ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢ ᠤᠯᠠᠮ ᠨᠢᠭᠡ ᠠᠯᠬᠤᠮ ᠬᠡᠷᠡᠭᠯᠡᠨ ᠳᠤᠮᠳᠠ ᠵᠢᠵᠢᠭ ᠪᠢᠴᠢᠯ ᠠᠵᠤ | ᠠᠬᠤᠶᠢᠯᠠᠯ ᠳᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠬᠤ ᠲᠤᠬᠠᠶ ᠪᠠᠶᠢᠷᠢᠯᠠᠭᠤᠯᠪᠠ | ᠦᠢᠯᠡᠳᠬᠡᠯ ᠤᠨ ᠦᠢᠯᠡᠰ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ ᠪᠣᠳᠠᠲᠤ | ᠴᠣᠭᠴᠠ ᠶᠢᠨ ᠠᠵᠤ ᠠᠬᠤᠶ ᠶᠢᠨ ᠲᠣᠭᠲᠠᠭᠤᠨ ᠬᠥᠭᠵᠢᠯᠲᠡ ᠶᠢ ᠠᠬᠢᠭᠤᠯᠬᠤ ᠪᠠᠷ ᠲᠣᠭᠲᠠᠭᠠᠪᠠ | ᠰᠢᠨᠬᠤᠸᠠ ᠬᠤᠷᠢᠶᠠᠨ ᠤ ᠪᠡᠭᠡᠵᠢᠩ ᠤᠨ 12 ᠳ᠋ᠤᠭᠠᠷ ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 12 ᠳ᠋ᠤᠭᠠᠷ ᠰᠠᠷ᠎ᠠ ᠶᠢᠨ 15 ᠤ ᠡᠳᠦᠷ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠵᠠᠬ᠎ᠠ ᠳᠡᠯᠭᠡᠭᠦᠷᠴᠢᠯᠡᠬᠦ | ᠠᠷᠭ᠎ᠠ ᠮᠠᠶ᠋ᠢᠭ ᠢ ᠤᠯᠠᠮ ᠨᠢᠭᠡ ᠠᠯᠬᠤᠮ ᠬᠡᠷᠡᠭᠯᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠦᠵᠡᠭᠦᠯᠬᠦ ᠮᠥᠩᠭᠦᠨ | ᠭᠦᠢᠯᠭᠡᠭᠡᠨ ᠤ ᠳᠡᠮᠵᠢᠯᠭᠡ ᠶᠢ ᠴᠢᠩᠭᠠᠳᠬᠠᠬᠤ ᠲᠤᠬᠠᠶ ᠪᠠᠶᠢᠷᠢᠯᠠᠭᠤᠯᠪᠠ︔ ᠦᠢᠯᠡᠳᠬᠡᠯ ᠤᠨ ᠦᠢᠯᠡᠰ ᠢ ᠳᠡᠮᠵᠢᠬᠦ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ ᠪᠣᠳᠠᠲᠤ ᠴᠣᠭᠴᠠ ᠶᠢᠨ ᠠᠵᠤ ᠠᠬᠤᠶ ᠶᠢᠨ ᠲᠣᠭᠲᠠᠭᠤᠨ | ᠬᠥᠭᠵᠢᠯᠲᠡ ᠶᠢ ᠠᠬᠢᠭᠤᠯᠬᠤ ᠪᠠᠷ ᠲᠣᠭᠲᠠᠭᠠᠪᠠ᠃ | ᠬᠤᠷᠠᠯ ᠠᠴᠠ ᠵᠢᠭᠠᠬᠤ ᠳᠤ ᠪᠠᠨ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠠᠵᠤ ᠠᠬᠤᠢ ᠶᠢᠨ ᠪᠦᠳᠦᠬᠡᠨ ᠪᠠᠶᠢᠭᠤᠯᠤᠯᠲᠠ ᠪᠠᠷ ᠭᠤᠣᠯ ᠪᠣᠯᠭᠠᠬᠤ ᠶᠢ | ᠪᠠᠷᠢᠮᠲᠠᠯᠠᠵᠤ᠂ ᠲᠣᠭᠲᠠᠭᠤᠨ ᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ ︽ | ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠰᠠᠶᠢᠲᠤᠷ ᠬᠢᠬᠦ ᠬᠡᠷᠡᠭᠲᠡᠢ᠃ | ᠣᠳᠣᠬᠠᠨ ᠳᠤ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠤᠭᠡ ᠳᠤ | ᠲᠤᠯᠭᠠᠷᠠᠵᠤ ᠪᠠᠶᠢᠭ᠎ᠠ ᠬᠦᠴᠢᠷᠳᠡᠯ ᠮᠠᠰᠢ ᠶᠡᠭᠡ ᠪᠠᠶᠢᠨ᠎ᠠ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠪᠠᠷ | ᠭᠤᠣᠯᠯᠠᠭᠤᠯᠤᠨ᠂ ᠠᠵᠤ ᠠᠬᠤᠶ ᠶᠢᠨ ᠪᠠᠭᠤᠷᠠᠯᠲᠠ ᠶᠢᠨ ᠰᠢᠨ᠎ᠡ ᠳᠠᠷᠤᠯᠲᠠ ᠶᠢ ᠠᠷᠭᠠᠴᠠᠭᠠᠵᠤ᠂ ᠵᠠᠬ᠎ᠠ ᠳᠡᠯᠭᠡᠭᠦᠷᠴᠢᠯᠡᠬᠦ | ᠠᠷᠭ᠎ᠠ ᠶᠢ ᠬᠡᠷᠡᠭᠯᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠤᠭᠡ ᠳᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠪᠠᠨ ᠨᠡᠮᠡᠭᠳᠡᠭᠦᠯᠬᠦ ᠬᠡᠷᠡᠭᠲᠡᠶ ᠭᠡᠵᠡᠢ᠃ ᠬᠤᠷᠠᠯ ᠠᠴᠠ | ᠲᠣᠭᠲᠠᠭᠠᠬᠤ ᠳᠤ ᠪᠠᠨ᠂ ᠨᠢᠭᠡ ᠳᠤ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠵᠢᠭᠡᠯᠡᠯᠭᠡ ᠶᠢᠨ ᠡᠬᠡ | ᠬᠦᠦ ᠮᠥᠩᠭᠦ ᠪᠠᠨ ᠬᠤᠶᠢᠰᠢᠯᠠᠭᠤᠯᠤᠨ ᠪᠤᠴᠠᠭᠠᠬᠤ ᠳᠡᠮᠵᠢᠯᠭᠡ ᠶᠢᠨ ᠪᠠᠭᠠᠵᠢ ᠶᠢ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ | ᠵᠢᠭᠡᠯᠡᠯᠭᠡ ᠶᠢᠨ ᠳᠡᠮᠵᠢᠯᠭᠡ ᠶᠢᠨ ᠪᠠᠭᠠᠵᠢ ᠪᠣᠯᠭᠠᠨ ᠬᠤᠪᠢᠷᠠᠭᠤᠯᠤᠨ᠎ᠠ᠃ 2022 ᠣᠨ ᠠᠴᠠ 2023 ᠣᠨ ᠤ 6 ᠳ᠋ᠤᠭᠠᠷ | ᠰᠠᠷ᠎ᠠ ᠶᠢᠨ ᠡᠴᠦᠰ ᠪᠣᠯᠲᠠᠯ᠎ᠠ᠂ ᠠᠷᠠᠳ ᠤᠨ ᠪᠠᠩᠬᠢ ᠠᠴᠠ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ | ᠲᠠᠷᠬᠠᠭᠠᠭᠰᠠᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢᠨ ᠨᠡᠮᠡᠭᠳᠡᠯ ᠤᠨ ᠬᠡᠮᠵᠢᠶᠡᠨ ᠤ 1% ᠪᠠᠷ ᠪᠠᠯᠠ | ᠮᠥᠩᠭᠦ ᠬᠠᠩᠭᠠᠵᠤ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠦᠢᠯᠡᠰ ᠤᠨ ᠵᠢᠭᠡᠯᠡᠯᠭᠡ ᠶᠢ ᠨᠡᠮᠡᠭᠳᠡᠭᠦᠯᠬᠦ ᠶᠢ | ᠵᠣᠷᠢᠭᠵᠢᠭᠤᠯᠤᠨ᠎ᠠ᠃ ᠬᠤᠶᠠᠷ ᠲᠤ᠂ 2022 ᠣᠨ ᠠᠴᠠ ᠡᠬᠢᠯᠡᠨ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ | ᠢᠲᠡᠭᠡᠮᠵᠢᠲᠦ ᠵᠢᠭᠡᠯᠡᠯᠭᠡ ᠶᠢ ᠲᠠᠷᠢᠶᠠᠯᠠᠩ ᠢ ᠳᠡᠮᠵᠢᠬᠦ᠂ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢ ᠳᠡᠮᠵᠢᠬᠦ᠂ | ᠳᠠᠬᠢᠨᠲᠠ ᠵᠢᠭᠡᠯᠡᠯᠭᠡ ᠶᠢ ᠳᠡᠮᠵᠢᠬᠦ ᠲᠥᠯᠥᠪᠯᠡᠭᠡ ᠶᠢᠨ ᠬᠠᠮᠢᠶᠠᠷᠤᠯᠲᠠ ᠳᠤ ᠣᠷᠣᠭᠤᠯᠵᠤ᠂ ᠤᠤᠯ ᠤᠨ ᠲᠦᠭᠡᠮᠡᠯ | ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢ ᠳᠡᠮᠵᠢᠬᠦ ᠳᠤ ᠬᠡᠷᠡᠭᠯᠡᠵᠦ ᠪᠠᠶᠢᠭᠰᠠᠨ | 4000 ᠳ᠋ᠦᠩᠰᠢᠭᠤᠷ ᠲᠥᠭᠦᠷᠢᠭ ᠤᠨ ᠳᠠᠬᠢᠨᠲᠠ ᠵᠢᠭᠡᠯᠡᠯᠭᠡ ᠶᠢ ᠡᠷᠭᠢᠯᠳᠦᠭᠦᠯᠦᠨ ᠬᠡᠷᠡᠭᠯᠡᠵᠦ ᠪᠣᠯᠤᠨ᠎ᠠ᠂ ᠴᠢᠬᠤᠯᠠᠲᠠᠶ | ᠦᠶ᠎ᠡ ᠳᠤ ᠳᠠᠬᠢᠨᠲᠠ ᠵᠢᠭᠡᠯᠡᠯᠭᠡ ᠶᠢᠨ ᠲᠤᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ ᠪᠣᠯᠤᠨ᠎ᠠ᠃ ᠨᠥᠬᠦᠴᠡᠯ ᠳᠤ | ᠨᠡᠶᠢᠴᠡᠬᠦ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠨᠢ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ | ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠲᠠᠯᠪᠢᠬᠤ ᠳᠤ᠂ ᠠᠷᠠᠳ ᠤᠨ ᠪᠠᠩᠬᠢ ᠠᠴᠠ ᠳᠠᠬᠢᠨᠲᠠ ᠵᠢᠭᠡᠯᠡᠯᠭᠡ ᠶᠢᠨ | ᠬᠠᠷᠠᠭᠠᠯᠵᠠᠯᠲᠤ ᠪᠠᠯᠠ ᠮᠥᠩᠭᠦ ᠶᠢᠨ ᠳᠡᠮᠵᠢᠯᠭᠡ ᠭᠤᠶᠤᠴᠢᠯᠠᠵᠤ ᠪᠣᠯᠤᠨ᠎ᠠ᠃ ᠭᠤᠷᠪᠠ ᠳᠤ᠂ ᠪᠦᠬᠦ ᠤᠯᠤᠰ ᠤᠨ ᠨᠢᠭᠡ | ᠴᠤᠭᠴᠠᠵᠢᠭᠰᠠᠨ ᠪᠡᠯᠡ ᠲᠤᠬᠢᠷᠠᠭᠤᠯᠭ᠎ᠠ ᠶᠢᠨ ᠢᠲᠡᠭᠡᠮᠵᠢᠲᠦ ᠦᠢᠯᠡᠴᠢᠯᠡᠭᠡᠨ ᠤ ᠲᠠᠪᠴᠠᠩ ᠤᠨ ᠰᠦᠯᠵᠢᠶ᠎ᠡ ᠶᠢ ᠪᠠᠶᠢᠭᠤᠯᠵᠤ᠂ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠤᠬᠢᠷᠠᠭᠤᠯᠭ᠎ᠠ ᠳᠤ ᠦᠢᠯᠡᠴᠢᠯᠡᠬᠦ ᠪᠠᠷ ᠤᠳᠤᠷᠢᠳᠤᠮᠵᠢ ᠪᠣᠯᠭᠠᠵᠤ᠂ | ᠬᠠᠤᠯᠢ ᠲᠣᠭᠲᠠᠭᠠᠯ ᠶᠣᠰᠣᠭᠠᠷ᠂ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠳᠠᠩᠰᠠᠯᠠᠨ ᠲᠡᠮᠳᠡᠭᠯᠡᠬᠦ᠂ ᠵᠠᠰᠠᠭ ᠵᠠᠬᠢᠷᠭᠠᠨ ᠤ ᠰᠢᠢᠳᠬᠡᠯ ᠣᠯᠭᠤᠬᠤ᠂ ᠬᠠᠤᠯᠢ | ᠴᠠᠭᠠᠵᠠ ᠶᠢᠨ ᠲᠠᠰᠤᠯᠤᠯᠳᠠ ᠬᠢᠬᠦ ᠵᠢᠴᠢ ᠬᠡᠷᠡᠭᠵᠢᠭᠦᠯᠬᠦ᠂ ᠭᠠᠶᠢᠯᠢ ᠲᠤᠰᠢᠶᠠᠬᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ | ᠲᠤᠰᠢᠶᠠᠬᠤ ᠵᠡᠷᠭᠡ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠲᠦᠷᠭᠡᠨ ᠠᠬᠢᠭᠤᠯᠵᠤ᠂ ᠪᠠᠩᠬᠢ ᠶᠢᠨ ᠳᠤᠮᠳᠠ ᠵᠢᠵᠢᠭ | ᠪᠢᠴᠢᠯ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠳᠤ ᠨᠢ ᠬᠦᠴᠦ ᠨᠡᠮᠡᠷᠢᠯᠡᠨ᠎ᠡ᠃ ᠲᠦᠷᠪᠡ ᠳᠤ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠵᠢᠭᠡᠯᠡᠯᠭᠡ ᠲᠠᠯᠪᠢᠭᠰᠠᠨ | ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠠᠷᠢᠭᠤᠴᠠᠯᠭ᠎ᠠ ᠠᠴᠠ | ᠬᠡᠯᠲᠦᠷᠢᠭᠦᠯᠬᠦ ᠵᠡᠷᠭᠡ ᠲᠣᠭᠲᠠᠭᠠᠯ ᠢ ᠪᠦᠷᠢᠨᠰᠢᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠵᠢᠵᠢᠭ | ᠪᠢᠴᠢᠯ ᠠᠵᠤ ᠠᠬᠤᠶᠢᠯᠠᠯ ᠳᠤ ᠲᠤᠰᠬᠠᠶ ᠵᠦᠢᠯ ᠤᠨ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠨᠢ | ᠳᠡᠮᠵᠢᠨ᠎ᠡ᠃ ᠵᠢᠵᠢᠭ ᠪᠢᠴᠢᠯ ᠠᠵᠤ ᠠᠬᠤᠶᠢᠯᠠᠯ ᠳᠤ ᠬᠠᠨᠳᠤᠭᠤᠯᠤᠭᠰᠠᠨ ᠵᠠᠰᠠᠭ ᠤᠨ ᠣᠷᠳᠣᠨ ᠤ ᠴᠢᠨᠠᠷᠲᠠᠶ ᠪᠡᠯᠡ | ᠲᠤᠬᠢᠷᠠᠭᠤᠯᠭ᠎ᠠ ᠶᠢᠨ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠥᠷᠭᠡᠳᠬᠡᠵᠦ᠂ ᠳᠠᠭᠠᠭᠠᠯᠲᠠ ᠶᠢᠨ | ᠥᠪᠡᠷ ᠤᠨ ᠦᠷᠳᠡᠭ ᠢ ᠪᠠᠭᠤᠷᠠᠭᠤᠯᠤᠨ᠎ᠠ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠦᠢᠯᠡᠳᠬᠡᠯ ᠤᠨ ᠦᠢᠯᠡᠰ ᠪᠣᠯ ᠠᠵᠤ ᠠᠬᠤᠢ ᠶᠢᠨ ᠬᠥᠭᠵᠢᠯᠲᠡ ᠶᠢᠨ ᠴᠢᠬᠤᠯᠠ | ᠰᠠᠭᠤᠷᠢ ᠪᠠ ᠲᠤᠯᠭᠠᠭᠤᠷᠢᠯᠠᠯ ᠮᠥᠨ᠃ ᠮᠠᠨ ᠤ ᠤᠯᠤᠰ ᠪᠣᠯ ᠦᠢᠯᠡᠳᠬᠡᠯ ᠤᠨ ᠦᠢᠯᠡᠰ ᠤᠨ ᠲᠤᠮᠤ ᠤᠯᠤᠰ ᠮᠥᠨ᠂ | ᠭᠡᠪᠡᠴᠦ ᠳᠡᠯᠡᠬᠡᠶ ᠶᠢᠨ ᠲᠡᠷᠢᠭᠦᠨ ᠤ ᠦᠢᠯᠡᠳᠬᠡᠯ ᠤᠨ ᠦᠢᠯᠡᠰ ᠤᠨ ᠬᠢᠷᠢ ᠲᠦᠪᠰᠢᠨ ᠲᠠᠢ ᠬᠠᠷᠢᠴᠠᠭᠤᠯᠪᠠᠯ ᠮᠥᠨ ᠯᠡ ᠪᠠᠭ᠎ᠠ | ᠪᠤᠰᠤ ᠵᠥᠷᠢᠶ᠎ᠡ ᠲᠠᠢ ᠪᠠᠶᠢᠨ᠎ᠠ᠃ ᠦᠢᠯᠡᠳᠬᠡᠯ ᠤᠨ ᠦᠢᠯᠡᠰ ᠤᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ | ᠰᠢᠢᠳᠪᠦᠷᠢᠯᠡᠬᠦ ᠪᠠ ᠬᠥᠭᠵᠢᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠦᠢᠯᠡᠳᠬᠡᠯ ᠤᠨ ᠦᠢᠯᠡᠰ ᠤᠨ ᠳᠤᠮᠳᠠ | ᠳᠣᠣᠷ᠎ᠠ ᠲᠡᠰ ᠠᠴᠠ ᠳᠤᠮᠳᠠ ᠳᠡᠭᠡᠳᠦ ᠲᠡᠰ ᠲᠡᠶᠢᠰᠢ ᠤᠷᠤᠭᠰᠢᠯᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ | ᠨᠢᠭᠡ ᠳᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢ | ᠦᠢᠯᠡᠳᠬᠡᠯ ᠤᠨ ᠦᠢᠯᠡᠰ ᠲᠡᠶᠢᠰᠢ ᠬᠡᠯᠪᠠᠶᠢᠯᠭᠡᠵᠦ᠂ ᠰᠤᠳᠤᠯᠤᠨ ᠨᠡᠭᠡᠭᠡᠬᠦ ᠰᠦᠢᠳᠬᠡᠯ ᠢ ᠨᠡᠮᠡᠨ ᠪᠤᠳᠤᠵᠤ ᠰᠠᠭᠤᠳᠬᠠᠨ | ᠬᠠᠰᠤᠬᠤ᠂ ᠦᠷᠳᠡᠭ ᠨᠡᠮᠡᠭᠳᠡᠯ ᠤᠨ ᠭᠠᠶᠢᠯᠢ ᠶᠢ ᠰᠠᠭᠤᠳᠬᠠᠬᠤ ᠪᠠ ᠭᠠᠶᠢᠯᠢ ᠶᠢ ᠪᠤᠴᠠᠭᠠᠬᠤ ᠵᠡᠷᠭᠡ ᠲᠦᠷᠦ ᠶᠢᠨ | ᠪᠤᠳᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠪᠠ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠶᠢ ᠳᠡᠮᠵᠢᠬᠦ ᠬᠡᠷᠡᠭᠲᠡᠢ᠃ ᠦᠢᠯᠡᠳᠬᠡᠯ ᠤᠨ | ᠦᠢᠯᠡᠰ ᠤᠨ ᠳᠤᠮᠳᠠ ᠪᠠ ᠤᠷᠲᠤ ᠬᠤᠭᠤᠴᠠᠭᠠᠨ ᠤ ᠵᠢᠭᠡᠯᠡᠯᠭᠡ᠂ ᠢᠲᠡᠭᠡᠮᠵᠢᠲᠦ ᠵᠢᠭᠡᠯᠡᠯᠭᠡ ᠶᠢᠨ ᠬᠡᠪᠴᠢᠶ᠎ᠡ ᠶᠢ ᠥᠷᠭᠡᠳᠬᠡᠬᠦ | ᠬᠡᠷᠡᠭᠲᠡᠢ᠃ ᠬᠤᠶᠠᠷ ᠲᠤ᠂ ᠦᠢᠯᠡᠳᠬᠡᠯ ᠤᠨ ᠦᠢᠯᠡᠰ ᠤᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ | ᠵᠦᠢᠯᠡᠰ ᠤᠨ ᠨᠠᠷᠢᠨ ᠲᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠦᠢᠯᠡᠳᠬᠡᠯ ᠤᠨ ᠦᠢᠯᠡᠰ ᠤᠨ ᠠᠵᠤ | ᠠᠬᠤᠶᠢᠯᠠᠯ ᠤᠨ ᠠᠮᠢᠵᠢᠷᠠᠯ ᠤᠨ ᠬᠦᠴᠦᠨ ᠢ ᠨᠠᠩ ᠶᠡᠭᠡ ᠪᠠᠷ ᠬᠥᠭᠵᠢᠭᠡᠬᠦ ᠬᠡᠷᠡᠭᠲᠡᠢ᠃ ᠭᠤᠷᠪᠠ ᠳᠤ᠂ ᠲᠡᠷᠢᠭᠦᠨ ᠤ | ᠦᠢᠯᠡᠳᠬᠡᠯ ᠤᠨ ᠦᠢᠯᠡᠰ ᠢ ᠬᠥᠭᠵᠢᠭᠦᠯᠵᠦ᠂ ᠦᠢᠯᠡᠳᠬᠡᠯ ᠤᠨ ᠦᠢᠯᠡᠰ ᠤᠨ ᠲᠣᠭᠠᠴᠢᠯᠠᠯ ᠲᠡᠶᠢᠰᠢ ᠬᠡᠯᠪᠡᠷᠢ ᠪᠠᠨ | ᠬᠤᠪᠢᠷᠠᠭᠤᠯᠬᠤ ᠶᠢ ᠲᠥᠷᠭᠡᠳᠬᠡᠬᠦ ᠬᠡᠷᠡᠭᠲᠡᠢ᠃ ᠠᠵᠤ ᠠᠬᠤᠶᠢᠯᠠᠯ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ | ᠴᠣᠭᠴᠠ ᠶᠢ ᠵᠣᠬᠢᠶᠠᠨ ᠪᠠᠶᠢᠭᠤᠯᠬᠤ ᠶᠢ ᠨᠢ ᠵᠣᠷᠢᠭᠵᠢᠭᠤᠯᠵᠤ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ | ᠰᠢᠪᠲᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠲᠡᠷᠢᠭᠦᠨ ᠤ ᠦᠢᠯᠡᠳᠬᠡᠯ ᠤᠨ ᠦᠢᠯᠡᠰ ᠪᠠ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠬᠤ ᠬᠡᠷᠡᠭᠲᠡᠢ᠃ ᠲᠦᠷᠪᠡ ᠳᠤ᠂ ᠲᠤᠮᠤ ᠠᠵᠤ | ᠠᠬᠤᠶᠢᠯᠠᠯ ᠤᠳ ᠨᠡᠩ ᠤᠯᠠᠨ ᠳᠤᠮᠳᠠ ᠵᠢᠵᠢᠭ ᠠᠵᠤ ᠠᠬᠤᠶᠢᠯᠠᠯ ᠢ ᠳᠠᠶᠢᠴᠢᠯᠠᠨ ᠬᠠᠩᠭᠠᠯᠭ᠎ᠠ ᠶᠢᠨ ᠬᠡᠯᠬᠢᠶ᠎ᠡ ᠪᠠ ᠰᠢᠨ᠎ᠡ ᠶᠢ | ᠡᠭᠦᠳᠬᠦ ᠬᠡᠯᠬᠢᠶ᠎ᠡ ᠳᠤ ᠠᠭᠤᠰᠤᠯᠴᠠᠬᠤ ᠶᠢ ᠨᠢ ᠵᠣᠷᠢᠭᠵᠢᠭᠤᠯᠵᠤ᠂ ᠨᠡᠩ ᠤᠯᠠᠨ ︽ᠲᠤᠰᠬᠠᠢ ᠨᠠᠷᠢᠯᠢᠭ ᠣᠨᠴᠠᠭᠠᠢ ᠰᠢᠨ᠎ᠡ︾ | ︽ᠵᠢᠵᠢᠭ ᠠᠪᠤᠷᠭᠤ︾ ᠶᠢᠨ ᠠᠵᠤ ᠠᠬᠤᠶᠢᠯᠠᠯ ᠤᠨ ᠦᠰᠦᠨ ᠪᠤᠶᠢᠵᠢᠬᠤ ᠶᠢ ᠳᠡᠮᠵᠢᠬᠦ ᠬᠡᠷᠡᠭᠲᠡᠢ᠃ ᠲᠠᠪᠤ ᠳᠤ᠂ ᠤᠯᠠᠨ | ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ | ᠳᠤᠮᠳᠠ ᠳᠡᠭᠡᠳᠦ ᠲᠡᠰ ᠤᠨ ᠦᠢᠯᠡᠳᠬᠡᠯ ᠤᠨ ᠦᠢᠯᠡᠰ᠂ ᠰᠤᠳᠤᠯᠤᠨ ᠨᠡᠭᠡᠭᠡᠬᠦ ᠲᠥᠪ ᠵᠡᠷᠭᠡ ᠳᠤ ᠪᠡᠯᠡ ᠣᠷᠣᠭᠤᠯᠤᠯᠲᠠ ᠪᠠᠨ | ᠨᠡᠮᠡᠭᠳᠡᠭᠦᠯᠬᠦ ᠶᠢ ᠨᠢ ᠳᠡᠮᠵᠢᠬᠦ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ | ᠲᠣᠭᠲᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |