12 ᠰᠠᠷ᠎ᠠ ᠶᠢᠨ 13 ᠤ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ 2021 ᠣᠨ ᠤ | ᠶᠡᠷᠦᠩᠬᠡᠶᠢᠯᠡᠭᠰᠡᠨ ᠬᠢᠨᠠᠨ ᠰᠢᠯᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠠᠯᠪᠠᠨ ᠬᠡᠷ ᠤᠨ | ᠬᠠᠷᠢᠭᠤᠴᠠᠯᠭᠠᠲᠠᠨ᠂ ᠨᠡᠶᠢᠭᠡᠮ ᠲᠣᠭᠤᠷᠢᠭ ᠤᠨ 《 ᠬᠤᠶᠠᠷ ᠵᠥᠪᠯᠡᠯ 》 ᠤᠨ ᠪᠠᠭ ᠤᠨ ᠪᠦᠷᠢᠯᠳᠦᠬᠦᠨ᠂ ᠪᠥᠬᠦ | ᠠᠵᠢᠯᠲᠠᠨ ᠠᠵᠢᠯᠴᠢᠨ ᠬᠤᠷᠠᠯ ᠳᠤ ᠣᠷᠣᠯᠴᠠᠪᠠ ᠃ | ᠬᠤᠷᠠᠯ ᠳᠡᠭᠡᠷ᠎ᠡ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠯᠢ ᠶᠠ ᠮᠢᠨ | ᠳᠡᠭᠡᠳᠦ ᠱᠠᠲᠤᠨ ᠤ ᠬᠠᠮᠢᠶ᠎ᠠ ᠪᠥᠬᠦᠶ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯ ᠥᠬᠡᠶ ᠦᠶᠯᠡᠳᠪᠦᠷᠢᠯᠡᠯ ᠵᠡᠷᠭᠡ ᠠᠵᠢᠯ ᠤᠨ | ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠵᠢᠯ ᠤᠨ ᠡᠮᠦᠨᠡᠬᠢ ᠠᠵᠢᠯ ᠳᠤ ᠠᠯᠢ ᠣᠯᠠᠨ ᠨᠠᠷᠢᠨ ᠨᠢᠭᠲᠠ | ᠲᠣᠬᠢᠷᠠᠭᠤᠯᠤᠯᠲᠠ ᠬᠢᠵᠦ᠂ ᠠᠵᠢᠯ ᠤᠨ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶᠢᠯᠠᠪᠠ ᠃ | ᠬᠤᠷᠠᠯ ᠠᠴᠠ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠃ ᠰᠢᠨ᠎ᠡ ᠵᠢᠯ ᠴᠠᠭᠠᠨ ᠰᠠᠷ᠎ᠠ ᠶᠢᠨ ᠡᠬᠢᠨ ᠤ ᠠᠮᠤᠷ ᠲᠦᠪᠰᠢᠨ | ᠲᠣᠭᠲᠠᠭᠤᠨ ᠪᠠᠶᠢᠳᠠᠯ ᠪᠣᠯ ᠬᠤᠷᠢᠭ᠎ᠠ ᠱᠤᠭᠤᠮ ᠮᠥᠨ᠂ ᠪᠥᠬᠦ ᠺᠠᠳ᠋ᠷ ᠠᠵᠢᠯᠲᠠᠨ ᠠᠵᠢᠯᠴᠢᠨ ᠡᠷᠬᠡᠪᠰᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠤᠷᠢᠭ᠎ᠠ ᠱᠤᠭᠤᠮ ᠤᠨ ᠰᠡᠳᠬᠢᠬᠦᠶ ᠶᠢᠨ ᠬᠤᠷᠢᠭ᠎ᠠ ᠱᠤᠭᠤᠮ ᠤᠨ ᠤᠬᠠᠮᠰᠠᠷ ᠢᠶᠠᠨ | ᠴᠢᠩᠭᠠᠳᠬᠠᠵᠤ᠂ ᠴᠠᠭᠠᠨ ᠰᠠᠷ᠎ᠠ ᠶᠢᠨ ᠵᠠᠩᠭᠢᠯᠠᠭ᠎ᠠ ᠶᠢᠨ ᠴᠠᠭ᠂ ᠬᠠᠷᠢᠭᠤᠴᠠᠯᠭ᠎ᠠ ᠶᠢ ᠴᠢᠩᠭ᠎ᠠ ᠠᠳᠬᠤᠵᠤ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠨᠠᠷᠢᠯᠢᠭ ᠰᠠᠶᠢᠲᠤᠷ ᠬᠢᠬᠦ | ᠬᠡᠷᠡᠭᠲᠡᠶ ᠃ ᠬᠤᠶᠠᠷ ᠲᠤ᠂ ᠡᠭᠦᠷᠭᠡ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠎ᠠ ᠃ ᠬᠠᠷᠢᠭᠤᠴᠠᠯᠭ᠎ᠠ ᠶᠢᠨ ᠬᠤᠪᠢᠶᠠᠷᠢᠯᠠᠯ ᠢ ᠴᠢᠩᠭᠠᠳᠬᠠᠵᠤ᠂ | ᠡᠭᠦᠷᠭᠡ ᠶᠢᠨ ᠬᠤᠪᠢᠶᠠᠷᠢᠯᠠᠯ ᠢ ᠨᠠᠷᠢᠯᠢᠭᠵᠢᠭᠤᠯᠵᠤ᠂ ᠠᠵᠢᠯ ᠢ ᠨᠢᠭᠡᠳᠦᠯᠲᠡᠶ ᠲᠥᠯᠥᠪᠵᠢᠭᠦᠯᠦᠨ ᠤᠶᠠᠯᠳᠤᠭᠤᠯᠬᠤ ᠶᠢ | ᠤᠯᠠᠮ ᠨᠢᠭᠡ ᠠᠯᠬᠤᠮ ᠰᠠᠶᠢᠲᠤᠷ ᠬᠢᠵᠦ᠂ ᠠᠮᠤᠷ ᠲᠦᠪᠰᠢᠨ ᠲᠣᠭᠲᠠᠭᠤᠨ ᠪᠠᠶᠢᠬᠤ ᠶᠡᠷᠦᠩᠬᠡᠶ ᠬᠥᠭ ᠠᠶᠠᠰ ᠢ | ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷᠵᠢᠭᠤᠯᠤᠭᠰᠠᠨ ᠪᠠᠶᠢᠴᠠᠭᠠᠯᠲᠠ ᠪᠠᠷ ᠭᠠᠷᠳᠠᠬᠤ | ᠴᠡᠭ ᠪᠣᠯᠭᠠᠵᠤ᠂ ᠡᠯ᠎ᠡ ᠵᠦᠶᠯ ᠤᠨ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ | ᠬᠡᠷᠡᠭᠲᠡᠶ ᠃ ᠭᠤᠷᠪᠠ ᠳᠤ ᠠᠬᠢᠴᠠ ᠶᠢ ᠡᠵᠡᠮᠳᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠬᠡᠷᠡᠭᠲᠡᠢ ᠃ ᠡᠨᠡ | ᠵᠢᠯ ᠤᠨ ᠬᠠᠮᠤᠭ ᠤᠨ ᠰᠡᠭᠦᠯᠴᠢ ᠶᠢᠨ ᠰᠠᠷ᠎ᠠ ᠭᠠᠷᠤᠢ ᠶᠢᠨ ᠬᠤᠭᠤᠴᠠᠭ᠎ᠠ ᠦᠯᠡᠳᠡᠵᠦ ᠪᠠᠶᠢᠨ᠎ᠠ᠂ ᠬᠢᠵᠠᠭᠠᠷ ᠲᠠᠢ ᠴᠠᠭ | ᠬᠤᠭᠤᠴᠠᠭᠠᠨ ᠳᠤ ᠤᠶᠤᠨ ᠤᠬᠠᠭᠠᠨ ᠢᠶᠠᠨ ᠲᠥᠪᠯᠡᠷᠡᠭᠦᠯᠦᠨ᠂ ᠠᠵᠢᠯ ᠳᠠᠭᠠᠨ ᠣᠷᠣᠯᠴᠠᠵᠤ᠂ ᠬᠥᠭᠡᠭᠡᠵᠦ ᠭᠦᠢᠴᠡᠨ | ᠳᠠᠪᠠᠵᠤ ᠭᠠᠷᠬᠤ ᠪᠠᠷ ᠴᠢᠷᠮᠠᠶᠢᠵᠤ᠂ ᠳᠤᠲᠠᠭᠤᠳᠠᠯ ᠪᠠᠭᠤᠷᠠᠢ ᠲᠠᠯ᠎ᠠ ᠶᠢ ᠠᠷᠢᠯᠭᠠᠵᠤ᠂ ᠬᠢᠯᠠᠰ ᠴᠡᠭ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ ᠃ | ᠵᠠᠯᠭᠠᠭᠠᠳ᠂ ᠵᠡᠭᠡᠯᠢ ᠭᠤᠳᠤᠮᠵᠢ ᠶᠢᠨ ᠳᠡᠭᠡᠳᠦ ᠲᠤᠤᠷᠠᠳᠤ ᠱᠠᠳᠤ ᠪᠠᠷ ᠢᠶᠠᠨ ᠦᠵᠡᠯ ᠰᠠᠨᠠᠭ᠎ᠠ ᠪᠠᠨ | ᠨᠢᠭᠡᠳᠬᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠬᠠᠷᠠᠯᠲᠠ ᠪᠠᠨ ᠲᠣᠳᠣᠷᠬᠠᠶᠢᠯᠠᠵᠤ᠂ ᠵᠡᠭᠡᠯᠢ ᠭᠤᠳᠤᠮᠵᠢ ᠶᠢᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠪᠠᠶᠢᠭᠤᠯᠤᠯᠲᠠ ᠶᠢ ᠠᠳᠬᠤᠬᠤ᠂ ᠵᠠᠰᠠᠯᠲᠠ ᠶᠢ | ᠴᠢᠩᠭᠠᠳᠬᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠲᠣᠭᠤᠷᠢᠨ | ᠳᠤ᠂ ᠬᠦᠴᠦᠯᠡᠨ ᠴᠢᠷᠮᠠᠶᠢᠬᠤ ᠣᠪᠣᠷ ᠪᠠᠶᠢᠳᠠᠯ᠂ ᠦᠨᠡᠨ ᠬᠦ ᠠᠳᠬᠤᠵᠤ ᠪᠣᠳᠠᠲᠠᠢ ᠠᠵᠢᠯᠯᠠᠬᠤ ᠰᠤᠷᠲᠠᠯ ᠢᠶᠠᠷ᠂ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠡᠯ᠎ᠡ ᠵᠦᠢᠯ ᠤᠨ ᠠᠵᠢᠯ ᠤᠨ ᠥᠷᠨᠢᠯᠲᠡ ᠶᠢ ᠠᠬᠢᠭᠤᠯᠵᠤ᠂ | ᠵᠡᠭᠡᠯᠢ ᠭᠤᠳᠤᠮᠵᠢ ᠶᠢᠨ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ ᠃ |