12 ᠰᠠᠷ᠎ᠠ ᠶᠢᠨ 13 ᠤ ᠡᠳᠦᠷ᠂ ᠠᠷᠠᠳ ᠤᠨ ᠠᠮᠢᠳᠤᠷᠠᠯ ᠤᠨ ᠦᠶᠯᠡᠴᠢᠯᠡᠭᠡ ᠶᠢ ᠤᠯᠠᠮ ᠨᠢᠭᠡ | ᠠᠯᠬᠤᠮ ᠰᠠᠶᠢᠲᠤᠷ ᠬᠢᠬᠦ ᠶᠢᠨ ᠲᠥᠯᠥᠭᠡ᠂ ᠰᠢᠭᠤᠶᠢᠲᠤ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠪᠠᠶᠢᠴᠠᠭᠠᠬᠤ | ᠠᠵᠢᠯ ᠤᠨ ᠵᠥᠪᠯᠡᠯ ᠬᠦᠴᠢᠷᠳᠡᠯᠲᠡᠶ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠭᠰᠡᠨ ᠪᠠᠶᠢᠳᠠᠯ ᠳᠤ ᠲᠤᠰᠬᠠᠶ | ᠬᠢᠨᠠᠯᠲᠠ ᠪᠠᠶᠢᠴᠠᠭᠠᠯᠲᠠ ᠬᠢᠪᠠ ᠃ ᠢᠯᠡ ᠪᠠᠶᠢᠴᠠᠭᠠᠬᠤ ᠳᠠᠯᠳᠠ ᠰᠤᠷᠪᠤᠯᠵᠢᠯᠠᠬᠤ ᠪᠠᠷ ᠳᠠᠮᠵᠢᠭᠤᠯᠤᠨ ᠡᠷᠦᠬᠡ ᠳᠤ | ᠣᠷᠣᠵᠤ ᠵᠢᠭᠰᠠᠭᠠᠨ ᠪᠠᠶᠢᠴᠠᠭᠠᠬᠤ ᠠᠷᠭ᠎ᠠ ᠮᠠᠶ ᠢᠭ ᠢᠶᠠᠷ ᠪᠣᠳᠠᠲᠤ ᠪᠠᠶᠢᠳᠠᠯ ᠢ ᠣᠶᠢᠯᠠᠭᠠᠨ᠂ ᠡᠪᠦᠯ ᠤᠨ ᠤᠯᠠᠷᠢᠯ | ᠤᠨ ᠳᠤᠯᠠᠭᠠᠯᠠᠯᠭ᠎ᠠ ᠶᠢᠨ ᠨᠡᠭᠦᠷᠡᠰᠦ ᠬᠡᠷᠡᠭᠯᠡᠵᠦ ᠪᠠᠶᠢᠭ᠎ᠠ ᠪᠠᠶᠢᠳᠠᠯ᠂ ᠣᠯᠠᠨ ᠲᠦᠮᠡᠨ ᠤ ᠠᠮᠤᠷ ᠲᠦᠪᠰᠢᠨ ᠳᠤᠯᠠᠭᠠᠨ | ᠡᠪᠦᠯᠵᠢᠵᠦ ᠪᠠᠶᠢᠭ᠎ᠠ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠮᠦᠰ ᠲᠤ ᠳᠤᠯᠠᠭᠠᠯᠠᠯᠭ᠎ᠠ ᠶᠢᠨ ᠲᠤᠰᠠᠯᠠᠮᠵᠢ | ᠣᠯᠭᠤᠵᠤ ᠪᠠᠶᠢᠭ᠎ᠠ ᠵᠡᠷᠭᠡ ᠲᠤᠰ ᠪᠡᠶ᠎ᠡ ᠶᠢᠨ ᠠᠰᠢᠭ ᠲᠤᠰᠠ ᠶᠢᠨ ᠠᠰᠠᠭᠤᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ | ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠶ ᠃ | | | | | | | | ᠰᠢᠭᠤᠶᠢᠲᠤ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠪᠠᠶᠢᠴᠠᠭᠠᠬᠤ ᠠᠵ᠊ᠵᠯ ᠤᠨ ᠵᠥᠪᠯᠡᠯ ᠨᠠᠭᠠᠳᠤ ᠵᠠᠬ᠎ᠠ | ᠶᠢᠨ ᠪᠠᠲᠤᠯᠠᠭᠠᠲᠤ ᠡᠷᠦᠬᠡ ᠶᠢᠨ ᠭᠡᠷ ᠲᠤ ᠬᠦᠷᠴᠦ᠂ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠮᠡᠳᠡᠷᠡᠵᠦ᠂ | ᠳᠤᠯᠠᠭᠠᠯᠠᠭ᠎ᠠ ᠶᠢᠨ ᠲᠦᠯᠡᠰᠢ ᠶᠢᠨ ᠪᠠᠢᠳᠠᠯ᠂ ᠨᠡᠭᠦᠷᠡᠰᠦᠨ ᠤ ᠦᠨ᠎ᠡ ᠬᠠᠩᠰᠢ ᠵᠡᠷᠭᠡ ᠶᠢ ᠣᠶᠢᠯᠭᠠᠨ ᠵᠢᠭᠰᠠᠭᠠᠬᠤ | ᠠᠵᠢᠯ ᠬᠢᠵᠦ᠂ ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠢ᠂ ᠠᠷᠭ᠎ᠠ ᠬᠡᠮᠵᠢᠶ᠎ᠡ ᠠᠪᠤᠭᠰᠠᠨ ᠢᠶᠠᠷ ᠬᠦᠴᠦᠨ ᠦᠭᠡᠢ | ᠵᠡᠷᠭᠡ ᠠᠴᠠ ᠪᠣᠯᠵᠤ ᠠᠵᠢᠯ ᠢᠶᠠᠨ ᠪᠣᠳᠠᠲᠠᠶᠢᠵᠢᠭᠤᠯᠤᠭᠰᠠᠨ ᠦᠭᠡᠢ᠂ ᠲᠥᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠦᠭᠡᠢ᠂ ᠣᠯᠠᠨ ᠲᠦᠮᠡᠨ ᠰᠠᠨᠠᠯ ᠲᠠᠢ ᠪᠣᠯᠤᠭᠰᠠᠨ ᠵᠡᠷᠭᠡ ᠠᠰᠠᠭᠤᠳᠠᠯ ᠭᠠᠷᠬᠤ ᠠᠴᠠ | ᠰᠡᠷᠭᠡᠢᠯᠡᠵᠡᠢ ᠃ | ᠲᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ | ᠤᠨ ᠵᠥᠪᠯᠡᠯ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠢᠨᠠᠯᠲᠠ ᠲᠠᠯᠪᠢᠵᠤ | ᠪᠠᠶᠢᠴᠠᠭᠠᠬᠤ ᠳᠤᠮᠳᠠ ᠢᠯᠡᠷᠡᠭᠦᠯᠦᠭᠰᠡᠨ ᠣᠯᠠᠨ ᠲᠦᠮᠡᠨ ᠤ ᠠᠮᠤᠷ ᠲᠦᠪᠰᠢᠨ ᠳᠤᠯᠠᠭᠠᠬᠠᠨ ᠡᠪᠦᠯᠵᠢᠬᠦ ᠳᠤ | ᠬᠤᠯᠪᠣᠭᠳᠠᠭᠰᠠᠨ ᠲᠦᠷᠢᠮ ᠲᠣᠭᠲᠠᠭᠠᠯ ᠰᠠᠬᠢᠯᠭ᠎ᠠ ᠪᠠᠲᠤ ᠠᠴᠠ ᠵᠥᠷᠢᠴᠡᠭᠰᠡᠨ ᠠᠰᠠᠭᠤᠳᠠᠯ᠂ ᠣᠯᠠᠨ ᠲᠦᠮᠡᠨ ᠢ | ᠪᠦᠲᠦᠮᠵᠢᠲᠡᠶ ᠪᠠᠲᠤᠯᠠᠭ᠎ᠠ ᠥᠬᠡᠶ ᠪᠣᠯᠭᠠᠭᠰᠠᠨ ᠠᠰᠠᠭᠤᠳᠠᠯ ᠢ ᠲᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ | ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠡᠯ᠎ᠡ ᠵᠦᠶᠯ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ | ᠦᠨᠡᠨ ᠬᠦ ᠰᠠᠶᠢᠲᠤᠷ ᠬᠢᠵᠦ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠲᠦᠭ ᠲᠦᠮᠡᠨ | ᠠᠶᠢᠯ ᠡᠷᠦᠬᠡ ᠳᠤ ᠬᠦᠷᠭᠡᠵᠦ᠂ ᠣᠯᠠᠨ ᠲᠦᠮᠡᠨ ᠤ ᠠᠮᠤᠷ ᠲᠦᠪᠰᠢᠨ ᠳᠤᠯᠠᠭᠠᠬᠠᠨ ᠡᠪᠦᠯᠵᠢᠬᠦ ᠶᠢ ᠦᠨᠡᠨ ᠬᠦ | ᠪᠠᠲᠤᠯᠠᠵᠤ᠂ ᠠᠷᠠᠳ ᠣᠯᠠᠨ ᠢ ᠰᠠᠨᠠᠭ᠎ᠠ ᠠᠮᠤᠷ᠂ ᠰᠡᠳᠬᠢᠯ ᠢ ᠨᠢ ᠳᠤᠯᠠᠭᠠᠴᠠᠭᠤᠯᠤᠨ᠎ᠠ ᠃ | | |