ᠪᠤᠭᠤᠲᠤ ᠬᠤᠲᠠ ᠶᠢᠨ ᠪᠡᠳᠺᠡᠷ ᠰᠦᠮ᠎ᠡ ᠶᠢᠨ ᠦᠵᠡᠮᠵᠢᠲᠦ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠢᠨ ᠠᠵᠢᠯ ᠤᠨ ᠬᠤᠷᠠᠯ ᠤᠨ ᠮᠡᠳᠡᠭᠡ ᠵᠠᠩᠭᠢ
ᠨᠡᠶᠢᠲᠡᠯᠡᠭᠰᠡᠨ ᠴᠠᠭ᠄
2021/12/17
       2021 ᠣᠨ ᠤ 12 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨᠠᠬᠢ 2᠄ 30 ᠴᠠᠭ  ᠲᠤ᠂ ᠪᠤᠭᠤᠲᠤ ᠬᠤᠲᠠ ᠶᠢᠨ ᠪᠡᠳᠺᠡᠷ ᠵᠣᠣ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠶᠢᠨ ᠵᠧᠩ ᠲᠣᠮᠣ ᠠᠰᠠᠷ ᠤᠨ A 537 ᠠᠯᠪᠠᠨ ᠬᠡᠷ ᠲᠤ ᠡᠷᠬᠢᠯᠡᠭᠴᠢᠳ ᠤᠨ ᠬᠤᠷᠠᠯ ᠬᠢᠪᠠ᠂ ᠬᠤᠷᠠᠯ ᠢ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠵᠢᠶᠦ᠋ᠨ ᠨᠥᠬᠦᠷ ᠡᠷᠭᠢᠯᠡᠪᠡ  ᠃      ᠬᠤᠷᠠᠯ ᠠᠴᠠ ᠤᠢᠢᠷ᠎ᠡ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠲᠤᠬᠠᠢ ᠬᠠᠮᠢᠶ᠎ᠠ ᠪᠦᠬᠦᠢ ᠪᠢᠴᠢᠭ ᠮᠠᠲᠧᠷᠢᠶᠠᠯ ᠢ ᠰᠤᠷᠤᠯᠴᠠᠵᠦ᠂ ᠵᠠᠩ ᠵᠢᠶᠦ᠋ᠨ ᠨᠥᠬᠦᠷ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠷᠡᠰ ᠭᠤᠶᠢᠪᠢᠰᠢ ᠦᠭᠡᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠠᠮᠤᠷ ᠲᠦᠪᠰᠢᠨ ᠤ ᠠᠵᠢᠯ ᠢ ᠪᠦᠲᠦᠮᠵᠢᠲᠡᠢ ᠬᠡᠷᠡᠭᠵᠢᠭᠦᠯᠬᠦ ᠶᠢ ᠪᠠᠲᠤᠯᠠᠵᠤ᠂ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠵᠠᠰᠠᠬᠤ ᠰᠠᠨᠠᠯ ᠢ ᠰᠠᠶᠢᠲᠤᠷ ᠨᠠᠶᠢᠳᠠᠪᠤᠷᠢᠵᠢᠭᠤᠯᠵᠤ᠂ ᠦᠵᠡᠮᠵᠢ ᠶᠢᠨ ᠣᠷᠣᠨ ᠤ ᠵᠢᠭᠤᠯᠴᠢᠯᠠᠯ ᠤᠨ ᠺᠣᠮᠫᠠᠨᠢ ᠲᠠᠢ ᠬᠦᠴᠦ ᠪᠠᠨ ᠬᠠᠮᠲᠤᠳᠬᠠᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ  ᠃

     ᠬᠤᠷᠠᠯ ᠠᠴᠠ 《 ᠰᠢᠭᠤᠶᠢᠲᠤ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ

ᠵᠢᠷᠤᠮᠵᠢᠭᠤᠯᠬᠤ ᠶᠠᠪᠤᠴᠠ 》 ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠵᠠᠩ ᠵᠢᠶᠦ᠋ᠨ

ᠨᠥᠬᠦᠷ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠣᠯ ᠪᠠᠯᠠ

ᠣᠷᠣᠭᠤᠯᠤᠯᠲᠠ ᠶᠢ ᠲᠠᠲᠠᠬᠤ ᠴᠢᠬᠤᠯᠠ ᠠᠷᠭ᠎ᠠ ᠪᠠᠷᠢᠯ ᠮᠥᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢ

ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠭᠡᠵᠦ ᠴᠢᠬᠤᠯᠠᠴᠢᠯᠠᠪᠠ︔ ᠣᠯᠠᠨ ᠢᠶᠠᠷ ᠢᠶᠠᠨ ᠬᠥᠭᠵᠢᠯᠲᠡ ᠶᠢᠨ ᠶᠡᠭᠡ

ᠲᠠᠯ᠎ᠠ ᠳᠤ ᠰᠠᠭᠤᠷᠢᠯᠠᠨ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠠᠯᠠᠭ᠎ᠠ ᠮᠥᠴᠢᠷ ᠤᠨ ᠳᠠᠪᠠᠭᠤᠯᠢᠭ

 ᠢᠶᠠᠨ ᠭᠦᠶᠴᠡᠳ ᠪᠠᠳᠠᠷᠠᠭᠤᠯᠤᠨ᠂ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠵᠣᠯᠭᠠᠭᠤᠯᠵᠤ᠂ ᠡᠯ᠎ᠡ ᠬᠠᠮᠢᠶ᠎ᠠ ᠪᠥᠬᠦᠶ

ᠰᠠᠯᠠᠭ᠎ᠠ ᠮᠥᠴᠢᠷ ᠤᠨ ᠬᠢᠨ ᠢᠳᠡᠪᠬᠢᠲᠡᠶ ᠬᠠᠮᠵᠢᠯᠴᠠᠨ᠂ ᠪᠣᠳᠠᠲᠠᠶ ᠲᠠᠢ ᠪᠠᠨ ᠤᠶᠠᠯᠳᠤᠭᠤᠯᠵᠤ᠂ ᠠᠷᠠᠯᠵᠢᠶᠠᠴᠢᠨ

ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠤᠷᠰᠢᠨ ᠬᠡᠷᠡᠭᠵᠢᠭᠦᠯᠬᠦ ᠠᠵᠢᠯ ᠢ

ᠬᠠᠮᠲᠤ ᠪᠠᠷ ᠰᠠᠶᠢᠲᠤᠷ ᠬᠢᠬᠦ ᠬᠡᠷᠡᠭᠲᠡᠶ  ᠃

      ᠬᠤᠷᠠᠯ ᠠᠴᠠ ᠰᠢᠭᠤᠶᠢᠲᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠬᠦ ᠭᠠᠷ ᠳᠡᠪᠲᠡᠷ ᠢ ᠰᠤᠷᠤᠯᠴᠠᠵᠠᠢ᠂ ᠵᠠᠩ ᠵᠢᠶᠦ᠋ᠨ ᠨᠥᠬᠦᠷ᠂ ᠤᠳᠤ ᠪᠠᠷ ᠵᠢᠯ ᠤᠨ

ᠡᠴᠦᠰ ᠡᠪᠦᠯ ᠪᠤᠯᠵᠤ᠂ ᠦᠵᠡᠮᠵᠢ ᠶᠢᠨ ᠣᠷᠣᠨ ᠬᠡᠳᠦᠶᠢᠪᠡᠷ ᠡᠭᠦᠳᠡ ᠪᠠᠨ ᠬᠠᠭᠠᠬᠤ ᠪᠠᠶᠢᠳᠠᠯ ᠳᠤ ᠪᠠᠶᠢᠭ᠎ᠠ ᠪᠣᠯᠪᠠᠴᠤ

᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ

ᠨᠠᠶᠢᠳᠠᠪᠤᠷᠢᠵᠢᠭᠤᠯᠬᠤ ᠬᠡᠷᠡᠭᠲᠡᠢ᠂ ᠬᠥᠮᠦᠨ ᠬᠠᠷ᠎ᠠ ᠪᠠᠨ ᠬᠠᠮᠠᠭᠠᠯᠠᠬᠤ᠂ ᠲᠠᠯᠠᠪᠤᠷ ᠭᠠᠵᠠᠷ ᠢ ᠬᠠᠮᠠᠭᠠᠯᠠᠬᠤ᠂ ᠪᠠᠴᠢᠮ

ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠬᠠᠪᠤᠷ ᠤᠨ ᠲᠠᠷᠢᠶᠠᠯᠠᠭ᠎ᠠ ᠳᠤ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ

ᠭᠠᠷᠭᠠᠪᠠ  ᠃

      ᠬᠤᠷᠠᠯ ᠠᠴᠠ ᠪᠠᠰᠠ ᠪᠥᠬᠦ ᠬᠤᠲᠠ ᠶᠢᠨ ᠴᠢᠬᠤᠯᠠ ᠶᠡᠭᠡ ᠲᠥᠷᠥᠯ ᠵᠦᠶᠯ ᠤᠨ ᠲᠣᠭᠤᠷᠢᠨ ᠦᠵᠡᠵᠦ

ᠠᠬᠢᠭᠤᠯᠬᠤ ᠬᠤᠷᠠᠯ ᠳᠡᠭᠡᠷ᠎ᠡ ᠭᠠᠶ ᠯᠢᠶᠠᠨ ᠢᠦ᠋ᠶ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂

ᠵᠢᠭᠤᠯᠴᠢᠯᠠᠯ ᠤᠨ ᠺᠣᠮᠫᠠᠨᠢ ᠶᠢ ᠬᠢᠨᠠᠨ ᠬᠠᠮᠢᠶᠠᠷᠬᠤ ᠲᠦᠷᠢᠮ ᠪᠣᠯᠤᠨ 2021 ᠣᠨ ᠤ ᠵᠢᠭᠤᠯᠴᠢᠯᠠᠯ ᠤᠨ ᠺᠣᠮᠫᠠᠨᠢ ᠶᠢ

ᠰᠢᠯᠭᠠᠨ ᠦᠨᠡᠯᠡᠬᠦ ᠨᠠᠷᠢᠨ ᠲᠦᠷᠢᠮ ᠢ ᠰᠤᠳᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠯᠤᠨ

ᠲᠠᠰᠤᠭ ᠤᠨ ᠨᠥᠬᠦᠳ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠣᠨᠣᠰᠴᠠᠶ  ᠃

 
ᠢᠷᠡᠯᠲᠡ᠄ ᠪᠡᠳᠺᠡᠷ ᠵᠣᠣ ᠦᠵᠡᠮᠵᠢ ᠶᠢᠨ ᠣᠷᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号