ᠰᠢᠭᠤᠶᠢᠲᠤ ᠵᠡᠭᠡᠯᠢ ᠭᠤᠳᠤᠮᠵᠢ ᠶᠢᠨ ᠡᠮᠡᠭᠲᠡᠶᠢᠴᠦᠳ ᠤᠨ ᠬᠤᠯᠪᠣᠭ᠎ᠠ 《 ᠡᠮᠡᠭᠲᠡᠶᠢᠴᠦᠳ ᠢ ᠳᠡᠷᠭᠡᠳᠡ  ᠪᠠᠨ ᠬᠦᠷᠭᠡᠬᠦ 》 ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/12/17
       ᠡᠮᠡᠭᠲᠡᠶᠢᠴᠦᠳ ᠤᠨ ᠬᠠᠤᠯᠢ ᠴᠠᠭᠠᠵᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠡᠮᠡᠭᠲᠡᠶᠢᠴᠦᠳ ᠣᠯᠠᠨ ᠲᠦᠮᠡᠨ ᠤ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠪᠥᠬᠦ ᠤᠯᠤᠰ ᠤᠨ ᠨᠠᠶᠮᠠᠳᠤᠭᠠᠷ 《 ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ 》 ᠤᠨ ᠬᠤᠭᠤᠴᠠᠭᠠᠨ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ 《 ᠡᠮᠡᠭᠲᠡᠶᠢᠴᠦᠳ ᠬᠠᠤᠯᠢ ᠴᠠᠭᠠᠵᠠ ᠶᠢ ᠬᠠᠵᠠᠭᠤ ᠳᠤᠨᠢ ᠬᠦᠷᠭᠡᠬᠦ 》 ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ ᠥᠷᠨᠢᠭᠦᠯᠪᠡ  ᠃       ᠬᠠᠤᠯᠢ ᠲᠦᠭᠡᠮᠡᠯᠵᠢᠭᠦᠯᠬᠦ ᠤᠬᠠᠭᠤᠯᠤᠭᠴᠢ ᠰᠢᠶᠣᠤ᠂ ᠰᠠᠶᠢᠨ ᠳᠤᠷ᠎ᠠ ᠶᠢᠨ ᠡᠮᠡᠭᠲᠡᠶ ᠬᠥᠮᠦᠨ ᠶᠠᠩᠵᠤ ᠪᠦᠷᠢ  ᠶᠢᠨ ᠤᠯᠠᠭᠠᠨ  ᠃ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠠᠵᠢᠯᠲᠠᠨ ᠬᠠᠷᠢᠶ᠎ᠠ ᠣᠷᠣᠨ ᠳᠤ 《 ᠦᠨᠳᠦᠰᠦᠨ ᠬᠠᠤᠯᠢ 》᠂ 《 ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ 》᠂ 《 ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ 》᠂ 《 ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ 》 ᠵᠡᠷᠭᠡ ᠡᠯ᠎ᠡ ᠲᠥᠷᠥᠯ ᠤᠨ ᠬᠠᠤᠯᠢ ᠴᠠᠭᠠᠵᠠ ᠶᠢᠨ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠵᠤ᠂ ᠡᠮᠡᠭᠲᠡᠶ ᠰᠠᠶᠢᠨ ᠳᠤᠷᠠᠴᠤᠳ ᠥᠷᠭᠡᠨ ᠣᠯᠠᠨ ᠡᠮᠡᠭᠲᠡᠶᠢᠴᠦᠳ ᠪᠠ ᠬᠡᠦᠬᠡᠳ ᠲᠤ ᠪᠡᠶ᠎ᠡ ᠪᠠᠷ ᠢᠶᠠᠨ ᠬᠠᠤᠯᠢ ᠶᠠᠷᠢᠵᠤ ᠥᠭᠭᠦᠨ᠂ ᠬᠠᠷᠢᠶ᠎ᠠ ᠣᠷᠣᠨ ᠤ ᠥᠷᠭᠡᠨ ᠣᠯᠠᠨ ᠡᠮᠡᠭᠲᠡᠶᠢᠴᠦᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠬᠠᠤᠯᠢ ᠪᠠᠷ ᠵᠠᠰᠠᠬᠤ ᠬᠡᠪ ᠪᠣᠯᠪᠠᠰᠤᠷᠠᠯ ᠤᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ  ᠃

      ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ ᠥᠷᠭᠡᠨ ᠣᠯᠠᠨ ᠲᠦᠮᠡᠨ

 ᠤ ᠬᠠᠮᠢᠶ᠎ᠠ ᠪᠥᠬᠦᠶ ᠬᠠᠤᠯᠢ ᠴᠠᠭᠠᠵᠠ ᠶᠢ ᠣᠶᠢᠯᠠᠭᠠᠬᠤ ᠨᠣᠷᠮ᠎ᠠ ᠶᠢ ᠬᠦᠴᠦᠲᠡᠶ ᠳᠡᠭᠡᠭᠰᠢᠯᠡᠭᠦᠯᠵᠦ᠂ ᠡᠮᠡᠭᠲᠡᠶᠢᠴᠦᠳ

ᠬᠡᠦᠬᠡᠳ ᠤᠨ ᠬᠠᠤᠯᠢ ᠴᠠᠭᠠᠵᠠ ᠪᠠᠷ ᠡᠷᠬᠡ ᠪᠠᠨ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠭᠦᠶᠴᠡᠳ

ᠪᠣᠶ ᠪᠣᠯᠭᠠᠵᠤ᠂ ᠥᠷᠭᠡᠨ ᠣᠯᠠᠨ ᠡᠮᠡᠭᠲᠡᠶᠢᠴᠦᠳ ᠬᠡᠦᠬᠡᠳ ᠪᠠ ᠬᠡᠷ ᠪᠦᠯᠢ ᠶᠢᠨ ᠤᠬᠠᠮᠰᠠᠷ ᠠᠴᠠ ᠪᠠᠨ ᠬᠠᠤᠯᠢ ᠶᠢ

ᠰᠠᠬᠢᠬᠤ᠂ ᠤᠴᠢᠷ ᠶᠠᠪᠤᠳᠠᠯ ᠳᠠᠭᠠᠷᠠᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠶᠳᠪᠦᠷᠢᠯᠡᠬᠦ ᠳᠤ ᠬᠠᠤᠯᠢ ᠳᠤ

ᠲᠦᠰᠢᠭᠯᠡᠬᠦ ᠬᠠᠤᠯᠢᠵᠢᠯ ᠤᠨ ᠦᠵᠡᠯᠲᠡ ᠶᠢ ᠪᠣᠶ ᠪᠣᠯᠭᠠᠵᠤ᠂ ᠡᠶ᠎ᠡ ᠵᠣᠬᠢᠴᠠᠩᠭᠤᠶ ᠵᠣᠯ ᠵᠢᠷᠭᠠᠯᠲᠤ ᠦᠵᠡᠰᠬᠦᠯᠡᠩᠲᠦ

ᠰᠠᠶᠢᠬᠠᠨ ᠰᠢᠭᠤᠶᠢᠲᠤ ᠣᠷᠣᠨ ᠢ ᠪᠠᠶᠢᠭᠤᠯᠬᠤ ᠳᠤ ᠬᠠᠤᠯᠢᠵᠢᠯ ᠤᠨ ᠰᠠᠭᠤᠷᠢ ᠶᠢ ᠲᠠᠯᠪᠢᠵᠤ ᠥᠭᠴᠡᠶ  ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号