《 ᠪᠣᠯᠪᠠᠰᠤᠨ ᠢ ᠡᠷᠬᠢᠮᠯᠡᠵᠦ ᠰᠢᠨ᠎ᠡ ᠰᠤᠷᠲᠠᠯ ᠢ ᠪᠣᠶ ᠪᠣᠯᠭᠠᠬᠤ 》 ᠰᠠᠶᠢᠨ ᠳᠤᠷ᠎ᠠ ᠶᠢᠨ ᠦᠶᠯᠡᠴᠢᠯᠡᠭᠡᠨ | ᠤ ᠠᠵᠢᠯᠯᠠᠭ᠎ᠠ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠬᠠᠷᠢᠶᠠᠲᠤ ᠣᠷᠣᠨ ᠤ 《 ᠵᠡᠮᠳᠡᠭᠴᠦᠳ ᠢ ᠬᠠᠯᠠᠮᠵᠢᠯᠠᠬᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ 》 | ᠶᠢ ᠯᠠᠪᠳᠠᠭᠤᠨ ᠪᠠᠲᠤᠲᠠᠶ ᠥᠷᠨᠢᠭᠦᠯᠬᠦ ᠶᠢ ᠦᠨᠡᠨ ᠬᠦ ᠠᠬᠢᠭᠤᠯᠬᠤ ᠶᠢᠨ ᠲᠤᠰᠠᠳᠠ ᠃ | | | | ᠰᠢᠭᠤᠶᠢᠲᠤ ᠵᠡᠭᠡᠯᠢ ᠭᠤᠳᠤᠮᠵᠢ ᠣᠯᠠᠨ ᠵᠦᠢᠯ ᠤᠨ ᠬᠡᠯᠪᠡᠷᠢ ᠮᠠᠶ ᠢᠭ ᠢᠶᠠᠷ ᠳᠠᠮᠵᠢᠭᠤᠯᠤᠨ 《 | ᠵᠡᠮᠳᠡᠭᠴᠦᠳ ᠢ ᠬᠠᠯᠠᠮᠵᠢᠯᠠᠨ ᠬᠠᠶᠢᠷᠠᠯᠠᠵᠤ᠂ ᠳᠡᠯᠡᠬᠡᠶ ᠳ᠋ᠠᠬᠢᠨ ᠢ ᠬᠠᠶᠢᠷ᠎ᠠ ᠪᠠᠷ ᠪᠢᠯᠬᠠᠮ᠎ᠠ ᠪᠠᠶᠢᠯᠭᠠᠬᠤ 》 ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠨ᠂ ᠰᠠᠭᠤᠭᠠᠯᠢ ᠠᠷᠠᠳ ᠤᠨ ᠵᠡᠮᠳᠡᠭᠴᠦᠳ ᠢ ᠲᠡᠳᠬᠦᠨ | ᠵᠡᠮᠳᠡᠭᠴᠦᠳ ᠢ ᠲᠤᠰᠠᠯᠠᠬᠤ ᠨᠡᠶᠢᠭᠡᠮ ᠤᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ | ᠵᠡᠮᠳᠡᠭᠴᠦᠳ ᠢ ᠲᠡᠳᠬᠦᠨ ᠲᠤᠰᠠᠯᠠᠬᠤ ᠤᠯᠠᠮᠵᠢᠯᠠᠯᠲᠤ ᠰᠠᠶᠢᠨ ᠰᠠᠶᠢᠬᠠᠨ ᠰᠤᠷᠲᠠᠯ ᠢ ᠪᠠᠳᠠᠷᠠᠭᠤᠯᠤᠨ᠂ ᠰᠠᠶᠢᠨ ᠳᠤᠷ᠎ᠠ | ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠪᠰᠤᠷᠬᠤ ᠴᠢᠬᠤᠯᠠ ᠲᠠᠢ ᠪᠠᠭᠤᠷᠠᠶᠢᠴᠤᠤᠯ ᠳᠤ | ᠬᠠᠪᠰᠤᠷᠤᠯᠭ᠎ᠠ ᠦᠵᠡᠭᠦᠯᠵᠦ᠂ ᠬᠠᠶᠢᠷ᠎ᠠ ᠶᠢᠨ ᠨᠣᠲ ᠳᠠᠮᠵᠢᠭᠤᠯᠵᠤ᠂ ᠲᠡᠳᠡᠨ ᠳᠤ ᠨᠡᠶᠢᠭᠡᠮ ᠤᠨ ᠬᠠᠶᠢᠷ᠎ᠠ ᠬᠠᠯᠠᠮᠵᠢ | ᠶᠢ ᠬᠦᠷᠲᠡᠭᠡᠬᠦ ᠬᠡᠷᠡᠭᠲᠡᠶ ᠃ | | | | | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ | ᠰᠠᠭᠤᠭᠠᠯᠢ ᠠᠷᠠᠳ ᠢ ᠤᠷᠢᠶᠠᠯᠠᠵᠤ ᠪᠠᠶᠢᠭᠠᠳ ᠨᠡᠩ ᠣᠯᠠᠨ ᠵᠡᠮᠳᠡᠭᠴᠦᠳ ᠢ ᠬᠠᠪᠰᠤᠷᠤᠨ ᠭᠡᠷ ᠪᠦᠯᠢ ᠠᠴᠠ ᠨᠢ | ᠭᠠᠷᠭᠠᠵᠤ᠂ ᠨᠡᠶᠢᠭᠡᠮ ᠳᠤ ᠠᠭᠤᠰᠬᠠᠨ᠂ ᠨᠡᠶᠢᠭᠡᠮ ᠲᠣᠭᠤᠷᠢᠭ ᠤᠨ ᠠᠵᠢᠯᠯᠠᠭ᠎ᠠ ᠳᠤ ᠣᠷᠣᠯᠴᠠᠭᠤᠯᠵᠤ᠂ ᠨᠡᠶᠢᠭᠡᠮ | ᠲᠣᠭᠤᠷᠢᠭ ᠤᠨ ᠦᠢᠯᠡᠴᠢᠯᠡᠭᠡ ᠶᠢ ᠬᠦᠯᠢᠶᠡᠨ ᠠᠪᠤᠭᠤᠯᠵᠤ᠂ ᠲᠡᠳᠡᠨ ᠢ ᠨᠡᠩ ᠡᠷᠡᠭᠦᠯ ᠪᠥᠭᠡᠳ ᠢᠳᠡᠪᠬᠢᠲᠡᠶ | ᠪᠠᠶᠠᠰᠤᠩᠭᠤᠶ ᠰᠡᠳᠬᠢᠯᠭᠡ ᠪᠠᠷ ᠠᠮᠢᠳᠤᠷᠠᠯ ᠳᠤ ᠬᠠᠨᠳᠤᠭᠤᠯᠵᠤ᠂ ᠬᠥᠮᠦᠨ ᠤ ᠠᠮᠢᠳᠤᠷᠠᠯ ᠤᠨ ᠨᠤᠭᠤᠷᠠᠯ ᠪᠦᠳᠦᠷᠢᠯ | ᠳᠤ ᠵᠣᠷᠢᠭᠲᠠᠶ ᠪᠠᠷ ᠬᠠᠨᠳᠤᠭᠤᠯᠬᠤ ᠶᠢᠨ ᠬᠠᠮᠲᠤ ᠪᠠᠰᠠ ᠪᠡᠶ᠎ᠡ ᠰᠡᠳᠬᠢᠯ ᠤᠨ ᠡᠷᠡᠭᠦᠯ ᠴᠢᠭᠢᠷᠠᠭ ᠬᠥᠮᠦᠰ ᠢ ᠠᠮᠢ | ᠨᠠᠰᠤ ᠪᠠᠨ ᠬᠠᠶᠢᠷᠠᠯᠠᠵᠤ᠂ ᠠᠮᠢᠳᠤᠷᠠᠯ ᠢᠶᠠᠨ ᠬᠠᠶᠢᠷᠠᠯᠠᠬᠤ ᠬᠡᠷᠡᠭᠲᠡᠶ ᠭᠡᠵᠦ ᠤᠷᠢᠶᠠᠯᠠᠬᠤ ᠶᠢᠨ ᠬᠠᠮᠲᠤ ᠪᠠᠰᠠ | ᠵᠡᠮᠳᠡᠭᠴᠦᠳ ᠢ ᠢᠯᠡᠭᠦᠬᠡᠨ ᠬᠠᠯᠠᠮᠵᠢᠯᠠᠵᠤ᠂ ᠬᠠᠵᠠᠭᠤ ᠠᠴᠠ ᠨᠢ ᠡᠬᠢᠯᠡᠨ ᠬᠢᠵᠦ᠂ ᠪᠠᠭ᠎ᠠ ᠪᠠᠭ᠎ᠠ ᠠᠴᠠ ᠨᠢ ᠡᠬᠢᠯᠡᠨ | ᠬᠢᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠪᠠᠷ ᠵᠡᠮᠳᠡᠭᠴᠦᠳ ᠲᠤ ᠨᠢᠭᠡ ᠲᠠᠯ᠎ᠠ ᠶᠢᠨ ᠵᠣᠯ | ᠵᠢᠷᠭᠠᠯᠲᠤ ᠠᠮᠢᠳᠤᠷᠠᠯ ᠤᠨ ᠣᠷᠣᠨ ᠵᠠᠶ ᠪᠠᠶᠢᠭᠤᠯᠵᠤ ᠥᠭᠬᠦ ᠬᠡᠷᠡᠭᠲᠡᠶ ᠃ | |