢᠭᠤᠶᠢᠲᠤ ᠣᠷᠣᠨ ᠤ ᠭᠠᠳᠠᠭᠠᠳᠤ ᠳᠤ ᠲᠤᠰᠠᠯᠠᠮᠵᠢ ᠦᠵᠡᠭᠦᠯᠬᠦ ᠠᠵᠢᠯ ᠤᠨ ᠲᠤᠰᠢᠶᠠᠯ ᠬᠠᠷᠢᠭᠤᠴᠠᠯᠭ᠎ᠠ ᠪᠠ ᠤᠯᠤᠰ ᠤᠨ ᠭᠠᠳᠠᠭᠠᠳᠤ ᠳᠤ ᠲᠤᠰᠠᠯᠠᠮᠵᠢ ᠦᠵᠡᠭᠦᠯᠬᠦ ᠵᠦᠢᠯᠡᠰ ᠢ ᠡᠭᠦᠷᠭᠡᠯᠡᠨ᠎ᠡ  ᠃     (ᠠᠷᠪᠠᠨ ᠨᠢᠭᠡ) ᠪᠦᠬᠦ ᠲᠣᠭᠤᠷᠢᠭ ᠤᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠢᠯ ᠢ ᠵᠢᠯᠣᠭᠤᠳᠤᠨ ᠬᠠᠮᠢᠶᠠᠷᠤᠨ᠎ᠠ  ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠰᠢᠭᠯᠠᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠪᠠ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ᠎ᠠ  ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢ ᠪᠠᠶᠢᠭᠤᠯᠬᠤ᠂ ᠬᠤᠪᠢᠷᠠᠭᠤᠯᠬᠤ ᠵᠡᠷᠭᠡ ᠵᠦᠢᠯᠡᠰ ᠤᠨ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ  ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠬᠢᠭᠤᠯᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ  ᠃ ᠭᠠᠳᠠᠭᠠᠳᠤ ᠶᠢᠨ ᠬᠤᠳᠠᠯᠳᠤᠭᠠᠴᠢᠨ  ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ᠂ ᠭᠡᠷ᠎ᠡ ᠶᠢᠨ ᠲᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠬᠤ ᠶᠢᠨ ᠬᠠᠮᠲᠤ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ  ᠃       ( ᠠᠷᠪᠠᠨ ᠬᠤᠶᠠᠷ ) ᠳᠡᠭᠡᠳᠦ ᠱᠠᠲᠤᠨ ᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠭᠠᠳᠠᠭᠠᠳᠤ ᠶᠢᠨ ᠤᠶᠤᠨ ᠮᠡᠳᠡᠯᠭᠡ ᠶᠢ ᠣᠷᠣᠭᠤᠯᠬᠤ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ  ᠃       ( ᠠᠷᠪᠠᠨ ᠭᠤᠷᠪᠠ ) ᠪᠦᠬᠦ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠲᠥᠯᠥᠪᠯᠡᠭᠡ  ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ  ᠃       ( ᠠᠷᠪᠠᠨ ᠳᠥᠷᠪᠡ ) ᠪᠦᠬᠦ ᠲᠣᠭᠤᠷᠢᠭ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ  ᠃ ᠰᠢᠨᠵᠢᠯᠡᠬᠦ ᠤᠬᠠᠭᠠᠨ ᠤ ᠰᠤᠳᠤᠯᠤᠯ ᠤᠨ ᠰᠢᠰᠲ᠋ᠧᠮᠵᠢ ᠶᠢᠨ ᠪᠠᠶᠢᠭᠤᠯᠤᠯᠲᠠ  ᠶᠢ ᠰᠢᠯᠢᠳᠡᠭᠵᠢᠭᠦᠯᠦᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠪᠣᠯᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ  ᠃ ᠰᠢᠨᠵᠢᠯᠡᠬᠦ ᠤᠬᠠᠭᠠᠨ ᠮᠡᠷᠭᠡᠵᠢᠯ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ  ᠃      ( ᠠᠷᠪᠠᠨ ᠲᠠᠪᠤ ) ᠪᠦᠬᠦ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠶ ᠮᠡᠷᠭᠡᠵᠢᠯ ᠤᠨ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ ᠨᠢᠭᠡᠳᠦᠯᠲᠡᠶ ᠲᠥᠯᠥᠪᠯᠡᠨ᠂ ᠴᠢᠬᠤᠯᠠ ᠶᠡᠭᠡ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠲᠦᠷᠦᠭᠦᠯᠡᠨ ᠵᠣᠬᠢᠶᠠᠨ ᠪᠠᠶᠢᠭᠤᠯᠤᠨ᠎ᠠ  ᠃      ( ᠠᠷᠪᠠᠨ ᠵᠢᠷᠭᠤᠭ᠎ᠠ ) ᠪᠦᠬᠦ  ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠨᠢᠭᠡᠳᠦᠯᠲᠡᠶ ᠲᠠᠪᠴᠠᠩ ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠪᠡᠯᠡ ᠮᠥᠩᠭᠦ ᠶᠢ ᠵᠣᠬᠢᠴᠠᠭᠤᠯᠬᠤ᠂ ᠦᠨᠡᠯᠡᠨ ᠵᠢᠱᠢᠬᠦ᠂ ᠬᠢᠨᠠᠨ ᠬᠠᠮᠢᠶᠠᠷᠬᠤ ᠲᠣᠭᠲᠠᠴᠠ ᠶᠢ ᠲᠦᠷᠦᠭᠦᠯᠡᠨ ᠪᠠᠶᠢᠭᠤᠯᠤᠨ᠎ᠠ  ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠯᠠᠨ ᠡᠰᠢᠵᠢᠭᠰᠡᠨ ᠣᠷᠣᠭᠤᠯᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠰᠢᠭᠤᠶᠢᠲᠤ  ᠲᠣᠭᠤᠷᠢᠭ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ( ᠲᠤᠰᠬᠠᠶ ᠵᠦᠶᠯ᠂ ᠰᠠᠭᠤᠷᠢ ᠮᠥᠩᠭᠦ ᠵᠡᠷᠭᠡ ) ᠶᠢ ᠵᠣᠬᠢᠴᠠᠭᠤᠯᠤᠨ ᠬᠠᠮᠢᠶᠠᠷᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ  ᠃       ( ᠠᠷᠪᠠᠨ ᠳᠣᠯᠤᠭ᠎ᠠ ) ᠪᠥᠬᠦ  ᠲᠣᠭᠤᠷᠢᠭ ‍ᠤᠨ‌‍ᠰᠠᠭᠤᠷᠢ ᠰᠤᠳᠤᠯᠤᠯ ᠤᠨ ᠲᠥᠯᠥᠪᠵᠢᠭᠦᠯᠭᠡ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ  ᠃ ᠪᠦᠬᠦ ᠲᠣᠭᠤᠷᠢᠭ ᠤᠨ ᠴᠢᠬᠤᠯᠠ ᠶᠡᠭᠡ ᠰᠠᠭᠤᠷᠢ ᠰᠤᠳᠤᠯᠤᠯ ᠪᠣᠯᠤᠨ ᠬᠡᠷᠡᠭᠯᠡᠭᠡᠨ ᠤ ᠰᠠᠭᠤᠷᠢ ᠰᠤᠳᠤᠯᠤᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ  ᠃       ( ᠠᠷᠪᠠᠨ ᠨᠠᠶᠮᠠ ) ᠪᠦᠬᠦ ᠲᠣᠭᠤᠷᠢᠭ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ  ᠤᠨ ᠮᠡᠷᠭᠡᠵᠢᠯ ᠤᠨ ᠰᠤᠳᠤᠯᠤᠯ ᠤᠨ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠦᠭᠦᠯᠡᠨ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠨᠥᠬᠦᠴᠡᠯ ᠤᠨ ᠪᠠᠲᠤᠯᠠᠭ᠎ᠠ ᠪᠦᠲᠦᠭᠡᠨ ᠪᠠᠶᠢᠭᠤᠯᠤᠯᠲᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠨᠡᠭᠡᠭᠡᠯᠲᠡ ᠲᠠᠢ ᠪᠠᠶᠢᠯᠭᠠᠵᠤ ᠬᠠᠮᠲᠤᠪᠠᠷ ᠡᠳ ᠯᠡᠬᠦ ᠶᠢ ᠲᠦᠯᠬᠢᠨ ᠠᠬᠢᠭᠤᠯᠤᠨ᠎ᠠ  ᠃    (ᠠᠷᠪᠠ ᠶᠢᠰᠦ )ᠳᠡᠭᠡᠳᠦ ᠱᠠᠲᠤᠨ ᠤ ᠳᠡᠭᠡᠳᠦ ᠰᠢᠨ᠎ᠡ ᠮᠡᠷᠭᠡᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠪᠣᠯᠤᠨ ᠨᠡᠶᠢᠭᠡᠮ ᠤᠨ ᠬᠥᠭᠵᠢᠯᠲᠡ  ᠶᠢ ᠠᠬᠢᠭᠤᠯᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ  ᠃ ᠪᠦᠬᠦ ᠲᠣᠭᠤᠷᠢᠭ ᠤᠨ ᠭᠤᠣᠯᠳᠠᠯᠭ᠎ᠠ ᠲᠠᠢ ᠬᠦᠷᠢᠶᠡᠨ ᠤ ᠮᠡᠷᠭᠡᠵᠢᠯ ᠤᠨ ᠬᠥᠭᠵᠢᠯᠲᠡ ᠶᠢᠨ ᠤᠷᠢᠳᠠᠴᠢ ᠴᠢᠨᠠᠷᠲᠠᠶ ᠰᠤᠳᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ ᠡᠭᠦᠷᠭᠡ ᠶᠢ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ  ᠃      ( ᠬᠤᠷᠢ ) ᠪᠥᠬᠦ  ᠲᠣᠭᠤᠷᠢᠭ ᠤᠨ ᠮᠡᠷᠭᠡᠵᠢᠯ ᠢ ᠰᠢᠯᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠡᠭᠡᠳᠦ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ  ᠢ ᠬᠠᠮᠢᠶᠠᠷᠴᠤ ᠰᠢᠯᠵᠢᠭᠦᠯᠦᠨ ᠤᠯᠠᠷᠢᠭᠤᠯᠬᠤ ᠪᠠ ᠦᠶᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠶᠢ ᠠᠬᠢᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ  ᠃ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠡᠷᠭᠡᠵᠢᠯ ᠤᠨ ᠵᠠᠬ᠎ᠠ ᠳᠡᠯᠭᠡᠭᠦᠷ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠵᠢᠯᠣᠭᠤᠳᠤᠨ᠎ᠠ  ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠢ ᠤᠯᠠᠮᠵᠢᠯᠠᠨ ᠳᠡᠯᠭᠡᠷᠡᠭᠦᠯᠬᠦ ᠲᠥᠯᠥᠪᠵᠢᠭᠦᠯᠭᠡ ᠶᠢ ᠲᠣᠭᠲᠠᠭᠠᠨ᠎ᠠ  ᠃       ( ᠬᠤᠷᠢᠨ ᠨᠢᠭᠡ ) ᠣᠷᠣᠨ ᠪᠦᠰᠡ ᠶᠢᠨ ᠰᠢᠨ᠎ᠡ ᠶᠢ ᠡᠭᠦᠳᠦᠨ ᠬᠥᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠵᠦᠶ ᠵᠣᠬᠢᠰᠲᠠᠶ ᠪᠠᠶᠢᠷᠢᠯᠠᠭᠤᠯᠬᠤ ᠪᠠ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ  ᠶᠢᠨ ᠪᠠᠶᠢᠭᠤᠯᠤᠯᠲᠠ ᠶᠢ ᠵᠢᠯᠣᠭᠤᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ᠂ ᠠᠴᠢᠶᠠᠯᠠᠪᠤᠷᠢ ᠵᠢᠴᠢ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢ ᠠᠬᠢᠭᠤᠯᠤᠨ᠎ᠠ  ᠃       ( ᠬᠤᠷᠢᠨ ᠬᠤᠶᠠᠷ ) ᠰᠢᠨᠵᠢᠯᠡᠬᠦ ᠤᠬᠠᠭᠠᠨ ᠮᠡᠷᠭᠡᠵᠢᠯ ᠳᠤ ᠬᠢᠨᠠᠯᠲᠠ ᠲᠠᠯᠪᠢᠨ ᠦᠨᠡᠯᠡᠬᠦ ᠰᠢᠰᠲ᠋ᠧᠮᠵᠢ ᠶᠢᠨ ᠪᠠᠶᠢᠭᠤᠯᠤᠯᠲᠠ ᠪᠠ ᠬᠠᠮᠢᠶ᠎ᠠ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠬᠦ ᠳᠦᠷᠢᠮ ᠤᠨ ᠥᠭᠡᠷᠡᠴᠢᠯᠡᠯᠲᠡ ᠶᠢ ᠵᠢᠯᠣᠭᠤᠳᠴᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠎ᠡ  ᠃       ( ᠬᠤᠷᠢᠨ ᠭᠤᠷᠪᠠ ) ᠪᠥᠬᠦ ᠲᠣᠭᠤᠷᠢᠭ ᠤᠨ ᠰᠢᠨ᠎ᠡ ᠶᠢ ᠡᠭᠦᠳᠦᠭᠰᠡᠨ ᠪᠠᠶᠢᠴᠠᠭᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠦᠯᠦᠯᠲᠡ ᠶᠢᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠪᠠ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ  ᠃   (ᠬᠤᠷᠢᠨ ᠳᠥᠷᠪᠡ )ᠳᠡᠭᠡᠳᠦ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠭᠠᠳᠠᠭᠠᠳᠤ ᠬᠠᠷᠢᠯᠴᠠᠭ᠎ᠠ ᠬᠢᠭᠡᠳ ᠰᠢᠨ᠎ᠡ ᠶᠢ ᠡᠭᠦᠳᠬᠦ ᠴᠢᠳᠠᠪᠤᠷᠢ ᠶᠢᠨ ᠨᠡᠭᠡᠭᠡᠯᠲᠡ ᠬᠢᠵᠦ ᠬᠤᠷᠰᠢᠯᠴᠠᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ  ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠠᠳᠠᠭᠠᠳᠤ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠰᠣᠯᠢᠯᠴᠠᠬᠤ ᠠᠵᠢᠯ ᠢ ᠵᠢᠯᠣᠭᠤᠳᠤᠨ᠎ᠠ  ᠃      ( ᠬᠤᠷᠢᠨ ᠲᠠᠪᠤ ) ᠭᠠᠳᠠᠭᠠᠳᠤ ᠶᠢᠨ ᠣᠶᠤᠨ ᠮᠡᠳᠡᠯᠭᠡ ᠶᠢ ᠣᠷᠣᠭᠤᠯᠬᠤ ᠠᠵᠢᠯ ᠢ ᠬᠠᠷᠢᠭᠤᠴᠠᠨ᠎ᠠ  ᠃ ᠳᠡᠭᠡᠳᠦ ᠱᠠᠲᠤᠨ ᠤ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠢ ᠣᠷᠣᠭᠤᠯᠤᠨ ᠠᠪᠴᠢᠷᠠᠬᠤ ᠶᠡᠷᠦᠩᠬᠡᠶ ᠲᠥᠯᠥᠪᠵᠢᠭᠦᠯᠭᠡ᠂ ᠲᠥᠯᠥᠪᠯᠡᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠳᠠᠭᠠᠳᠤ ᠶᠢᠨ ᠲᠤᠰᠬᠠᠶ ᠮᠡᠷᠭᠡᠵᠢᠯᠲᠡᠨ᠂ ᠪᠦᠯᠬᠦᠮ ᠨᠡᠶᠢᠲᠡ ᠶᠢ ᠲᠠᠲᠠᠨ ᠴᠤᠭᠯᠠᠭᠤᠯᠬᠤ ᠲᠣᠭᠲᠠᠴᠠ ᠪᠠ ᠭᠤᠤᠯᠳᠠᠯᠭ᠎ᠠ ᠲᠠᠢ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠲᠠᠢ ᠬᠠᠷᠢᠯᠴᠠᠬᠤ ᠦᠶᠯᠡᠴᠢᠯᠡᠭᠡᠨ ᠤ ᠲᠣᠭᠲᠠᠴᠠ ᠪᠠᠶᠢᠭᠤᠯᠬᠤ ᠶᠢ ᠠᠬᠢᠭᠤᠯᠤᠨ᠎ᠠ  ᠃ ᠳᠡᠭᠡᠳᠦ ᠱᠠᠲᠤᠨ ᠤ ᠬᠤᠯᠪᠣᠭᠳᠠᠯ ᠪᠦᠬᠦᠢ ᠭᠠᠳᠠᠭᠠᠳᠤ ( ᠬᠢᠯᠢ )  ᠳᠤ ᠭᠠᠷᠬᠤ ᠪᠣᠯᠪᠠᠰᠤᠷᠠᠭᠤᠯᠤᠯ ᠤᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠣᠯᠤᠨ ᠣᠨ ᠤ ᠲᠥᠯᠥᠪᠯᠡᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ  ᠃       ( ᠬᠤᠷᠢᠨ ᠵᠢᠷᠭᠤᠭ᠎ᠠ ) ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠪᠥᠬᠦ ᠣᠷᠣᠨ ᠤ ᠬᠤᠳᠠᠯᠳᠤᠭᠠᠴᠢᠨ ᠤᠷᠢᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ  ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠪᠤᠭᠤᠲᠤ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠪᠡᠯᠡ ᠣᠷᠣᠭᠤᠯᠤᠯᠲᠠ ᠶᠢ ᠠᠬᠢᠭᠤᠯᠬᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ  ᠃ ᠪᠦᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠪᠡᠯᠡ ᠣᠷᠣᠭᠤᠯᠤᠯᠲᠠ ᠶᠢ ᠠᠬᠢᠭᠤᠯᠬᠤ ᠲᠠᠯ᠎ᠠ ᠶᠢᠨ ᠲᠥᠯᠥᠪᠵᠢᠭᠦᠯᠭᠡ᠂ ᠲᠥᠯᠥᠪᠯᠡᠭᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ  ᠃ ᠤᠯᠤᠰ ᠤᠨ ᠳᠣᠲᠣᠭᠠᠳᠤ᠂ ᠬᠢᠯᠢ ᠶᠢᠨ ᠭᠠᠳᠠᠨᠠᠬᠢ ( ᠰᠢᠶᠠᠩᠭᠠᠩ ᠣᠣᠮᠧᠨ ᠲᠠᠶᠢᠸᠠᠨ ᠣᠷᠣᠨ ) ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠬᠠᠮᠢᠶᠠᠷᠬᠤ᠂ ᠦᠢᠯᠡᠴᠢᠯᠡᠬᠦ ᠠᠵᠢᠯ ᠢ ᠬᠠᠷᠢᠭᠤᠴᠠᠨ᠎ᠠ  ᠃ ᠪᠦᠬᠦ ᠣᠷᠣᠨ ᠤ ᠴᠢᠨᠠᠷᠲᠠᠶ ᠪᠡᠯᠡ ᠣᠷᠣᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ  ᠃      ( ᠬᠤᠷᠢᠨ ᠳᠣᠯᠤᠭ᠎ᠠ ) ᠲᠤᠶᠢᠯ ᠤᠨ ᠣᠨᠣᠪᠴᠢᠲᠠᠶ ᠪᠠᠷ ᠶᠠᠳᠠᠭᠤ ᠶᠢ ᠲᠡᠳᠬᠦᠬᠦ᠂ ᠠᠶᠤᠯ ᠥᠬᠡᠶ ᠦᠶᠯᠡᠳᠪᠦᠷᠢᠯᠡᠯ᠂ ᠳᠠᠭᠠᠭᠠᠴᠢᠯᠠᠨ ᠬᠠᠷᠢᠯᠴᠠᠬᠤ ᠠᠵᠢᠯ ᠵᠢᠴᠢ ᠣᠷᠣᠨ ᠤ ᠨᠠᠮ ᠤᠨ ᠬᠤᠷᠢᠶ᠎ᠠ᠂ ᠣᠷᠣᠨ ᠤ ᠵᠠᠰᠠᠭ  ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ  ᠃      ( ᠬᠤᠷᠢᠨ ᠨᠠᠶᠮᠠ ) ᠡᠭᠦᠷᠭᠡ ᠴᠢᠳᠠᠪᠤᠷᠢ ᠶᠢ ᠬᠤᠪᠢᠷᠠᠭᠤᠯᠬᠤ  ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ  ᠢᠶᠠᠷ ᠣᠷᠣᠨ ᠢᠶᠠᠨ ᠮᠠᠨᠳᠤᠭᠤᠯᠬᠤ᠂ ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠰᠢᠨ᠎ᠡ ᠶᠢ ᠡᠭᠦᠳᠬᠦ  ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠲᠣᠭᠤᠷᠢᠨ ᠳᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠪᠠ ᠦᠶᠯᠡᠴᠢᠯᠡᠭᠡᠨ  ᠤ ᠡᠭᠦᠷᠭᠡ ᠴᠢᠳᠠᠪᠤᠷᠢ ᠶᠢ ᠴᠢᠩᠭᠠᠳᠬᠠᠨ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠷᠢᠮ ᠪᠠ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠤᠷᠸ᠎ᠠ ᠬᠠᠮᠢᠶᠠᠷᠤᠯᠲᠠ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠪᠢᠴᠢᠯ ᠬᠠᠮᠢᠶᠠᠷᠤᠯᠲᠠ ᠪᠠ ᠪᠣᠳᠠᠲᠠᠶ ᠬᠢᠨᠠᠨ ᠵᠥᠪᠰᠢᠶᠡᠷᠡᠬᠦ ᠵᠦᠶᠯᠡᠰ ᠢ ᠪᠠᠭᠠᠰᠬᠠᠨ᠂ ᠠᠵᠢᠯ ᠬᠡᠷᠡᠭ ᠤᠨ ᠳᠤᠮᠳᠠ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ  ᠃ ᠰᠤᠳᠤᠯᠤᠨ ᠨᠡᠭᠡᠭᠡᠬᠦ ᠬᠠᠮᠢᠶᠠᠷᠤᠯᠲᠠ ᠶᠢ ᠰᠢᠨ᠎ᠡ ᠶᠢ ᠡᠭᠦᠳᠬᠦ ᠦᠢᠯᠡᠴᠢᠯᠡᠭᠡ ᠪᠣᠯᠭᠠᠨ ᠬᠤᠪᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠦᠨ᠎ᠡ  ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠨᠢ ᠪᠣᠳᠠᠲᠠᠶ ᠡᠷᠳᠡᠮ ᠰᠢᠨᠵᠢᠯᠡᠭᠡᠨ ᠤ ᠲᠥᠷᠥᠯ ᠵᠦᠶᠯ ᠢ ᠰᠢᠭᠤᠳ ᠬᠠᠮᠢᠶᠠᠷᠬᠤ ᠥᠬᠡᠶ ᠪᠠᠶᠢᠬᠤ ᠶᠢ ᠠᠬᠢᠭᠤᠯᠵᠤ᠂ ᠲᠥᠷᠥᠯ ᠵᠦᠶᠯ ᠤᠨ ᠬᠠᠮᠢᠶᠠᠷᠤᠯᠲᠠ ᠶᠢᠨ ᠲᠤᠰᠬᠠᠶ ᠪᠠᠶᠢᠭᠤᠯᠤᠮᠵᠢ ᠳᠤ ᠨᠠᠶᠢᠳᠠᠵᠤ ᠲᠥᠷᠥᠯ ᠵᠦᠶᠯ ᠢ ᠭᠥᠯᠢᠶᠡᠨ ᠠᠪᠴᠤ ᠰᠢᠶᠳᠪᠦᠷᠢᠯᠡᠬᠦ᠂ ᠬᠢᠨᠠᠨ ᠲᠣᠭᠲᠠᠭᠠᠬᠤ ᠂ ᠲᠥᠷᠥᠯ ᠵᠦᠶᠯ ᠲᠣᠭᠲᠠᠭᠠᠬᠤ᠂ ᠶᠠᠪᠤᠴᠠ ᠶᠢᠨ ᠬᠠᠮᠢᠶᠠᠷᠤᠯᠲᠠ᠂ ᠰᠢᠯᠭᠠᠨ ᠬᠤᠷᠢᠶᠠᠬᠤ ᠵᠡᠷᠭᠡ ᠪᠣᠳᠠᠲᠠᠶ ᠠᠵᠢᠯ ᠢ ᠥᠷᠨᠢᠭᠦᠯᠦᠨ᠎ᠡ  ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠪᠠ ᠲᠣᠬᠢᠷᠠᠭᠤᠯᠤᠯᠲᠠ ᠬᠢᠬᠦ ᠵᠦᠶᠯᠡᠰ ᠢ ᠳᠠᠭᠢᠵᠤ ᠬᠢᠨᠠᠨ ᠬᠠᠷᠭᠤᠭᠤᠯᠬᠤ ᠥᠬᠡᠶ ᠪᠠᠶᠢᠵᠤ᠂ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠪᠠ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠭᠤᠤᠯᠴᠢᠯᠠᠨ ᠴᠢᠩᠭᠠᠳᠬᠠᠨ᠎ᠠ  ᠃ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠪᠥᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠣᠷᠣᠨ ᠤ ᠭᠠᠳᠠᠨᠠᠬᠢ ᠵᠠᠰᠠᠯᠲᠠ ᠶᠢᠨ ᠠᠵᠢᠯ ᠢ ᠣᠷᠣᠭᠤᠯᠤᠨ ᠠᠪᠴᠢᠷᠠᠬᠤ ᠶᠢ ᠨᠢᠭᠡᠳᠦᠯᠲᠡᠶ ᠲᠥᠯᠥᠪᠯᠡᠨ᠎ᠡ  ᠃   (ᠬᠤᠷᠢ ᠶᠢᠰᠦ) ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ  ᠃       1 . ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ᠂ ᠠᠷᠢᠬᠢᠨ ᠤ ᠵᠦᠶᠯ ᠤᠨ ᠭᠦᠶᠯᠭᠡᠭᠡᠨ ᠵᠡᠷᠭᠡ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ  ᠃        ( 1 ) ᠰᠢᠭᠤᠶᠢᠲᠤ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ  ᠤᠨ ᠪᠠᠶᠢᠭᠤᠯᠤᠯᠲᠠ ᠵᠡᠷᠭᠡ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠠᠬᠢᠭᠤᠯᠬᠤ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ  ᠃ ᠠᠷᠢᠬᠢᠨ ᠤ ᠵᠦᠶᠯ ᠤᠨ ᠭᠦᠶᠯᠭᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠶᠢ ᠬᠠᠷᠢᠭᠤᠴᠠᠨ ᠲᠣᠭᠲᠠᠭᠠᠨ᠎ᠠ  ᠃        ( 2 ) ᠰᠢᠭᠤᠶᠢᠲᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠡᠵᠡᠩᠨᠡᠭᠴᠢ ᠶᠢ ᠲᠥᠪᠯᠡᠷᠡᠭᠦᠯᠦᠨ ᠮᠣᠨᠣᠫᠣᠯᠢᠴᠢᠯᠠᠯ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢ ᠬᠠᠷᠢᠭᠤᠴᠠᠵᠤ᠂ ᠰᠢᠭᠤᠶᠢᠲᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠠᠭᠤᠷᠮᠠᠭ ᠮᠠᠭᠤ ᠲᠠᠸᠠᠷ ᠦᠢᠯᠡᠳᠴᠦ ᠪᠣᠷᠣᠯᠠᠭᠤᠯᠤᠭᠰᠠᠨ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠠᠵᠢᠯ ᠢ ᠡᠭᠦᠷᠭᠡᠯᠡᠨ᠎ᠡ  ᠃ ᠠᠷᠢᠬᠢᠨ ᠤ ᠵᠦᠶᠯ ᠤᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ ᠪᠣᠯᠤᠨ ᠠᠷᠢᠬᠢᠨ ᠤ ᠵᠦᠶᠯ ᠤᠨ ᠢᠳᠡᠭᠡᠨ ᠤ ᠠᠶᠤᠯ ᠦᠭᠡᠶ ᠶᠢ ᠬᠠᠷᠢᠭᠤᠴᠠᠨ᠎ᠠ  ᠃      2 ᠡᠮ ᠤᠨ ᠵᠦᠢᠯ ᠤᠨ ᠭᠦᠢᠯᠭᠡᠭᠡᠨ ᠤ ᠬᠠᠮᠢᠶᠠᠷᠤᠯᠲᠠ ᠶᠢᠨ ᠲᠠᠯ᠎ᠠ ᠪᠠᠷ ᠬᠢ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ  ᠃       ( 1 ) ᠰᠢᠭᠤᠶᠢᠲᠤ ᠣᠷᠣᠨ ᠤ ᠬᠤᠳᠠᠯᠳᠤᠭᠠᠨ ᠤ ᠶᠠᠪᠤᠳᠠᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠡᠮ ᠤᠨ ᠵᠦᠶᠯ ᠤᠨ ᠭᠦᠶᠯᠭᠡᠭᠡᠨ ᠤ ᠬᠦᠷᠢᠶᠡᠨ ᠤ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢ ᠬᠠᠷᠢᠭᠤᠴᠠᠨ᠎ᠠ  ᠃       ( 2 ) ᠰᠢᠭᠤᠶᠢᠲᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠡᠮ  ᠤᠨ ᠵᠦᠶᠯ ᠤᠨ ᠭᠦᠶᠯᠭᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠶᠢ ᠬᠠᠮᠵᠢᠯᠴᠠᠨ ᠬᠡᠷᠡᠭᠵᠢᠭᠦᠯᠬᠦ ᠶᠢ ᠬᠠᠷᠢᠭᠤᠴᠠᠵᠤ᠂ ᠡᠮ ᠤᠨ ᠵᠦᠶᠯ ᠤᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ  ᠃     3 . ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠯᠤᠭ᠎ᠠ ᠴᠢᠬᠤᠯᠠ ᠬᠡᠷᠡᠭᠯᠡᠭᠡᠨ ᠤ ᠵᠦᠶᠯ ᠢ ᠨᠥᠭᠡᠴᠡᠯᠡᠬᠦ ᠬᠠᠮᠢᠶᠠᠷᠤᠯᠲᠠ ᠶᠢᠨ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ  ᠃       ( 1 ) ᠣᠷᠣᠨ ᠤ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠵᠥᠪᠬᠡᠨ ᠮᠢᠬᠠᠨ ᠤ ᠵᠦᠢᠯ᠂ ᠢᠳᠡᠰᠢᠨ ᠨᠣᠭᠤᠭ᠎ᠠ ᠶᠢ ᠨᠥᠭᠡᠴᠡᠯᠡᠬᠦ ᠬᠠᠮᠢᠶᠠᠷᠤᠯᠲᠠ ᠶᠢ ᠬᠠᠷᠢᠭᠤᠴᠠᠨ᠎ᠠ  ᠃       ( 2 ) ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠨᠢ ᠵᠠᠬ᠎ᠠ ᠬᠢᠵᠠᠭᠠᠷ ᠲᠤ ᠪᠣᠷᠣᠯᠠᠭᠤᠯᠬᠤ ᠴᠠᠶ ᠨᠥᠭᠡᠴᠡᠯᠡᠬᠦ ᠬᠠᠮᠢᠶᠠᠷᠤᠯᠲᠠ ᠶᠢ ᠬᠠᠷᠢᠭᠤᠴᠠᠨ᠎ᠠ  ᠃       ( 3 ) ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠪᠤᠰᠤᠳ ᠴᠢᠬᠤᠯᠠ ᠬᠡᠷᠡᠭᠯᠡᠭᠡᠨ ᠤ ᠵᠦᠢᠯ ᠤᠨ ᠨᠥᠭᠡᠴᠡᠯᠡᠯ ᠤᠨ ᠬᠠᠮᠢᠶᠠᠷᠤᠯᠲᠠ ᠶᠢ ᠬᠠᠷᠢᠭᠤᠴᠠᠨ᠎ᠠ  ᠃     ( 4 )ᠰᠢᠭᠤᠶᠢᠲᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠣᠨ ᠪᠠᠲᠤᠯᠠᠭ᠎ᠠ ᠢᠢᠨ ᠲᠣᠪᠴᠢᠶ᠎ᠠ ᠯᠤᠭ᠎ᠠ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠢᠢᠨ ᠬᠤᠪᠢᠶᠠᠷᠢᠯᠠᠯ  ᠃       ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠲᠠᠯ᠎ᠠ ᠪᠠᠷ᠂ A ᠲᠥᠷᠥᠯ ᠤᠨ ᠠᠵᠢᠯᠲᠠᠨ ᠤ ᠲᠥᠷᠥ ᠶᠢᠨ ᠪᠣᠳᠣᠯᠭ᠎ᠠ ᠶᠢ ᠰᠢᠭᠤᠶᠢᠲᠤ ᠣᠷᠣᠨ ᠤ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠰᠢᠭᠤᠶᠢᠲᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ᠲᠣᠭᠲᠠᠭᠠᠵᠤ᠂ B ᠲᠥᠷᠥᠯ ᠤᠨ ᠪᠠ C ᠲᠥᠷᠥᠯ ᠤᠨ ᠠᠵᠢᠯᠲᠠᠨ ᠤ ᠲᠥᠷᠥ ᠶᠢᠨ ᠪᠣᠳᠣᠯᠭ᠎ᠠ ᠶᠢ ᠰᠢᠭᠤᠶᠢᠲᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠰᠢᠭᠤᠶᠢᠲᠤ ᠣᠷᠣᠨ ᠤ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠠᠢ ᠬᠠᠮᠲᠤᠷᠠᠨ ᠲᠣᠭᠲᠠᠭᠠᠨ᠎ᠠ  ᠃ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠲᠠᠯ᠎ᠠ ᠪᠠᠷ᠂ ᠣᠲᠣ ᠶᠢᠨ ᠪᠠᠶᠢᠭ᠎ᠠ 《 ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠬᠠᠮᠢᠶᠠᠷᠤᠯᠲᠠ ᠶᠢᠨ ᠦᠶᠯᠡᠴᠢᠯᠡᠭᠡᠨ ᠤ ᠰᠢᠰᠲ᠋ᠧᠮ 》 ᠢ ᠦᠷᠭᠦᠯᠵᠢᠯᠡᠨ ᠬᠡᠷᠡᠭᠯᠡᠵᠦ᠂ ᠰᠢᠭᠤᠶᠢᠲᠤ ᠣᠷᠣᠨ ᠤ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠷᠢᠭᠤᠴᠠᠨ ᠬᠠᠮᠢᠶᠠᠷᠴᠤ ᠬᠠᠮᠠᠭᠠᠯᠠᠨ᠎ᠠ︔ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ  ᠤᠨ ᠪᠠᠲᠤᠯᠠᠭ᠎ᠠ ᠶᠢᠨ ᠶᠠᠮᠤᠨ᠂ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠤ ᠲᠣᠪᠴᠢᠶ᠎ᠠ ᠠᠴᠠ ᠬᠠᠮᠲᠤᠷᠠᠨ ᠳᠠᠷᠤᠮᠠᠯᠯᠠᠨ ᠵᠣᠬᠢᠶᠠᠭᠰᠠᠨ 《 ᠭᠠᠳᠠᠭᠠᠳᠤ ᠶᠢᠨ ᠬᠥᠮᠦᠨ ᠤ ᠠᠵᠢᠯ ᠤᠨ ᠵᠥᠪᠰᠢᠶᠡᠷᠡᠯ ᠤᠨ ᠦᠨᠡᠮᠯᠡᠯ 》 ᠢ ᠦᠷᠭᠦᠯᠵᠢᠯᠡᠨ ᠬᠡᠷᠡᠭᠯᠡᠵᠦ᠂ A ᠲᠥᠷᠥᠯ ᠪᠠ B ᠲᠥᠷᠥᠯ ᠤᠨ ᠠᠵᠢᠯᠲᠠᠨ ᠤ ᠠᠵᠢᠯ ᠤᠨ ᠵᠥᠪᠰᠢᠶᠡᠷᠡᠯ ᠢ ᠰᠢᠭᠤᠶᠢᠲᠤ ᠣᠷᠣᠨ ᠤ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠰᠢᠭᠤᠶᠢᠲᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ C ᠲᠥᠷᠥᠯ ᠤᠨ ᠠᠵᠢᠯᠲᠠᠨ ᠤ ᠠᠵᠢᠯ ᠤᠨ ᠵᠥᠪᠰᠢᠶᠡᠷᠡᠯ ᠢ ᠰᠢᠭᠤᠶᠢᠲᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠶᠠᠷ ᠰᠠᠯᠠᠭ᠎ᠠ ᠮᠥᠴᠢᠷ ᠠᠴᠠ ᠠᠵᠢᠯ ᠤᠨ ᠵᠥᠪᠰᠢᠶᠡᠷᠡᠯ ᠣᠯᠭᠤᠬᠤ  ᠠᠴᠠ ᠡᠮᠦᠨ᠎ᠡ ᠴᠥᠮ ᠨᠡᠭᠦᠳᠡᠯ ᠠᠷᠠᠳ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠠᠷ ᠤᠨ ᠥᠰᠥᠭ ᠵᠢᠷᠤᠬᠤ ᠬᠡᠷᠡᠭᠲᠡᠶ  ᠃       ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ       ᠰᠢᠭᠤᠶᠢᠲᠤ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 4 . ᠲᠣᠪᠴᠢᠶᠠᠨ ᠳᠠᠷᠤᠭ᠎ᠠ 1 ᠬᠥᠮᠦᠨ᠂ ᠳᠡᠳ᠋ ᠲᠣᠪᠴᠢᠶᠠᠨ ᠳᠠᠷᠤᠭ᠎ᠠ 3 ᠬᠥᠮᠦᠨ ᠲᠣᠬᠢᠷᠠᠭᠤᠯᠤᠨ᠎ᠠ  ᠃       ( ᠨᠢᠭᠡ ) ᠠᠯᠪᠠᠨ ᠭᠡᠷ       ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ︔ ᠲᠣᠪᠴᠢᠶ᠎ᠠ ᠶᠢᠨ ᠪᠠᠶᠢᠭᠤᠯᠭ᠎ᠠ ᠶᠢᠨ ᠡᠳᠦᠷ ᠲᠤᠲᠤᠮ ᠤᠨ ᠵᠠᠰᠠᠭ  ᠤᠨ ᠶᠠᠪᠤᠳᠠᠯ ᠤᠨ ᠴᠢᠨᠠᠷᠲᠠᠶ᠂ ᠠᠵᠢᠯ ᠶᠠᠪᠤᠳᠠᠯ ᠤᠨ ᠴᠢᠨᠠᠷᠲᠠᠶ ᠠᠵᠢᠯ ᠢ ᠵᠣᠬᠢᠴᠠᠭᠤᠯᠤᠨ ᠰᠢᠶᠳᠪᠦᠷᠢᠯᠡᠬᠦ ᠶᠢ ᠬᠠᠷᠢᠭᠤᠴᠠᠨ᠎ᠠ︔ ᠪᠠᠶᠢᠭᠤᠯᠭ᠎ᠠ ᠶᠢᠨ ᠡᠯ᠎ᠡ ᠵᠦᠢᠯ ᠤᠨ ᠳᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠦᠨ᠎ᠡ︔ ᠬᠤᠷᠠᠯ ᠤᠨ ᠵᠣᠬᠢᠶᠠᠨ ᠪᠠᠶᠢᠭᠤᠯᠬᠤ ᠪᠠ ᠬᠤᠷᠠᠯ ᠠᠴᠠ ᠲᠣᠭᠲᠠᠭᠠᠭᠰᠠᠨ ᠵᠦᠶᠯᠡᠰ ᠢ ᠰᠢᠮᠳᠠᠭᠤᠯᠤᠨ ᠭᠦᠶᠴᠡᠳᠬᠡᠬᠦ ᠶᠢ ᠬᠠᠷᠢᠭᠤᠴᠠᠨ᠎ᠠ︔ ᠠᠯᠪᠠᠨ ᠪᠢᠴᠢᠭ ᠰᠢᠶᠳᠪᠦᠷᠢᠯᠡᠬᠦ᠂ ᠶᠡᠷᠦᠩᠬᠡᠶᠢᠯᠡᠭᠰᠡᠨ ᠮᠠᠲ᠋ᠧᠷᠢᠶᠠᠯ ᠲᠤᠭᠤᠷᠪᠢᠬᠤ᠂ ᠮᠡᠳᠡᠭᠡ ᠵᠠᠩᠭᠢ  ᠶᠢᠨ ᠤᠬᠠᠭᠤᠯᠭ᠎ᠠ᠂ ᠡᠯᠧᠺᠲᠷᠣᠨ ᠵᠠᠰᠠᠭ ᠤᠨ ᠶᠠᠪᠤᠳᠠᠯ᠂ ᠣᠷᠣᠨ ᠲᠤᠭ᠎ᠠ᠂ ᠠᠵᠢᠯᠲᠠᠨ ᠤ ᠶᠠᠪᠤᠳᠠᠯ᠂ ᠳᠠᠩᠰᠠ ᠡᠪᠬᠡᠮᠡᠯ ᠤᠨ ᠬᠠᠮᠢᠶᠠᠷᠤᠯᠲᠠ᠂ ᠨᠢᠭᠤᠴᠠ ᠴᠢᠬᠤᠯᠠ ᠨᠢᠭᠤᠴᠠ ᠶᠢ ᠬᠠᠮᠠᠭᠠᠯᠠᠬᠤ᠂ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠨ᠎ᠠ︔ ᠲᠣᠪᠴᠢᠶᠠᠨ ᠤ ᠪᠠᠶᠢᠭᠤᠯᠤᠯᠭ᠎ᠠ ᠶᠢᠨ ᠡᠳ᠋ ᠤᠨ ᠶᠠᠪᠤᠳᠠᠯ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠵᠡᠷᠭᠡ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ︔ ᠲᠣᠪᠴᠢᠶᠠᠨ ᠤ ᠤᠳᠤᠷᠢᠳᠤᠯᠭ᠎ᠠ  ᠶᠢᠨ ᠬᠤᠭᠤᠷᠣᠨᠳᠣ᠂ ᠡᠯ᠎ᠡ ᠰᠠᠯᠠᠭ᠎ᠠ ᠲᠠᠰᠤᠭ ᠤᠨ ᠬᠤᠭᠤᠷᠣᠨᠳᠣ᠂ ᠲᠤᠰ ᠨᠢᠭᠡᠴᠡ ᠬᠢᠭᠡᠳ ᠭᠠᠳᠠᠷ ᠨᠢᠭᠡᠴᠡ ᠶᠢᠨ ᠬᠤᠭᠤᠷᠣᠨᠳᠣᠬᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ ᠰᠠᠶᠢᠲᠤᠷ ᠬᠢᠨ᠎ᠡ︔ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠵᠦᠶᠯᠡᠰ ᠢ ᠬᠠᠷᠢᠭᠤᠴᠠᠨ᠎ᠠ  ᠃ ᠠᠵᠢᠯᠯᠠᠬᠤ ᠭᠠᠵᠠᠷ᠄ ᠥᠪᠥᠷ ᠮᠣᠩᠭᠤᠯ ᠤᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠰᠢᠭᠤᠶᠢᠲᠤ ᠰᠢᠨ᠎ᠡ ᠲᠣᠭᠤᠷᠢᠭ ᠤᠨ ᠶᠢᠨ ᠵᠧᠩ ᠲᠣᠮᠣ ᠠᠰᠠᠷ ᠤᠨ A ᠠᠰᠠᠷ 506᠃ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00—12᠄ 00 ᠦᠳᠡ ᠶᠢᠨ ᠬᠤᠶᠢᠨ᠎ᠠ 14᠄ 00—17᠄ 30  ᠃ᠬᠠᠷᠢᠯᠴᠠᠬᠤ ᠬᠡᠯᠪᠡᠷᠢ᠄ 8720884 ᠵᠤ᠋ ᠮᠧᠩ ᠮᠧᠩ᠂ ᠬᠠᠷᠢᠯᠴᠠᠬᠤ ᠬᠡᠯᠪᠡᠷᠢ᠄ 04728720884       ( ᠬᠤᠶᠠᠷ ) ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠲᠠᠰᠤᠭ      ᠰᠢᠭᠤᠶᠢᠲᠤ ᠣᠷᠣᠨ ᠤ ᠬᠤᠳᠠᠯᠳᠤᠭᠠᠨ ᠤ ᠶᠠᠪᠤᠳᠠᠯ ᠤᠨ ᠠᠵᠢᠯ ᠤᠨ ᠳᠤᠮᠳᠠᠬᠢ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠵᠡᠷᠭᠡ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠪᠦᠬᠦ ᠣᠷᠣᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠪᠦᠷᠢᠨᠰᠢᠭᠦᠯᠬᠦ ᠵᠢᠷᠤᠮᠵᠢᠭᠤᠯᠬᠤ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ᠂ ᠵᠠᠬ᠎ᠠ ᠳᠡᠯᠭᠡᠭᠦᠷ ᠤᠨ ᠠᠵᠢᠯᠯᠠᠭᠠᠨ᠂ ᠬᠤᠳᠠᠯᠳᠤᠭ᠎ᠠ ᠠᠷᠠᠯᠵᠢᠶᠠᠨ ᠤ ᠦᠢᠯᠡᠴᠢᠯᠡᠭᠡᠨ ᠤ ᠦᠢᠯᠡᠰ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠵᠡᠷᠭᠡ ᠲᠠᠯ᠎ᠠ ᠶᠢᠨ ᠲᠥᠯᠥᠪᠵᠢᠭᠦᠯᠭᠡ ᠶᠢ ᠬᠠᠷᠢᠭᠤᠴᠠᠨ ᠰᠤᠳᠤᠯᠤᠨ ᠳᠤᠷᠠᠳᠬᠤ ᠬᠡᠷᠡᠭᠲᠡᠶ︔ ᠳᠡᠭᠡᠳᠦ ᠱᠠᠲᠤᠨ ᠤ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠰᠢᠨᠵᠢᠯᠡᠬᠦ ᠤᠬᠠᠭᠠᠨ ᠮᠡᠷᠭᠡᠵᠢᠯ  ᠢᠶᠠᠷ ᠠᠵᠤ ᠠᠬᠤᠢ ᠬᠢᠭᠡᠳ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠂ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠪᠦᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠪᠡᠯᠡ ᠣᠷᠣᠭᠤᠯᠤᠯᠲᠠ ᠶᠢ ᠠᠬᠢᠭᠤᠯᠬᠤ ᠲᠠᠯ᠎ᠠ  ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠲᠥᠯᠥᠪᠵᠢᠭᠦᠯᠭᠡ᠂ ᠲᠥᠯᠥᠪᠯᠡᠭᠡ ᠵᠡᠷᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠵᠣᠬᠢᠴᠠᠭᠤᠯᠤᠨ᠎ᠠ︔ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠵᠦᠶᠯᠡᠰ ᠢ ᠬᠠᠷᠢᠭᠤᠴᠠᠨ᠎ᠠ  ᠃      ᠠᠵᠢᠯᠯᠠᠬᠤ ᠭᠠᠵᠠᠷ᠄ ᠥᠪᠥᠷ ᠮᠣᠩᠭᠤᠯ ᠤᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠰᠢᠭᠤᠶᠢᠲᠤ ᠰᠢᠨ᠎ᠡ ᠲᠣᠭᠤᠷᠢᠭ ᠤᠨ ᠶᠢᠨ ᠵᠧᠩ ᠲᠣᠮᠣ ᠠᠰᠠᠷ ᠤᠨ A ᠠᠰᠠᠷ 506  ᠃ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00-12᠄ 00 ᠦᠳᠡ ᠶᠢᠨ ᠬᠤᠶᠢᠨ᠎ᠠ 14᠄ 00-17᠄ 30᠃ᠬᠠᠷᠢᠯᠴᠠᠬᠤ ᠬᠡᠯᠪᠡᠷᠢ᠄ 8720884 ᠵᠤ᠋ ᠮᠧᠩ ᠮᠧᠩ᠂ ᠬᠠᠷᠢᠯᠴᠠᠬᠤ ᠬᠡᠯᠪᠡᠷᠢ᠄ 04728720884      ᠭᠤᠷᠪᠠ᠂ ᠬᠠᠷᠢᠶ᠎ᠠ ᠨᠢᠭᠡᠴᠢ ᠶᠢᠨ ᠡᠭᠦᠷᠭᠡ ᠴᠢᠳᠠᠪᠤᠷᠢ ( ᠬᠤᠶᠠᠳᠤᠭᠠᠷ ᠳᠡᠰ ᠤᠨ ᠨᠢᠭᠡᠴᠢ ) ᠰᠢᠭᠤᠶᠢᠲᠤ ᠣᠷᠣᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ ( ᠰᠢᠭᠤᠶᠢᠲᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ  ᠤᠨ ᠨᠡᠶᠢᠭᠡᠮᠯᠢᠭ ᠤᠨ ᠦᠢᠯᠡᠴᠢᠯᠡᠭᠡᠨ ᠤ ᠲᠥᠪ ) ᠪᠣᠯ ᠰᠢᠭᠤᠶᠢᠲᠤ ᠣᠷᠣᠨ ᠤ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠬᠠᠷᠢᠶᠠᠨ ᠳᠠᠬᠢ ᠰᠲ᠋ᠣᠺ ᠤᠨ ᠳᠡᠰ ᠲᠠᠢ ᠲᠡᠩᠴᠡᠬᠦ ᠨᠡᠶᠢᠲᠡ  ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ  ᠃ ( ᠨᠢᠭᠡ ) ᠭᠤᠣᠯ ᠡᠭᠦᠷᠭᠡ ᠬᠠᠷᠢᠭᠤᠴᠠᠯᠭ᠎ᠠ      1 . ᠪᠦᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠪᠡᠯᠡ ᠣᠷᠣᠭᠤᠯᠤᠯᠲᠠ ᠶᠢ ᠠᠬᠢᠭᠤᠯᠬᠤ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ᠂ ᠲᠥᠯᠥᠪᠯᠡᠭᠡ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔      2 ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠮᠢᠶ᠎ᠠ ᠪᠦᠬᠦᠢ ᠪᠠᠶᠢᠳᠠᠯ᠂ ᠲᠥᠷᠥ ᠶᠢᠨ ᠪᠣᠳᠣᠯᠭ᠎ᠠ᠂ ᠠᠵᠤ ᠦᠢᠯᠡᠰ ᠤᠨ ᠬᠠᠨᠳᠤᠰᠢ ᠶᠢ ᠰᠤᠳᠤᠯᠤᠨ ᠵᠠᠳᠠᠯᠬᠤ ᠶᠢ ᠬᠠᠷᠢᠭᠤᠴᠠᠬᠤ ᠶᠢᠨ ᠬᠠᠮᠲᠤ ᠲᠥᠷᠥ ᠶᠢᠨ ᠪᠣᠳᠣᠯᠭ᠎ᠠ  ᠶᠢᠨ ᠰᠠᠨᠠᠭᠤᠯᠭ᠎ᠠ ᠳᠤᠷᠠᠳᠤᠨ᠎ᠠ︔      3 . ᠪᠦᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠬᠠᠷᠢᠭᠤᠴᠠᠨ ᠵᠣᠬᠢᠴᠠᠭᠤᠯᠵᠤ᠂ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠪᠡᠯᠡ ᠣᠷᠣᠭᠤᠯᠤᠯᠲᠠ ᠶᠢ ᠠᠬᠢᠭᠤᠯᠬᠤ ᠠᠵᠢᠯ ᠢ ᠵᠢᠯᠣᠭᠤᠳᠤᠨ᠎ᠠ︔ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠡᠯ᠎ᠡ ᠭᠠᠵᠠᠷ ᠣᠷᠣᠨ᠂ ᠡᠯ᠎ᠡ ᠬᠦᠷᠢᠶᠡᠯᠡᠩ ᠲᠣᠭᠤᠷᠢᠭ ᠵᠢᠴᠢ ᠨᠢᠭᠡᠴᠡ ᠶᠢ ᠵᠣᠬᠢᠴᠠᠭᠤᠯᠤᠨ ᠵᠣᠬᠢᠶᠠᠨ ᠪᠠᠶᠢᠭᠤᠯᠵᠤ ᠪᠠᠶᠢᠭᠠᠳ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠴᠢᠳᠠᠪᠤᠷᠢᠲᠠᠨ ᠤᠷᠢᠵᠤ ᠣᠶᠤᠨ ᠤᠬᠠᠭᠠᠨ ᠣᠷᠣᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠦᠨ᠎ᠡ︔       4 . ᠤᠯᠤᠰ ᠤᠨ ᠳᠣᠲᠣᠭᠠᠳᠤ᠂ ᠬᠢᠯᠢ ᠶᠢᠨ ᠭᠠᠳᠠᠨᠠᠬᠢ ( ᠰᠢᠶᠠᠩᠭᠠᠩ ᠣᠣᠮᠧᠨ ᠲᠠᠶᠢᠸᠠᠨ᠂ ᠳᠣᠷᠣᠭᠰᠢ ᠠᠳᠠᠯᠢ ) ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠲᠠᠨᠢᠯᠴᠠᠭᠤᠯᠬᠤ ᠵᠣᠬᠢᠴᠠᠭᠤᠯᠬᠤ ᠪᠠ ᠦᠢᠯᠡᠴᠢᠯᠡᠬᠦ ᠠᠵᠢᠯ ᠢ ᠬᠠᠷᠢᠭᠤᠴᠠᠨ᠎ᠠ︔ ᠣᠷᠣᠨ ᠤ ᠵᠠᠰᠠᠭ ᠤᠨ ᠣᠷᠳᠣᠨ ᠤ ᠥᠷᠨᠢᠭᠦᠯᠦᠭᠰᠡᠨ ᠤᠯᠤᠰ ᠤᠨ ᠳᠣᠲᠣᠭᠠᠳᠤ ᠪᠠ ᠬᠢᠯᠢ ᠶᠢᠨ ᠭᠠᠳᠠᠨ᠎ᠠ ᠠᠴᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠬᠤᠯᠠ ᠶᠡᠭᠡ ᠠᠵᠢᠯᠯᠠᠭ᠎ᠠ ᠶᠢ ᠬᠠᠷᠢᠭᠤᠴᠠᠨ ᠳᠠᠭᠠᠭᠠᠨ ᠡᠷᠬᠢᠯᠡᠨ᠎ᠡ︔ ᠭᠠᠵᠠᠷ ᠣᠷᠣᠨ ᠠᠯᠤᠰᠯᠠᠭᠰᠠᠨ ᠠᠵᠤ ᠠᠬᠤᠶ ᠶᠢᠨ ᠬᠤᠷᠰᠢᠯᠴᠠᠭᠠᠨ ᠤ ᠲᠥᠷᠥᠯ ᠵᠦᠶᠯ ᠤᠨ ᠵᠣᠬᠢᠴᠠᠭᠤᠯᠤᠨ ᠦᠶᠯᠡᠴᠢᠯᠡᠬᠦ ᠠᠵᠢᠯ ᠢ ᠬᠠᠷᠢᠭᠤᠴᠠᠨ᠎ᠠ︔ ᠪᠥᠬᠦ ᠣᠷᠣᠨ ᠤ ᠡᠯ᠎ᠡ ᠲᠥᠷᠥᠯ ᠤᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ( ᠬᠤᠳᠠᠯᠳᠤᠭᠠᠴᠢᠳ ᠤᠨ ᠡᠪᠯᠡᠯ᠂ ᠨᠡᠶᠢᠭᠡᠮᠯᠢᠭ )  ᠲᠠᠢ ᠬᠤᠯᠪᠣᠭᠠᠯᠠᠨ ᠵᠢᠯᠣᠭᠤᠳᠴᠤ ᠪᠠᠶᠢᠭᠠᠳ ᠪᠠᠯᠠ ᠣᠷᠣᠭᠤᠯᠤᠯᠲᠠ ᠶᠢ ᠠᠬᠢᠭᠤᠯᠬᠤ ᠠᠵᠢᠯ ᠢ ᠥᠷᠨᠢᠭᠦᠯᠦᠨ᠎ᠡ︔      5 . ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠪᠦᠬᠦ ᠣᠷᠣᠨ ᠤ ᠪᠡᠯᠡ ᠣᠷᠣᠭᠤᠯᠤᠯᠲᠠ  ᠶᠢᠨ ᠵᠦᠭᠯᠡᠭᠦᠷ ᠪᠣᠯᠤᠨ ᠪᠡᠯᠡ ᠣᠷᠣᠭᠤᠯᠤᠯᠲᠠ ᠶᠢᠨ ᠠᠵᠤ ᠦᠢᠯᠡᠰ ᠤᠨ ᠵᠢᠯᠣᠭᠤᠳᠬᠤ ᠭᠠᠷᠴᠠᠭ ᠢ ᠨᠠᠶᠢᠷᠠᠭᠤᠯᠤᠨ ᠵᠣᠬᠢᠶᠠᠨ᠎ᠠ︔ ᠪᠦᠬᠦ ᠣᠷᠣᠨ ᠤ ᠭᠤᠣᠯᠳᠠᠯᠭ᠎ᠠ ᠲᠠᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ  ᠤᠨ ᠬᠥᠮᠥᠷᠭᠡ ᠪᠠ ᠭᠤᠣᠯᠳᠠᠯᠭ᠎ᠠ ᠲᠠᠢ ᠭᠠᠳᠠᠨᠠᠬᠢ ᠬᠤᠳᠠᠯᠳᠤᠭᠠᠴᠢᠨ ᠤ ᠨᠡᠷᠡᠰ ᠤᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠬᠠᠷᠢᠭᠤᠴᠠᠨ᠎ᠠ︔ ᠪᠦᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠮᠡᠳᠡᠭᠡ ᠵᠠᠩᠭᠢ ᠰᠣᠯᠢᠯᠴᠠᠬᠤ ᠲᠠᠪᠴᠠᠩ ᠢ ᠬᠠᠷᠢᠭᠤᠴᠠᠨ ᠪᠠᠶᠢᠭᠤᠯᠵᠤ᠂ ᠡᠯ᠎ᠡ ᠲᠠᠯ᠎ᠠ ᠶᠢᠨ ᠳᠠᠪᠠᠭᠤᠯᠢᠭ ᠪᠣᠯᠤᠨ ᠡᠬᠢ ᠪᠠᠶᠠᠯᠢᠭ  ᠢ ᠲᠣᠬᠢᠷᠠᠭᠤᠯᠤᠨ ᠨᠢᠭᠡ ᠴᠣᠭᠴᠠᠵᠢᠭᠤᠯᠤᠭᠰᠠᠨ ᠬᠤᠳᠠᠯᠳᠤᠭᠠᠴᠢᠨ ᠤᠷᠢᠬᠤ ᠠᠵᠢᠯ ᠢ ᠥᠷᠨᠢᠭᠦᠯᠦᠨ᠎ᠡ︔      6 . ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠴᠢᠬᠤᠯᠠ ᠶᠡᠭᠡ ᠲᠥᠷᠥᠯ ᠵᠦᠶᠯ ᠤᠨ ᠪᠠᠶᠢᠷᠢᠰᠢᠭᠤᠯᠤᠯᠲᠠ᠂ ᠭᠠᠵᠠᠷ ᠰᠣᠩᠭᠤᠬᠤ ᠲᠠᠯ᠎ᠠ ᠶᠢᠨ ᠰᠠᠨᠠᠭᠤᠯᠭ᠎ᠠ ᠳᠤᠷᠠᠳᠬᠤ ᠳᠤ ᠣᠷᠣᠯᠴᠠᠨ᠎ᠠ︔ ᠴᠢᠬᠤᠯᠠ ᠶᠡᠭᠡ ᠪᠠᠯᠠ ᠣᠷᠣᠭᠤᠯᠤᠯᠲᠠ ᠶᠢ ᠮᠥᠷᠳᠡᠵᠦ ᠪᠠᠶᠢᠭᠠᠳ ᠲᠥᠷᠥᠯ ᠵᠦᠶᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠮᠬᠢ ᠳᠢᠭᠯᠢᠮ ᠤᠨ ᠬᠠᠷᠢᠭᠤᠴᠠᠯᠭ᠎ᠠ ᠶᠢ ᠵᠢᠷᠤᠮᠵᠢᠭᠤᠯᠤᠨ᠎ᠠ︔ ᠠᠵᠤ ᠦᠶᠯᠡᠰ ᠤᠨ ᠪᠠᠶᠢᠷᠢᠯᠠᠭᠤᠯᠤᠯᠲᠠ ᠶᠢᠨ ᠲᠥᠯᠥᠪᠵᠢᠭᠦᠯᠭᠡ ᠠᠴᠠ ᠵᠥᠷᠢᠴᠡᠭᠰᠡᠨ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠮᠬᠢ ᠳᠢᠭᠯᠢᠮ ᠢ ᠰᠠᠮᠠᠭᠤᠷᠠᠭᠤᠯᠤᠭᠰᠠᠨ ᠨᠢᠭᠡᠴᠡ᠂ ᠭᠠᠵᠠᠷ ᠣᠷᠣᠨ ᠳᠤ ᠰᠢᠶᠳᠪᠦᠷᠢᠯᠡᠬᠦ ᠰᠠᠨᠠᠯ ᠪᠠ ᠰᠠᠨᠠᠭᠤᠯᠭ᠎ᠠ ᠳᠤᠷᠠᠳᠬᠤ ᠬᠡᠷᠡᠭᠲᠡᠶ︔      7 . ᠭᠠᠳᠠᠨ᠎ᠠ ᠠᠴᠠ ᠢᠷᠡᠭᠰᠡᠨ ᠪᠡᠯᠡ ᠣᠷᠣᠭᠤᠯᠤᠭᠴᠢᠳ ᠲᠤ ᠪᠦᠬᠦ ᠶᠠᠪᠤᠴᠠ ᠵᠢᠴᠢ ᠪᠦᠬᠦ ᠲᠠᠯ᠎ᠠ ᠶᠢᠨ ᠵᠣᠬᠢᠴᠠᠭᠤᠯᠬᠤ ᠦᠢᠯᠡᠴᠢᠯᠡᠭᠡ ᠬᠠᠩᠭᠠᠬᠤ ᠶᠢ ᠬᠠᠷᠢᠭᠤᠴᠠᠵᠤ᠂ ᠭᠠᠳᠠᠨ᠎ᠠ ᠠᠴᠠ ᠢᠷᠡᠭᠰᠡᠨ ᠪᠡᠯᠡ ᠣᠷᠣᠭᠤᠯᠤᠭᠴᠢᠳ  ᠢ ᠬᠠᠪᠰᠤᠷᠤᠨ ᠬᠠᠤᠯᠢ ᠶᠣᠰᠣᠨ ᠤ ᠡᠷᠬᠡ ᠠᠰᠢᠭ ᠢ ᠨᠢ ᠬᠠᠤᠯᠢ ᠶᠣᠰᠣᠭᠠᠷ ᠬᠠᠮᠠᠭᠠᠯᠠᠨ᠎ᠠ︔      8 . ᠪᠦᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠤᠭ᠎ᠠ ᠪᠦᠷᠢᠳᠬᠡᠯ ᠤᠨ ᠬᠢᠨᠠᠨ ᠰᠢᠯᠭᠠᠬᠤ ᠵᠡᠷᠭᠡ ᠠᠵᠢᠯ ᠳᠤ ᠲᠤᠰᠠᠯᠠᠬᠤ ᠠᠵᠢᠯ ᠬᠠᠩᠭᠠᠨ᠎ᠠ︔      9 . ᠪᠦᠬᠦ ᠣᠷᠣᠨ ᠤ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠤᠬᠠᠭᠤᠯᠤᠨ ᠲᠠᠨᠢᠯᠴᠠᠭᠤᠯᠬᠤ ᠪᠠ ᠰᠢᠮᠳᠠᠭᠤᠯᠤᠨ ᠲᠡᠭᠦᠯᠳᠡᠷᠵᠢᠭᠦᠯᠬᠦ ᠡᠭᠦᠷᠭᠡ ᠬᠠᠷᠢᠭᠤᠴᠠᠯᠭ᠎ᠠ ᠶᠢᠨ ᠠᠵᠢᠯ︔      10 . ᠪᠦᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠶᠢ ᠳᠠᠭᠠᠭᠠᠨ ᠠᠪᠤᠨ᠎ᠠ︔      11 . ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠵᠢᠴᠢ ᠡᠳᠦᠷ ᠲᠤᠲᠤᠮ ᠤᠨ ᠠᠵᠢᠯᠯᠠᠭᠠᠨ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ︔      12 . ᠪᠦᠬᠦ ᠣᠷᠣᠨ ᠤ ᠮᠡᠷᠭᠡᠵᠢᠯ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ ᠵᠢᠴᠢ ᠠᠵᠢᠯᠯᠠᠭᠠᠨ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ︔      13 . ᠪᠦᠬᠦ ᠣᠷᠣᠨ ᠤ ᠲᠣᠮᠣ ᠬᠡᠯᠪᠡᠷᠢ ᠶᠢᠨ ᠰᠢᠨᠵᠢᠯᠡᠬᠦ ᠤᠬᠠᠭᠠᠨ ᠤ ᠬᠡᠮᠵᠢᠭᠦᠷᠯᠢᠭ ᠢ ᠬᠠᠮᠲᠤᠪᠠᠷ ᠡᠳᠯᠡᠬᠦ ᠲᠠᠪᠴᠠᠩ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠳ᠋᠊ ᠠᠶᠢᠲ ᠠ ᠬᠥᠮᠥᠷᠭᠡ ᠶᠢᠨ ᠪᠠᠶᠢᠭᠤᠯᠤᠯᠲᠠ ᠵᠢᠴᠢ ᠡᠳᠦᠷ ᠲᠤᠲᠤᠮ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠨ᠎ᠠ︔      14 . ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ᠂ ᠮᠡᠷᠭᠡᠵᠢᠯ ᠤᠨ ᠵᠠᠬ᠎ᠠ ᠳᠡᠯᠭᠡᠭᠦᠷ ᠢ ᠪᠦᠷᠢᠳᠬᠡᠬᠦ ᠵᠡᠷᠭᠡ ᠠᠵᠢᠯ ᠢ ᠳᠠᠭᠠᠭᠠᠨ ᠭᠦᠢᠴᠡᠳᠬᠡᠨ᠎ᠡ︔      15 . ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢ ᠤᠬᠠᠭᠤᠯᠤᠨ ᠮᠡᠳᠡᠭᠡᠯᠡᠬᠦ ᠠᠵᠢᠯ ᠢ ᠬᠠᠮᠵᠢᠨ ᠥᠷᠨᠢᠭᠦᠯᠦᠨ᠎ᠡ︔       16 . ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠶᠯᠭᠡᠭᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ᠂ ᠵᠠᠰᠠᠭ ᠤᠨ ᠶᠠᠪᠤᠳᠠᠯ ᠤᠨ ᠦᠶᠯᠡᠴᠢᠯᠡᠭᠡ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠭᠤᠶᠤᠴᠢᠯᠠᠨ ᠮᠡᠳᠡᠭᠦᠯᠬᠦ ᠵᠡᠷᠭᠡ ᠦᠶᠯᠡᠴᠢᠯᠡᠭᠡᠨ ᠤ ᠠᠵᠢᠯ ᠢ ᠬᠠᠮᠵᠢᠯᠴᠠᠨ ᠰᠠᠶᠢᠲᠤᠷ ᠬᠢᠨ᠎ᠠ︔       17 . ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠮᠵᠢᠯᠴᠠᠨ ᠥᠷᠨᠢᠭᠦᠯᠦᠨ᠎ᠡ︔       18 . ᠪᠠᠶᠢᠩᠭᠤ ᠶᠢᠨ ᠴᠢᠨᠠᠷᠲᠠᠶ᠂ ᠲᠦᠷ ᠴᠠᠭ ᠤᠨ ᠴᠢᠨᠠᠷᠲᠠᠶ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯᠯᠠᠭ᠎ᠠ ᠪᠣᠯᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠦᠵᠡᠭᠦᠯᠦᠯᠭᠡ ᠡᠷᠬᠢᠯᠡᠬᠦ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠬᠠᠮᠢᠶ᠎ᠠ ᠪᠦᠬᠦᠢ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠶ︔       19 . ᠵᠠᠯᠠᠭᠤᠴᠤᠳ ᠪᠠᠭᠠᠴᠤᠳ᠂ ᠣᠯᠠᠨ ᠨᠡᠶᠢᠲᠡ ᠳᠤ ᠬᠠᠨᠳᠤᠭᠤᠯᠤᠨ ᠰᠢᠨᠵᠢᠯᠡᠬᠦ ᠤᠬᠠᠭᠠᠨ ᠤ ᠲᠤᠷᠰᠢᠯᠲᠠ ᠪᠠ ᠤᠷᠤᠯᠳᠤᠭᠠᠨ ᠵᠡᠷᠭᠡ ᠦᠶᠯᠡᠳᠦᠯᠭᠡ ᠶᠢᠨ ᠠᠵᠢᠯᠯᠠᠭ᠎ᠠ ᠡᠷᠭᠢᠯᠡᠨ᠎ᠡ︔       20 . ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠡᠭᠡᠭᠡᠨ ᠠᠰᠢᠭᠯᠠᠵᠤ᠂ 《 ᠣᠷᠳᠣᠨ ᠪᠠ ᠰᠤᠷᠭᠠᠭᠤᠯᠢ ᠶᠢ ᠤᠶᠠᠯᠳᠤᠭᠤᠯᠬᠤ 》 ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠰᠢᠨ᠎ᠡ ᠵᠠᠭᠪᠤᠷ ᠢ ᠪᠣᠶ ᠪᠣᠯᠭᠠᠨ᠎ᠠ︔  ,    21 . ᠬᠠᠮᠢᠶ᠎ᠠ ᠪᠦᠬᠦᠢ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠬᠠᠪᠰᠤᠷᠤᠨ ᠵᠢᠯᠣᠭᠤᠳᠣᠭᠴᠢ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠠᠵᠢᠯᠯᠠᠭᠰᠠᠳ ᠤᠨ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠬᠦ ᠬᠡᠷᠡᠭᠲᠡᠶ︔       22 . ᠪᠠᠶᠢᠩᠭᠤ ᠶᠢᠨ ᠴᠢᠨᠠᠷᠲᠠᠶ᠂ ᠣᠯᠠᠨ ᠲᠦᠮᠡᠨᠴᠢ ᠴᠢᠨᠠᠷᠲᠠᠶ᠂ ᠨᠡᠶᠢᠭᠡᠮ ᠤᠨ ᠴᠢᠨᠠᠷᠲᠠᠶ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠢ ᠥᠷᠨᠢᠭᠦᠯᠵᠦ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠂ ᠰᠢᠨᠵᠢᠯᠡᠬᠦ ᠤᠬᠠᠭᠠᠨ ᠤ ᠦᠵᠡᠯ ᠰᠠᠨᠠᠭ᠎ᠠ ᠪᠣᠯᠤᠨ ᠰᠢᠨᠵᠢᠯᠡᠬᠦ ᠤᠬᠠᠭᠠᠨ ᠤ ᠠᠷᠭ᠎ᠠ ᠶᠢ ᠤᠯᠠᠮᠵᠢᠯᠠᠵᠤ᠂ ᠬᠡᠷᠡᠭᠯᠡᠭᠡᠨ ᠤ ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ᠎ᠡ︔       23 . ᠬᠠᠷᠢᠶ᠎ᠠ ᠪᠦᠬᠦᠢ ᠨᠡᠶᠢᠭᠡᠮᠯᠢᠭ ᠬᠢᠭᠡᠳ ᠠᠵᠤ ᠠᠬᠤᠶᠢᠯᠠᠯ ᠤᠨ ᠬᠠᠮᠵᠢᠯᠴᠠᠭ᠎ᠠ ᠶᠢ ᠠᠬᠢᠭᠤᠯᠵᠤ᠂ ᠠᠵᠤ ᠠᠬᠤᠶᠢᠯᠠᠯ᠂ ᠠᠵᠢᠯ ᠦᠶᠯᠡᠰ ᠤᠨ ᠨᠢᠭᠡᠴᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠦᠶᠯᠡᠳᠦᠯ ᠢ ᠭᠦᠶᠴᠡᠳ ᠪᠠᠳᠠᠷᠠᠭᠤᠯᠤᠨ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠠ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠶ︔       24 . ᠨᠠᠶᠢᠳᠠᠯᠭ᠎ᠠ ᠶᠢ ᠬᠦᠯᠢᠶᠡᠨ ᠲᠤᠰᠬᠠᠶ ᠵᠦᠢᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠦᠨᠡᠯᠡᠨ ᠵᠢᠱᠢᠬᠦ᠂ ᠨᠤᠲᠠᠯᠠᠬᠤ᠂ ᠬᠢᠨᠠᠨ ᠲᠣᠭᠲᠠᠭᠠᠬᠤ ᠶᠢ ᠡᠭᠦᠷᠭᠡᠯᠡᠨ᠎ᠡ︔       25 . ᠬᠢᠯᠢ ᠶᠢᠨ ᠳᠣᠲᠣᠷ᠎ᠠ ᠭᠠᠳᠠᠨᠠᠬᠢ ᠠᠷᠠᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ ᠬᠢᠭᠡᠳ ᠰᠣᠯᠢᠯᠴᠠᠭ᠎ᠠ ᠶᠢ ᠬᠠᠤᠯᠢ ᠶᠣᠰᠣᠭᠠᠷ ᠥᠷᠨᠢᠭᠦᠯᠵᠦ᠂ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ  ᠤᠨ ᠵᠣᠬᠢᠶᠠᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠬᠦᠮ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠡᠲᠡᠭᠡᠳ ᠤᠨ ᠬᠥᠮᠦᠰ ᠯᠦᠭᠡ ᠶᠢᠨ ᠨᠥᠬᠦᠷᠰᠡᠭ ᠢᠶᠠᠷ ᠣᠷᠣᠰᠢᠨ ᠰᠠᠭᠤᠬᠤ ᠶᠢ ᠴᠢᠩᠭᠠᠳᠬᠠᠨ᠎ᠠ︔       26 . ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠳᠠᠨ ᠤ ᠰᠠᠨᠠᠯ ᠪᠠ ᠰᠠᠨᠠᠭᠤᠯᠭ᠎ᠠ ᠶᠢ ᠲᠤᠰᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠳᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠲᠤ ᠦᠷᠭᠦᠯᠵᠢᠯᠡᠭᠰᠡᠨ ᠬᠥᠮᠦᠵᠢᠯ ᠪᠠ ᠪᠣᠯᠪᠠᠰᠤᠷᠠᠭᠤᠯᠤᠯ ᠢ ᠥᠷᠨᠢᠭᠦᠯᠬᠦ ᠬᠡᠷᠡᠭᠲᠡᠶ︔ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠵᠢᠯ ᠤᠨ ᠳᠤᠮᠳᠠ ᠰᠢᠯᠢᠳᠡᠭ ᠠᠮᠵᠢᠯᠲᠠ ᠪᠦᠲᠦᠮᠵᠢ ᠣᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠲᠡᠷᠢᠭᠦᠨ ᠤ ᠪᠦᠯᠬᠦᠮ ᠪᠠ ᠬᠤᠪᠢ ᠬᠥᠮᠦᠨ  ᠢ ᠬᠥᠬᠢᠭᠦᠯᠦᠨ ᠱᠠᠩᠨᠠᠨ᠎ᠠ︔       27 . ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠥᠯᠥᠭᠡᠯᠡᠭᠴᠢᠳ ᠤᠨ ᠶᠡᠭᠡ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠠᠷᠢᠶ᠎ᠠ ᠪᠦᠬᠦᠢ ᠪᠦᠬᠦ ᠣᠷᠣᠨ ᠤ ᠴᠢᠨᠠᠷᠲᠠᠶ ᠨᠡᠶᠢᠭᠡᠮᠯᠢᠭ ᠢ ᠵᠣᠬᠢᠴᠠᠭᠤᠯᠤᠨ᠂ ᠮᠠᠨ ᠤ ᠣᠷᠣᠨ ᠤ ᠡᠯ᠎ᠡ ᠰᠠᠯᠠᠭ᠎ᠠ ᠮᠥᠴᠢᠷ ᠪᠣᠯᠤᠨ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠢ ᠵᠢᠯᠣᠭᠤᠳᠤᠨ ᠵᠣᠬᠢᠴᠠᠭᠤᠯᠤᠨ᠎ᠠ︔        28 . ᠲᠣᠪᠴᠢᠶ᠎ᠠ ᠶᠢᠨ ᠪᠠᠶᠢᠭᠤᠯᠭ᠎ᠠ ᠶᠢ ᠬᠠᠮᠵᠢᠨ ᠪᠥᠬᠦ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠤᠷᠲᠤᠪᠲᠤᠷ ᠪᠠ ᠣᠷᠳᠣ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠬᠡᠷᠡᠭᠵᠢᠭᠦᠯᠦᠨ᠎ᠡ︔        29᠂ ᠲᠣᠪᠴᠢᠶ᠎ᠠ ᠶᠢᠨ ᠪᠠᠶᠢᠭᠤᠯᠭ᠎ᠠ ᠶᠢᠨ ᠬᠤᠳᠠᠯᠳᠤᠭᠠᠨ ᠤ ᠶᠠᠪᠤᠳᠠᠯ ᠤᠨ ᠲᠣᠮᠣ ᠳ᠋ᠠᠶᠢᠲ᠋ᠠ ᠶᠢᠨ ᠴᠤᠭᠯᠠᠷᠠᠯ ᠪᠠ ᠮᠡᠳᠡᠭᠡ ᠵᠠᠩᠭᠢ ᠨᠡᠶᠢᠲᠡᠯᠡᠬᠦ ᠲᠠᠢ ᠬᠠᠮᠵᠢᠯᠴᠠᠨ᠂ ᠲᠣᠪᠴᠢᠶ᠎ᠠ ᠶᠢᠨ ᠪᠠᠶᠢᠭᠤᠯᠭ᠎ᠠ ᠶᠢ ᠬᠠᠮᠵᠢᠨ ᠫᠤᠷᠲ᠋ᠧᠯ ᠰᠦᠯᠵᠢᠶ᠎ᠡ᠂ ᠡᠯᠧᠺᠲᠷᠣᠨ ᠵᠠᠰᠠᠭ ᠤᠨ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠠᠵᠢᠯ ᠢ ᠰᠠᠶᠢᠲᠤᠷ ᠬᠢᠨ᠎ᠠ︔       30 . ᠪᠦᠬᠦ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠬᠤᠲᠠ᠂ ᠰᠠᠭᠤᠷᠢᠨ ᠭᠠᠵᠠᠷ᠂ ᠠᠵᠤ ᠠᠬᠤᠶᠢᠯᠠᠯ ᠤᠨ ᠪᠣᠳᠠᠲᠠᠶ ᠵᠣᠬᠢᠶᠠᠨ ᠪᠠᠶᠢᠭᠤᠯᠤᠯᠲᠠ ᠪᠠ ᠮᠡᠳᠡᠭᠦᠯᠬᠦ ᠠᠵᠢᠯ ᠢ ᠬᠠᠷᠢᠭᠤᠴᠠᠨ᠎ᠠ︔       31 . ᠤᠯᠤᠰ ᠤᠨ ᠳᠣᠲᠣᠭᠠᠳᠤ ᠭᠠᠳᠠᠭᠠᠳᠤ ᠶᠢᠨ ᠨᠡᠷᠡᠲᠦ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠨ ᠣᠷᠣᠭᠤᠯᠤᠨ ᠠᠪᠴᠢᠷᠠᠬᠤ ᠪᠠ ᠲᠤᠰ ᠭᠠᠵᠠᠷ ᠤᠨ ᠡᠯᠧᠺᠲᠷᠣᠨ ᠬᠤᠳᠠᠯᠳᠤᠭᠠᠨ ᠤ ᠶᠠᠪᠤᠳᠠᠯ  ᠤᠨ ᠠᠵᠤ ᠠᠬᠤᠶᠢᠯᠠᠯ ᠢ ᠪᠣᠶᠢᠵᠢᠭᠤᠯᠬᠤ ᠠᠵᠢᠯ ᠢ ᠬᠠᠷᠢᠭᠤᠴᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡᠨ ᠤ ᠴᠢᠳᠠᠪᠤᠷᠢᠲᠠᠨ ᠢ ᠬᠥᠮᠦᠵᠢᠭᠦᠯᠦᠨ ᠣᠷᠣᠭᠤᠯᠤᠨ ᠠᠪᠴᠢᠷᠠᠨ᠎ᠠ︔       32 . ᠪᠦᠬᠦ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠮᠡᠳᠡᠭᠡ ᠵᠠᠩᠭᠢ ᠴᠤᠭᠯᠠᠭᠤᠯᠬᠤ᠂ ᠬᠢᠨᠠᠨ ᠬᠡᠮᠵᠢᠵᠦ ᠪᠦᠷᠢᠳᠬᠡᠬᠦ ᠪᠠ ᠬᠤᠷᠢᠶᠠᠩᠭᠤᠶᠢᠯᠠᠨ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠨ᠎ᠠ︔      33 . ᠪᠦᠬᠦ ᠣᠷᠣᠨ ᠤ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠬᠢᠭᠡᠳ ᠪᠣᠳᠠᠲᠤ ᠴᠣᠭᠴᠠᠲᠤ ᠠᠷᠠᠯᠵᠢᠶ᠎ᠠ ᠬᠤᠳᠠᠯᠳᠤᠭ᠎ᠠ ᠶᠢᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠶᠢ ᠬᠠᠷᠢᠭᠤᠴᠠᠨ᠎ᠠ︔      34 . ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠤᠭᠰᠠᠨ ᠦᠢᠯᠡ ᠠᠵᠢᠯᠯᠠᠭ᠎ᠠ ᠶᠢᠨ ᠲᠤᠬᠠᠶ ᠨᠡᠶᠢᠭᠡᠮ ᠨᠡᠶᠢᠲᠡ ᠶᠢᠨ ᠢᠯᠡᠴᠢᠯᠡᠨ ᠮᠡᠳᠡᠭᠦᠯᠦᠭᠰᠡᠨ ᠵᠠᠭᠠᠯᠳᠤᠯᠭ᠎ᠠ ᠵᠢᠴᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠶᠢ ᠬᠦᠯᠢᠶᠡᠨ ᠠᠪᠬᠤ ᠶᠢᠨ ᠬᠠᠮᠲᠤ ᠳᠠᠩᠰᠠᠯᠠᠨ ᠲᠡᠮᠳᠡᠭᠯᠡᠬᠦ᠂ ᠰᠠᠯᠭᠠᠨ ᠭᠠᠷᠭᠠᠬᠤ᠂ ᠳᠠᠮᠵᠢᠭᠤᠯᠤᠨ ᠲᠤᠰᠢᠶᠠᠬᠤ᠂ ᠭᠦᠢᠴᠡᠳᠬᠡᠬᠦ᠂ ᠬᠠᠷᠢᠭᠤ ᠲᠤᠰᠬᠠᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ︔      35 . ᠣᠷᠣᠨ ᠤ ᠬᠤᠳᠠᠯᠳᠤᠭᠠᠨ ᠤ ᠶᠠᠪᠤᠳᠠᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ  ᠃     ( ᠬᠤᠶᠠᠷ ) ᠣᠷᠣᠨ ᠲᠤᠭ᠎ᠠ ᠪᠠ ᠲᠤᠰᠢᠶᠠᠯ ᠤᠨ ᠲᠤᠭ᠎ᠠ      ᠠᠵᠢᠯ ᠦᠢᠯᠡᠰ ᠤᠨ ᠣᠷᠣᠨ ᠲᠤᠭ᠎ᠠ ᠶᠢ 10 ᠨᠡᠷᠡᠰ ᠬᠢᠨᠠᠨ ᠲᠣᠭᠲᠠᠭᠠᠵᠤ᠂ ᠡᠭᠦᠨ ᠳᠤ᠄ ᠬᠠᠮᠢᠶᠠᠷᠤᠯᠲᠠ  ᠶᠢᠨ ᠠᠵᠢᠯᠲᠠᠨ ᠤ ᠣᠷᠣᠨ ᠲᠤᠭ᠎ᠠ 4 ᠨᠡᠷᠡᠰ᠂ ᠲᠤᠰᠬᠠᠶ ᠮᠡᠷᠭᠡᠵᠢᠯ ᠤᠨ ᠠᠵᠢᠯᠲᠠᠨ ᠤ ᠣᠷᠣᠨ ᠲᠤᠭ᠎ᠠ 6 ᠨᠡᠷᠡᠰ  ᠃ ᠡᠷᠬᠢᠯᠡᠭᠴᠢ 1 ᠬᠥᠮᠦᠨ ( ᠰᠲ᠋ᠣᠺ ᠤᠨ ᠳᠡᠰ ) ᠭᠠᠷᠭᠠᠨ᠎ᠠ  ᠃      ᠠᠵᠢᠯᠯᠠᠬᠤ ᠭᠠᠵᠠᠷ᠄ ᠥᠪᠥᠷ ᠮᠣᠩᠭᠤᠯ ᠤᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠰᠢᠭᠤᠶᠢᠲᠤ ᠰᠢᠨ᠎ᠡ ᠲᠣᠭᠤᠷᠢᠭ ᠤᠨ ᠶᠢᠨ ᠵᠧᠩ ᠲᠣᠮᠣ ᠠᠰᠠᠷ ᠤᠨ A ᠠᠰᠠᠷ 504      ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠡᠮᠦᠨ᠎ᠡ 9  ᠴᠠᠭ  
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号