ᠨᠢᠭᠡ᠂ ᠰᠠᠯᠠᠭ᠎ᠠ ᠮᠥᠴᠢᠷ ᠤᠨ ᠡᠭᠦᠷᠭᠡ | ( ᠨᠢᠭᠡ ) ᠰᠢᠭᠤᠶᠢᠲᠤ ᠣᠷᠣᠨ ᠤ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡ᠂ | ᠡᠯᠧᠺᠲᠷᠣᠨ ᠵᠠᠰᠠᠭ ᠤᠨ ᠶᠠᠪᠤᠳᠠᠯ ᠵᠢᠴᠢ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠬᠠᠷᠢᠭᠤᠴᠠᠨ᠎ᠠ ᠃ | ᠬᠠᠮᠢᠶ᠎ᠠ ᠪᠦᠬᠦᠢ ᠠᠵᠢᠯ ᠤᠨ ᠲᠥᠯᠥᠪᠯᠡᠭᠡ᠂ ᠪᠠᠷᠢᠮᠵᠢᠶ᠎ᠠ ᠵᠢᠷᠤᠮᠵᠢᠯ᠂ ᠲᠥᠬᠦᠷ ᠳᠦᠷᠢᠮ ᠢ ᠲᠤᠭᠤᠷᠪᠢᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ | ( ᠬᠤᠶᠠᠷ ) ᠪᠦᠬᠦ ᠣᠷᠣᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠴᠢᠬᠤᠯᠠ ᠶᠡᠭᠡ | ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠦᠬᠦᠢ ᠠᠵᠢᠯ ᠤᠨ ᠰᠠᠨᠠᠭᠤᠯᠭ᠎ᠠ ᠳᠤᠷᠠᠳᠤᠨ᠎ᠠ ᠃ | ( ᠭᠤᠷᠪᠠ ) ᠪᠥᠬᠦ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠢ ᠵᠢᠯᠣᠭᠤᠳᠤᠨ᠎ᠠ ᠃ | ᠪᠥᠬᠦ ᠣᠷᠣᠨ ᠤ ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠵᠦᠶᠯᠡᠰ ᠤᠨ | ᠪᠠᠷᠢᠮᠵᠢᠶᠠᠵᠢᠭᠤᠯᠬᠤ᠂ ᠵᠢᠷᠤᠮᠵᠢᠭᠤᠯᠤᠨ ᠪᠠᠶᠢᠭᠤᠯᠬᠤ ᠵᠢᠴᠢ ᠬᠡᠷᠡᠭᠯᠡᠬᠦ ᠠᠵᠢᠯ ᠢ ᠬᠠᠷᠢᠭᠤᠴᠠᠵᠤ᠂ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠦᠨ ᠴᠣᠮᠬᠠᠳᠬᠠᠵᠤ᠂ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠨᠢᠭᠡᠳᠦᠯᠲᠡᠶ ᠰᠢᠰᠲ᠋ᠧᠮᠵᠢ ᠶᠢ ᠪᠠᠶᠢᠭᠤᠯᠤᠨ᠎ᠠ ᠃ | ( ᠳᠥᠷᠪᠡ ) ᠪᠥᠬᠦ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮ ᠤᠨ ᠡᠯᠧᠺᠲᠷᠣᠨ | ᠵᠠᠰᠠᠭ ᠤᠨ ᠶᠠᠪᠤᠳᠠᠯ ᠤᠨ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠤᠨ᠎ᠠ ᠃ ᠡᠯ᠎ᠡ ᠰᠠᠯᠠᠭ᠎ᠠ ᠮᠥᠴᠢᠷ ᠢ | ᠵᠣᠬᠢᠴᠠᠭᠤᠯᠵᠤ ᠪᠠᠶᠢᠭᠠᠳ ᠰᠢᠭᠤᠶᠢᠲᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠵᠠᠰᠠᠭ | ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠠᠭᠤᠯᠭ᠎ᠠ ᠶᠢᠨ | ᠪᠠᠶᠢᠭᠤᠯᠤᠯᠲᠠ ᠳᠤ ᠣᠷᠣᠯᠴᠠᠭᠤᠯᠤᠨ᠎ᠠ ᠃ | (ᠲᠠᠪᠤ )ᠪᠦᠬᠦ ᠣᠷᠣᠨ ᠤ ᠲᠤᠰ ᠱᠠᠲᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠨ᠎ᠠ ᠃ ᠡᠯ᠎ᠡ ᠰᠠᠯᠠᠭ᠎ᠠ ᠮᠥᠴᠢᠷ ᠤᠳ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ | ᠵᠢᠯᠣᠭᠤᠳᠤᠨ᠂ ᠵᠣᠬᠢᠴᠠᠭᠤᠯᠵᠤ᠂ ᠬᠢᠨᠠᠯᠲᠠ ᠲᠠᠯᠪᠢᠨ᠎ᠠ ᠃ | ( ᠵᠢᠷᠭᠤᠭ᠎ᠠ ) ᠪᠥᠬᠦ ᠣᠷᠣᠨ ᠤ ᠲᠣᠰ ᠱᠠᠲᠤᠨ ᠤ ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠲᠢᠩᠬᠢᠮ | ᠤᠨ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ᠎ᠠ ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ | ᠭᠦᠶᠴᠡᠳᠬᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠬᠢᠨᠠᠨ ᠬᠠᠮᠢᠶᠠᠷᠤᠨ᠎ᠠ ᠃ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠶᠠᠰᠤ ᠴᠢᠨᠠᠷ ᠢ ᠦᠨᠡᠯᠡᠨ ᠵᠢᠱᠢᠬᠦ ᠠᠵᠢᠯ ᠥᠷᠨᠢᠭᠦᠯᠬᠦ ᠶᠢ ᠬᠠᠷᠢᠭᠤᠴᠠᠨ᠎ᠠ ᠃ | ( ᠳᠣᠯᠤᠭ᠎ᠠ ) ᠪᠥᠬᠦ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡ᠂ ᠡᠯᠧᠺᠲᠷᠣᠨ ᠵᠠᠰᠠᠭ ᠤᠨ | ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ | ᠶᠢᠨ ᠬᠤᠯᠪᠣᠭᠳᠠᠯ ᠪᠦᠬᠦᠢ ᠯᠠᠪᠯᠠᠯᠭ᠎ᠠ᠂ ᠵᠠᠭᠠᠯᠳᠤᠯᠭ᠎ᠠ᠂ ᠰᠠᠨᠠᠭᠤᠯᠭ᠎ᠠ ᠶᠢ ᠬᠦᠯᠢᠶᠡᠨ ᠠᠪᠴᠤ ᠰᠢᠶᠳᠪᠦᠷᠢᠯᠡᠨ᠎ᠡ ᠃ | ( ᠨᠠᠶᠮᠠ ) ᠪᠥᠬᠦ ᠣᠷᠣᠨ ᠤ 《 ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ 》 ᠶᠢᠨ | ᠵᠣᠬᠢᠶᠠᠨ ᠪᠠᠶᠢᠭᠤᠯᠵᠤ ᠬᠠᠮᠢᠶᠠᠷᠬᠤ ᠠᠵᠢᠯ ᠢ ᠬᠠᠷᠢᠭᠤᠴᠠᠨ᠂ 《 ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ | 》 ᠶᠢᠨ ᠬᠡᠷᠡᠭᠯᠡᠯᠲᠡ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠡᠯᠧᠺᠲᠷᠣᠨ ᠬᠢᠨᠠᠨ | ᠪᠠᠶᠢᠴᠠᠭᠠᠯᠲᠠ ᠶᠢ ᠬᠡᠷᠡᠭᠵᠢᠭᠦᠯᠦᠨ᠎ᠡ ᠃ | ( ᠶᠢᠰᠦ ) ᠰᠢᠭᠤᠶᠢᠲᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ ᠃ | ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠣᠣᠷᠠᠬᠢ | ᠳᠣᠲᠣᠭᠠᠳᠤ ᠪᠠᠶᠢᠭᠤᠯᠤᠮᠵᠢ ᠨᠤᠭᠤᠳ ᠢ ᠪᠠᠶᠢᠷᠢᠯᠠᠭᠤᠯᠵᠠᠶ᠄ ᠃( ᠨᠢᠭᠡ ) ᠶᠡᠷᠦᠩᠬᠡᠢ ᠬᠤᠪᠢ ᠣᠷᠣᠭᠤᠯᠤᠯᠲᠠ ᠃ | ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ ᠃ | ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠵᠣᠬᠢᠶᠠᠨ ᠪᠠᠶᠢᠭᠤᠯᠤᠨ ᠲᠣᠭᠲᠠᠭᠠᠨ᠎ᠠ ᠃ | ᠬᠤᠯᠪᠣᠭᠳᠠᠯ ᠪᠦᠬᠦᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠦᠷᠢᠮ ᠲᠣᠭᠲᠠᠭᠠᠯ ᠤᠨ ᠲᠥᠰᠦᠯ ᠢ | ᠲᠤᠭᠤᠷᠪᠢᠨ ᠪᠢᠴᠢᠨ᠎ᠡ ᠃ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ | ᠶᠢᠨ ᠤᠬᠠᠭᠤᠯᠭ᠎ᠠ ᠵᠢᠴᠢ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢᠨ ᠠᠵᠢᠯ ᠳᠤ ᠣᠷᠣᠯᠴᠠᠨ᠎ᠠ | ᠃ ᠪᠥᠬᠦ ᠣᠷᠣᠨ ᠤ ᠲᠣᠰ ᠱᠠᠲᠤᠨ ᠤ ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠲᠢᠩᠬᠢᠮ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ ᠪᠦᠬᠦ ᠣᠷᠣᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠬᠤᠪᠢᠷᠠᠭᠤᠯᠬᠤ ᠪᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠲᠦᠯᠬᠢᠨ | ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ | ᠡᠭᠦᠷᠭᠡᠯᠡᠨ᠎ᠡ ᠃ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢᠨ ᠠᠵᠢᠯ ᠢ ᠵᠢᠯᠣᠭᠤᠳᠤᠨ᠂ ᠵᠣᠬᠢᠴᠠᠭᠤᠯᠵᠤ᠂ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠷᠠᠳ | ᠲᠤ ᠳᠥᠭᠦᠮ ᠦᠵᠡᠭᠦᠯᠬᠦ ᠶᠢ ᠲᠦᠯᠬᠢᠨ ᠠᠬᠢᠭᠤᠯᠤᠨ᠎ᠠ ᠃ ᠰᠠᠭᠤᠷᠢ ᠨᠠᠷᠢᠨ ᠬᠠᠭᠤᠳᠠᠰᠤ ᠶᠢᠨ ᠲᠦᠷᠢᠮ ᠤᠨ | ᠪᠠᠶᠢᠭᠤᠯᠤᠯᠲᠠ ᠪᠠ ᠪᠠᠷᠢᠮᠵᠢᠶᠠᠵᠢᠭᠤᠯᠬᠤ ᠠᠵᠢᠯ ᠢ ᠵᠣᠬᠢᠴᠠᠭᠤᠯᠤᠨ ᠠᠬᠢᠭᠤᠯᠤᠨ᠎ᠠ ᠃ | ᠠᠵᠢᠯᠯᠠᠬᠤ ᠭᠠᠵᠠᠷ᠄ ᠥᠪᠥᠷ ᠮᠣᠩᠭᠤᠯ ᠤᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠰᠢᠭᠤᠶᠢᠲᠤ | ᠰᠢᠨ᠎ᠡ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ 211 | ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ᠄ 9᠄ 0012 . 00 ᠦᠳᠡ ᠶᠢᠨ ᠬᠤᠶᠢᠨ᠎ᠠ᠄ | 14᠄ 0017᠄ 30 | ᠬᠠᠷᠢᠯᠴᠠᠬᠤ ᠬᠡᠯᠪᠡᠷᠢ᠄ 0472 - 2730828 | ᠬᠠᠷᠢᠭᠤᠴᠠᠯᠭᠠᠲᠠᠨ᠄ ᠸᠠᠩ ᠱᠤ᠋ ᠵᠢᠤᠸᠠᠨ ᠃ | ( ᠬᠤᠶᠠᠷ ) ᠡᠯᠧᠺᠲᠷᠣᠨ ᠵᠠᠰᠠᠭ ᠤᠨ ᠶᠠᠪᠤᠳᠠᠯ ᠬᠢᠭᠡᠳ ᠬᠦᠴᠦᠨ ᠴᠢᠳᠠᠪᠤᠷᠢ ᠶᠢ ᠬᠢᠨᠠᠨ ᠪᠠᠶᠢᠴᠠᠭᠠᠬᠤ | ᠲᠠᠰᠤᠭ ᠃ ᠪᠦᠬᠦ ᠣᠷᠣᠨ ᠤ ᠵᠠᠰᠠᠭ ᠤᠨ ᠣᠷᠳᠣᠨ ᠤ ᠰᠢᠰᠲ ᠧᠮ ᠤᠨ ᠡᠯᠧᠺᠲ ᠷᠣᠨ ᠵᠠᠰᠠᠭ ᠤᠨ ᠶᠠᠪᠤᠳᠠᠯ ᠤᠨ | ᠲᠥᠯᠥᠪᠵᠢᠭᠦᠯᠭᠡ ᠶᠢ ᠵᠢᠯᠣᠭᠤᠳᠬᠤ᠂ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠢᠨᠠᠯᠲᠠ ᠲᠠᠯᠪᠢᠵᠤ ᠪᠠᠶᠢᠴᠠᠭᠠᠬᠤ | ᠵᠡᠷᠭᠡ ᠠᠵᠢᠯ ᠢ ᠬᠠᠷᠢᠭᠤᠴᠠᠨ᠎ᠠ ᠃ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠫᠤᠷᠲ᠋ᠧᠯ | ᠰᠦᠯᠵᠢᠶᠡᠨ ᠤ ᠠᠭᠤᠯᠭ᠎ᠠ ᠶᠢᠨ ᠪᠠᠲᠤᠯᠠᠭ᠎ᠠ ᠶᠢᠨ ᠠᠵᠢᠯ ᠢ ᠵᠣᠬᠢᠴᠠᠭᠤᠯᠤᠨ᠎ᠠ ᠃ ᠪᠥᠬᠦ ᠣᠷᠣᠨ ᠤ ᠲᠣᠰ ᠱᠠᠲᠤᠨ ᠤ | 《 ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ 》 ᠶᠢᠨ ᠲᠠᠪᠴᠠᠩ ᠤᠨ ᠬᠡᠷᠡᠭᠯᠡᠯᠲᠡ ᠶᠢ | ᠠᠬᠢᠭᠤᠯᠬᠤ ᠠᠵᠢᠯ ᠢ ᠬᠠᠷᠢᠭᠤᠴᠠᠵᠤ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠨᠢᠭᠡ | ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠦᠶᠯᠡᠴᠢᠯᠡᠭᠡ ᠶᠢ ᠠᠬᠢᠭᠤᠯᠤᠨ᠎ᠠ ᠃ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠭᠤᠶᠤᠴᠢᠯᠠᠯ ᠶᠣᠰᠣᠭᠠᠷ ᠢᠯᠡ ᠪᠣᠯᠭᠠᠬᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ | ᠵᠡᠷᠭᠡ ᠠᠵᠢᠯ ᠢ ᠬᠠᠷᠢᠭᠤᠴᠠᠨ᠎ᠠ ᠃ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠵᠢᠴᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠵᠢᠯᠣᠭᠤᠳᠴᠤ᠂ ᠵᠣᠬᠢᠴᠠᠭᠤᠯᠬᠤ ᠪᠠ ᠬᠢᠨᠠᠯᠲᠠ | ᠲᠠᠯᠪᠢᠨ᠎ᠠ ᠃ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠣᠯᠭᠠᠬᠤ | ᠂ ᠡᠯᠧᠺᠲᠷᠣᠨ ᠵᠠᠰᠠᠭ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ ᠵᠠᠰᠠᠭ ᠤᠨ ᠶᠠᠪᠤᠳᠠᠯ | ᠤᠨ ᠦᠶᠯᠡᠴᠢᠯᠡᠭᠡᠨ ᠤ ᠴᠢᠬᠡᠴᠢ ᠵᠠᠰᠠᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠬᠠᠷᠢᠭᠤᠴᠠᠵᠤ᠂ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠣᠬᠢᠴᠠᠭᠤᠯᠤᠨ ᠢᠯᠡᠴᠢᠯᠡᠨ ᠮᠡᠳᠡᠭᠦᠯᠬᠦ᠂ ᠵᠠᠭᠠᠯᠳᠤᠬᠤ ᠵᠡᠷᠭᠡ ᠠᠵᠢᠯ ᠢ | ᠰᠢᠶᠳᠪᠦᠷᠢᠯᠡᠵᠦ᠂ ᠬᠦᠴᠦᠨ ᠴᠢᠳᠠᠪᠤᠷᠢ ᠶᠢ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ ᠃ | ᠪᠦᠬᠦ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠶ ᠠᠵᠢᠯ ᠤᠨ ᠵᠣᠬᠢᠴᠠᠭᠤᠯᠬᠤ ᠠᠯᠪᠠᠨ ᠭᠡᠷ ᠤᠨ | ᠡᠳᠦᠷ ᠲᠤᠲᠤᠮ ᠤᠨ ᠠᠵᠢᠯ ᠢ ᠡᠭᠦᠷᠭᠡᠯᠡᠨ᠎ᠡ ᠃ | ᠠᠵᠢᠯᠯᠠᠬᠤ ᠭᠠᠵᠠᠷ᠄ ᠥᠪᠥᠷ ᠮᠣᠩᠭᠤᠯ ᠤᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠰᠢᠭᠤᠶᠢᠲᠤ | ᠰᠢᠨ᠎ᠡ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ 210 | ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ᠄ 9᠄ 0012 . 00 ᠦᠳᠡ ᠶᠢᠨ ᠬᠤᠶᠢᠨ᠎ᠠ᠄ | 14᠄ 0017᠄ 30 | ᠬᠠᠷᠢᠯᠴᠠᠬᠤ ᠬᠡᠯᠪᠡᠷᠢ᠄ 0472 - 2730826 | ᠬᠠᠷᠢᠭᠤᠴᠠᠯᠭᠠᠲᠠᠨ᠄ ᠸᠠᠩ ᠰᠢᠨ ᠢᠦ᠋ᠶ | ᠬᠤᠶᠠᠷ᠂ ᠬᠠᠷᠢᠶ᠎ᠠ ᠨᠢᠭᠡᠴᠢ ᠶᠢᠨ ᠡᠭᠦᠷᠭᠡ ᠴᠢᠳᠠᠪᠤᠷᠢ ( ᠬᠤᠶᠠᠳᠤᠭᠠᠷ ᠳᠡᠰ ᠤᠨ ᠨᠢᠭᠡᠴᠢ ) | ᠰᠢᠭᠤᠶᠢᠲᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠨᠠᠮ ᠤᠨ ᠲᠥᠪ ᠬᠤᠷᠢᠶ᠎ᠠ | ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠪᠣᠯᠤᠨ | ᠰᠢᠭᠤᠶᠢᠲᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠨ᠎ᠠ ᠃ ᠪᠦᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ | ᠤ ᠠᠵᠢᠯ ᠢ ᠡᠭᠦᠷᠭᠡᠯᠡᠨ᠎ᠡ ᠃ ᠭᠤᠣᠯ ᠡᠭᠦᠷᠭᠡ ᠬᠠᠷᠢᠭᠤᠴᠠᠯᠭ᠎ᠠ ᠨᠢ᠄ | ( 1 ) ᠣᠷᠣᠨ ᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠠᠵᠢᠯᠯᠠᠭᠠᠨ ᠤ ᠪᠠᠲᠤᠯᠠᠭ᠎ᠠ ᠪᠠ | ᠰᠠᠯᠠᠭ᠎ᠠ ᠮᠥᠴᠢᠷ ᠲᠤ ᠣᠷᠣᠵᠤ ᠰᠠᠭᠤᠬᠤ ᠴᠣᠩᠬᠤᠪᠴᠢ ᠶᠢᠨ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ ᠃ | ( 2 ) ᠪᠤᠭᠤᠲᠤ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠫᠤᠷᠲ᠋ᠧᠯ ᠰᠦᠯᠵᠢᠶ᠎ᠡ ᠶᠢᠨ ᠰᠢᠭᠤᠶᠢᠲᠤ | ᠶᠢᠨ ᠥᠷᠲᠡᠭᠡ ᠴᠢᠬ ᠪᠠ ᠪᠥᠬᠦ ᠬᠤᠲᠠ ᠶᠢᠨ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠰᠢᠭᠤᠶᠢᠲᠤ ᠶᠢᠨ ᠲᠠᠪᠴᠠᠩ᠂ ᠲᠣᠭᠤᠷᠢᠭ ᠤᠨ ᠵᠠᠰᠠᠭ ᠤᠨ ᠶᠠᠪᠤᠳᠠᠯ ᠤᠨ ᠶᠡᠭᠡ | ᠲᠢᠩᠬᠢᠮ ᠤᠨ ᠬᠠᠲᠠᠭᠤ ᠲᠣᠨᠤᠭ ᠵᠢᠴᠢ ᠲᠣᠤᠷ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ᠂ ᠠᠵᠢᠯᠯᠠᠭᠠᠨ ᠪᠠ | ᠬᠠᠮᠠᠭᠠᠯᠠᠯᠲᠠ ᠶᠢ ᠬᠠᠷᠢᠭᠤᠴᠠᠨ᠎ᠠ ᠃ | ( 3 ) ᠭᠤᠤᠯ ᠡᠷᠭᠢᠯᠡᠨ ᠭᠦᠶᠴᠡᠳᠬᠡᠬᠦ ᠨᠢᠭᠡᠴᠡ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠪᠣᠳᠠᠲᠠᠶ | ᠨᠠᠶᠢᠳᠠᠪᠤᠷᠢᠵᠢᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ ᠥᠷᠲᠡᠭᠡ ᠶᠢᠨ ᠮᠡᠷᠭᠡᠵᠢᠯ | ᠤᠨ ᠲᠠᠪᠴᠠᠩ ᠢ ᠪᠠᠶᠢᠭᠤᠯᠵᠤ ᠬᠠᠮᠠᠭᠠᠯᠠᠬᠤ᠂ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠵᠢᠴᠢ ᠵᠢᠷᠤᠭ | ᠲᠥᠯᠥᠪᠯᠡᠭᠡ᠂ ᠠᠭᠤᠯᠭ᠎ᠠ ᠶᠢ ᠨᠡᠶᠢᠲᠡᠯᠡᠬᠦ᠂ ᠬᠢᠨᠠᠨ ᠬᠠᠷᠭᠤᠭᠤᠯᠵᠤ ᠪᠠᠶᠢᠴᠠᠭᠠᠬᠤ ᠪᠠ ᠤᠯᠠᠮᠵᠢᠯᠠᠨ ᠳᠡᠯᠭᠡᠷᠡᠭᠦᠯᠵᠦ | ᠳᠡᠯᠭᠡᠷᠡᠭᠦᠯᠬᠦ ᠵᠡᠷᠭᠡ ᠡᠳᠦᠷ ᠲᠤᠲᠤᠮ ᠤᠨ ᠠᠵᠢᠯᠯᠠᠭᠠᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ︔ ᠪᠤᠭᠤᠲᠤ | ᠬᠤᠲᠠ ᠶᠢᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ ᠰᠢᠭᠤᠶᠢᠲᠤ ᠲᠣᠭᠤᠷᠢᠭ ᠤᠨ ᠠᠭᠤᠯᠭ᠎ᠠ ᠶᠢ | ᠪᠠᠲᠤᠯᠠᠬᠤ ᠠᠵᠢᠯ ᠢ ᠡᠭᠦᠷᠭᠡᠯᠡᠨ᠎ᠡ ᠃ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠰᠦᠯᠵᠢᠶ᠎ᠡ ᠵᠢᠴᠢ | ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠢᠯᠣᠭᠤᠳᠤᠨ᠎ᠠ ᠃ | | ( 4 ) ᠣᠷᠣᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ | ᠥᠷᠲᠡᠭᠡ ᠶᠢᠨ ᠪᠦᠲᠦᠭᠡᠨ ᠪᠠᠶᠢᠭᠤᠯᠬᠤ᠂ ᠠᠵᠢᠯᠯᠠᠭᠤᠯᠬᠤ ᠪᠠ ᠬᠠᠮᠠᠭᠠᠯᠠᠬᠤ ᠠᠵᠢᠯ ᠢ ᠬᠠᠷᠢᠭᠤᠴᠠᠨ᠎ᠠ︔ ᠪᠥᠬᠦ | ᠣᠷᠣᠨ ᠤ ᠵᠠᠰᠠᠭ ᠣᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠫᠤᠷᠲ᠋ᠧᠯ ᠰᠦᠯᠵᠢᠶᠡᠨ ᠥᠷᠲᠡᠭᠡ ᠶᠢᠨ | ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ ᠃ | ( 5 ) ᠣᠷᠣᠨ ᠤ ᠵᠠᠰᠠᠭ ᠤᠨ ᠶᠠᠪᠤᠳᠠᠯ ᠤᠨ ᠲᠢᠩᠬᠢᠮ ᠤᠨ 《 ᠨᠢᠭᠡ ᠴᠣᠩᠬᠤᠪᠴᠢ ᠮᠠᠶ᠋ᠢᠭ 》 ᠤᠨ | ᠶᠡᠷᠦᠩᠬᠡᠶᠢᠯᠡᠨ ᠬᠦᠯᠢᠶᠡᠨ ᠠᠪᠴᠤ ᠰᠢᠶᠳᠪᠦᠷᠢᠯᠡᠬᠦ᠂ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ᠂ | ᠭᠤᠣᠯᠳᠠᠯᠭ᠎ᠠ ᠲᠠᠢ ᠲᠥᠷᠥᠯ ᠵᠦᠢᠯ ᠤᠨ ᠰᠠᠭᠠᠳ ᠦᠭᠡᠶ ᠨᠡᠪᠲᠡᠷᠡᠬᠦ ᠵᠠᠮ ᠢ ᠨᠡᠭᠡᠭᠡᠬᠦ ᠵᠡᠷᠭᠡ ᠦᠢᠯᠡᠴᠢᠯᠡᠭᠡᠨ ᠤ ᠠᠵᠢᠯ | ᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠢᠩᠬᠢᠮ ᠵᠢᠴᠢ ᠨᠧᠲ ᠳᠡᠭᠡᠷ᠎ᠡ | ᠬᠡᠷᠡᠭ ᠡᠷᠬᠢᠯᠡᠬᠦ ᠲᠢᠩᠬᠢᠮ ᠤᠨ ᠯᠠᠪᠯᠠᠯᠭ᠎ᠠ᠂ ᠵᠠᠭᠠᠯᠳᠤᠯᠭ᠎ᠠ᠂ ᠰᠠᠨᠠᠭᠤᠯᠭ᠎ᠠ ᠶᠢ ᠬᠦᠯᠢᠶᠡᠨ ᠠᠪᠴᠤ ᠰᠢᠶᠳᠪᠦᠷᠢᠯᠡᠬᠦ | ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ ᠃ | ( 6 ) ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ ᠃ | ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠳᠣᠲᠣᠭᠠᠳᠤ | ᠪᠠᠶᠢᠭᠤᠯᠤᠮᠵᠢ ᠭᠠᠷᠭᠠᠬᠤ ᠦᠭᠡᠢ ᠃ | ᠠᠵᠢᠯᠯᠠᠬᠤ ᠭᠠᠵᠠᠷ᠄ ᠥᠪᠥᠷ ᠮᠣᠩᠭᠤᠯ ᠤᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠰᠢᠭᠤᠶᠢᠲᠤ | ᠰᠢᠨ᠎ᠡ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ 210 | ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ᠄ 9᠄ 0012 . 00 ᠦᠳᠡ ᠶᠢᠨ ᠬᠤᠶᠢᠨ᠎ᠠ᠄ | 14᠄ 0017᠄ 30 | ᠬᠠᠷᠢᠯᠴᠠᠬᠤ ᠬᠡᠯᠪᠡᠷᠢ᠄ 0472 - 2730826 | ᠬᠠᠷᠢᠭᠤᠴᠠᠯᠭᠠᠲᠠᠨ᠄ ᠺᠸᠤ ᠶᠤᠸᠠᠨ | |