ᠠᠷᠠᠳ ᠲᠤ ᠳᠥᠭᠦᠮ ᠦᠵᠡᠭᠦᠯᠬᠦ ᠥᠭᠡᠷᠡᠴᠢᠯᠡᠯᠲᠡ ᠪᠣᠳᠠᠲᠤ ᠦᠷ᠎ᠡ ᠪᠦᠲᠦᠮᠵᠢ ᠣᠯᠵᠤ ᠡᠷᠡᠭᠦᠯ ᠬᠠᠮᠠᠭᠠᠯᠠᠯ ᠡᠷᠡᠭᠦᠯ ᠮᠡᠨᠳᠦ ᠲᠣᠰᠬᠤᠨ ᠤ ᠰᠢᠨ᠎ᠡ ᠳᠦᠷᠰᠦ ᠪᠠᠶᠳᠠᠯ ᠢ ᠢᠯᠡᠷᠡᠭᠦᠯᠪᠡ
ᠨᠡᠶᠢᠲᠡᠯᠡᠭᠰᠡᠨ ᠴᠠᠭ᠄
2021/12/17
       ᠰᠢᠭᠤᠶᠢᠲᠤ ᠲᠣᠭᠤᠷᠢᠭ ᠤᠨ ᠪᠡᠳᠺᠡᠷ ᠵᠣᠣ ᠪᠠᠯᠭᠠᠰᠤᠨ ᠤ ᠭᠠᠩ ᠹᠠᠩ ᠳ᠋ᠢ ᠵᠢᠷᠭᠠᠯᠠᠩᠲᠤ ᠬᠦᠷᠢᠶᠡᠯᠡᠩ ᠤᠨ ᠬᠤᠶᠠᠷ ᠲᠥᠯᠥᠭᠡᠯᠡᠭᠴᠢ ᠳᠡᠳ᠋ ᠪᠠᠯᠭᠠᠰᠤᠨ ᠤ ᠳᠠᠷᠤᠭ᠎ᠠ ᠰᠢᠶᠤᠤ ᠳ᠋ᠠ ᠶᠢᠨ ᠪᠠᠷ᠎ᠠ ᠪᠣᠯᠣᠯᠭ᠎ᠠ ᠲᠠᠢ ᠪᠠᠷ᠂ 《 ᠠᠷᠠᠳ  ᠲᠤ ᠲᠥᠬᠦᠮ ᠦᠵᠡᠭᠦᠯᠬᠦ ᠥᠭᠡᠷᠡᠴᠢᠯᠡᠯᠲᠡ᠂ ᠪᠣᠳᠠᠲᠤ ᠦᠷ᠎ᠡ ᠪᠦᠲᠦᠮᠵᠢᠲᠡᠶ ᠡᠷᠡᠭᠦᠯ ᠬᠠᠮᠠᠭᠠᠯᠠᠯ᠂ ᠡᠷᠡᠭᠦᠯ ᠮᠡᠨᠳᠦ᠂ ᠲᠣᠰᠬᠤᠨ ᠤ ᠦᠵᠡᠭᠦᠯᠭᠡ ᠶᠢᠨ ᠰᠢᠨ᠎ᠡ ᠳᠦᠷᠰᠦ ᠪᠠᠶᠢᠳᠠᠯ 》 ᠭᠡᠬᠦ ᠬᠡᠮᠡᠷᠯᠢᠭ ᠲᠤᠭ ᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠵᠠᠩ ᠮᠢᠨ ᠤ ᠭᠠᠷ ᠲᠤ ᠬᠦᠷᠭᠡᠵᠦ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 《 ᠨᠠᠰᠤᠲᠠᠶᠢᠴᠤᠳ ᠤᠨ ᠨᠥᠬᠦᠷᠰᠡᠭ ᠨᠡᠶᠢᠭᠡᠮ ᠲᠣᠭᠤᠷᠢᠭ 》 ᠢ ᠡᠭᠦᠳᠦᠨ ᠪᠠᠶᠢᠭᠤᠯᠬᠤ ᠠᠵᠢᠯ ᠳᠤᠮᠳᠠ ᠲᠡᠭᠦᠨ ᠤ 110 ᠡᠷᠦᠬᠡ ᠨᠠᠰᠤᠲᠠᠶᠢᠴᠤᠳ ᠤᠨ ᠬᠡᠷ ᠲᠤ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠬᠢᠭᠰᠡᠨ ᠲᠠᠯᠠᠷᠬᠠᠯ ᠢᠶᠠᠨ ᠢᠯᠡᠳᠬᠡᠪᠡ  ᠃

      ᠬᠤᠶᠠᠷ ᠨᠠᠰᠤᠲᠠᠨ᠄ 《 ᠥᠩᠭᠡᠷᠡᠭᠰᠡᠨ ᠳᠤ ᠲᠦᠰᠢᠭᠦᠷ ᠥᠬᠡᠶ ᠦᠶ᠎ᠡ ᠳᠤ ᠵᠠᠷᠢᠮ ᠠᠶᠢᠯ ᠡᠷᠦᠬᠡ ᠶᠢᠨ

ᠡᠭᠦᠳᠡᠨ ᠳᠠᠬᠢ ᠱᠠᠲᠤ ᠨᠢ ᠨᠡᠯᠢᠶᠡᠳ ᠥᠨᠳᠥᠷ ᠪᠠᠶᠢᠵᠤ᠂ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ

ᠱᠠᠲᠤ ᠠᠴᠠ ᠪᠠᠭᠤᠬᠤ ᠳᠤ ᠴᠤ ᠲᠦᠰᠢᠭᠦᠷ ᠥᠬᠡᠶ ᠪᠠᠶᠢᠪᠠ᠂ ᠢᠯᠠᠩᠭᠤᠶ᠎ᠠ ᠡᠪᠦᠯ ᠤᠨ ᠤᠯᠠᠷᠢᠯ ᠳᠤ ᠵᠠᠮ

ᠬᠠᠯᠲᠤᠷᠢᠭ᠎ᠠ ᠲᠠᠢ᠂ ᠮᠠᠰᠢ ᠣᠯᠠᠨ ᠨᠠᠰᠤᠲᠠᠶᠢᠴᠤᠳ ᠪᠦᠷ ᠭᠠᠳᠠᠭᠰᠢ ᠭᠠᠷᠬᠤ ᠵᠣᠷᠢᠭ ᠥᠬᠡᠶ ᠪᠠᠶᠢᠪᠠ᠂ ᠡᠨᠡ

ᠤᠳᠠᠭ᠎ᠠ ᠲᠦᠰᠢᠭᠦᠷ ᠤᠭᠰᠠᠷᠠᠪᠠᠯ ᠨᠠᠩ ᠲᠥᠬᠦᠮ ᠪᠣᠯᠵᠣ᠂ ᠱᠠᠲᠤᠨ ᠠᠴᠠ ᠪᠠᠭᠤᠬᠤ ᠳᠤ ᠴᠤ ᠬᠥᠮᠦᠨ ᠲᠦᠰᠢᠬᠦ

ᠬᠡᠷᠡᠭ ᠥᠬᠡᠶ ᠪᠣᠯᠵᠠᠶ᠂ ᠪᠢᠳᠡ ᠪᠦᠳᠦᠷᠢᠵᠦ ᠤᠨᠠᠬᠤ ᠠᠴᠠ ᠠᠶᠤᠭᠠᠳ ᠪᠠᠰᠠ ᠵᠠᠷᠢᠮ ᠵᠢᠵᠢᠭ ᠱᠠᠲᠤ ᠶᠢ ᠲᠡᠭᠰᠢᠯᠡᠵᠦ᠂

ᠪᠠᠰᠠ ᠨᠢᠭᠡ ᠪᠦᠯᠦᠭ ᠵᠢᠵᠢᠭ ᠰᠥᠨᠢ ᠶᠢᠨ ᠳ᠋ᠧᠩ ᠪᠠ ᠵᠣᠷᠯᠣᠩ ᠤᠨ ᠲᠦᠰᠢᠭᠦᠷ ᠬᠤᠳᠠᠯᠳᠤᠨ ᠠᠪᠴᠤ᠂ ᠲᠠᠷᠠᠭᠠᠴᠢ

 ᠶᠢᠨ ᠠᠯᠬᠤᠮ ᠳᠤ ᠤᠭᠰᠠᠷᠠᠬᠤ ᠪᠠᠷ ᠬᠦᠯᠢᠶᠡᠵᠦ ᠪᠠᠶᠢᠨ᠎ᠠ ᠭᠡᠵᠦ ᠬᠡᠯᠡᠪᠡ᠂ ᠲᠠ ᠨᠠᠷ ᠤᠨ ᠵᠣᠯ ᠵᠢᠷᠭᠠᠯᠲᠤ

ᠬᠦᠷᠢᠶᠡᠯᠡᠩ ᠤᠨ ᠨᠠᠰᠤᠲᠠᠶᠢᠴᠤᠳ ᠤᠨ ᠲᠥᠯᠥᠭᠡ ᠪᠣᠳᠣᠯᠬᠢᠯᠠᠵᠤ ᠪᠠᠶᠢᠬᠤ ᠳᠤ ᠲᠠᠯᠠᠷᠬᠠᠵᠤ ᠪᠠᠶᠢᠨ᠎ᠠ  ᠃ 》

      ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠵᠠᠩ ᠮᠢᠨ

ᠢᠯᠡᠷᠬᠡᠶᠢᠯᠡᠬᠦ ᠳᠡᠭᠡᠨ᠂ ᠨᠠᠰᠤᠲᠠᠶᠢᠴᠤᠳ ᠲᠤ ᠲᠥᠬᠦᠮ ᠦᠵᠡᠭᠦᠯᠬᠦ ᠦᠶᠯᠡᠴᠢᠯᠡᠭᠡ ᠬᠠᠩᠭᠠᠬᠤ ᠪᠣᠯ ᠪᠢᠳᠡᠨ ᠤ ᠬᠢᠬᠦ

ᠶᠣᠰᠣᠲᠠᠶ ᠠᠵᠢᠯ ᠮᠥᠨ᠂ ᠡᠨᠡ ᠬᠦ ᠬᠦᠨᠳᠦ ᠨᠦᠰᠡᠷ ᠬᠡᠮᠡᠷᠯᠢᠭ ᠲᠤᠭ ᠪᠣᠯ ᠰᠢᠭᠤᠶᠢᠲᠤ ᠣᠷᠣᠨ ᠤ ᠡᠷᠡᠭᠦᠯ

ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠤᠭ ᠤᠨ ᠳᠡᠭᠡᠳᠦ ᠨᠤᠲᠠᠯᠠᠯᠲᠠ ᠪᠠ ᠬᠠᠮᠤᠭ ᠤᠨ ᠰᠠᠶᠢᠨ

ᠵᠣᠷᠢᠭᠵᠢᠭᠤᠯᠤᠯ ᠮᠥᠨ ᠭᠡᠵᠡᠶ  ᠃ ᠬᠤᠶᠢᠰᠢᠳᠠ ᠶᠢᠨ ᠠᠵᠢᠯ ᠤᠨ ᠳᠤᠮᠳᠠ᠂ ᠪᠢᠳᠡ ᠰᠢᠨ᠎ᠡ ᠶᠢ ᠡᠭᠦᠳᠬᠦ

ᠦᠶᠯᠡᠴᠢᠯᠡᠭᠡᠨ ᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠰᠤᠲᠠᠶᠢᠴᠤᠳ ᠲᠤ ᠨᠠᠩ ᠴᠢᠨᠠᠷ

ᠰᠠᠶᠢᠲᠠᠶ ᠦᠶᠯᠡᠴᠢᠯᠡᠭᠡ ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠲᠠᠢ ᠨᠡᠪᠲᠡᠷᠡᠯᠴᠡᠬᠦ ᠬᠠᠶᠢᠷ᠎ᠠ

ᠬᠠᠯᠠᠮᠵᠢ ᠶᠢᠨ ᠬᠥᠭᠦᠷᠭᠡ ᠶᠢ ᠴᠣᠭᠴᠠᠯᠠᠬᠤ ᠪᠣᠯᠤᠨ᠎ᠠ  ᠃

 
ᠢᠷᠡᠯᠲᠡ᠄ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号