ᠪᠤᠭᠤᠲᠤ ᠬᠤᠲᠠ ᠶᠢᠨ  ᠰᠢᠭᠤᠶᠢᠳᠤ ᠲᠣᠭᠤᠷᠢᠭ ᠤᠨ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠤᠨ ᠠᠷᠭ᠎ᠠ ᠶᠢ ᠣᠶᠢᠯᠠᠭᠠᠵᠤ ᠪᠠᠶᠢᠭ᠎ᠠ 
ᠨᠡᠶᠢᠲᠡᠯᠡᠭᠰᠡᠨ ᠴᠠᠭ᠄
2021/12/22
ᠠᠷᠭ᠎ᠠ ᠶᠢᠨ ᠲᠠᠶᠢᠯᠤᠮᠵᠢ       ︽ᠠᠷᠭ᠎ᠠ︾ ᠳᠤ ᠪᠣᠳᠠᠲᠠᠶ ᠬᠡᠷᠡᠭ ᠤᠨ ᠲᠦᠷᠦᠯ ᠤᠨ ᠬᠡᠯᠪᠡᠷᠢ ᠶᠢᠨ ᠵᠠᠷᠭᠤ ᠬᠦᠯᠢᠶᠡᠬᠦ ᠰᠠᠯᠠᠭ᠎ᠠ ᠮᠥᠴᠢᠷ᠂ ᠲᠤᠰᠢᠶᠠᠯ ᠬᠠᠷᠢᠭᠤᠴᠠᠯᠭ᠎ᠠ᠂ ᠬᠢᠨᠠᠨ ᠵᠥᠪᠰᠢᠶᠡᠷᠡᠬᠦ ᠵᠢᠷᠤᠮ ᠤᠨ ᠠᠷᠭ᠎ᠠ᠂ ᠪᠡᠯᠡᠳᠬᠡᠬᠦ ᠶᠣᠰᠣᠲᠠᠶ ᠵᠠᠷᠭᠤ ᠬᠦᠯᠢᠶᠡᠬᠦ ᠮᠠᠲ᠋ᠧᠷᠢᠶᠠᠯ᠂ ᠳᠡᠭᠡᠭᠰᠢ ᠵᠠᠭᠠᠯᠳᠤᠭᠰᠠᠨ ᠬᠡᠷᠡᠭ ᠢ ᠰᠢᠶ᠋ᠳᠪᠦᠷᠢᠯᠡᠬᠦ ᠵᠢᠴᠢ ᠵᠢᠷᠤᠮ᠂ ᠵᠠᠰᠠᠭ ᠵᠠᠬᠢᠷᠭᠠᠨ ᠤ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠵᠡᠷᠭᠡ ᠵᠠᠰᠠᠭ ᠵᠠᠬᠢᠷᠭᠠᠨ ᠤ ᠵᠠᠷᠭᠤ ᠬᠦᠯᠢᠶᠡᠬᠦ ᠬᠡᠷᠡᠭ ᠢ ᠰᠢᠶ᠋ᠳᠪᠦᠷᠢᠯᠡᠭᠰᠡᠨ ᠪᠠᠶᠢᠳᠠᠯ ᠤᠨ ᠲᠤᠬᠠᠶ ᠲᠣᠭᠲᠠᠭᠠᠯ ᠭᠠᠷᠭᠠᠵᠠᠶ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠵᠠᠷᠭᠤ ᠬᠦᠯᠢᠶᠡᠬᠦ ᠳᠤ ᠠᠰᠢᠭᠲᠠᠶ ᠪᠠᠶᠢᠵᠤ᠂ ᠵᠠᠷᠭᠤ ᠬᠦᠯᠢᠶᠡᠭᠰᠡᠨ ᠬᠡᠷᠡᠭ ᠢ ᠢᠯᠡ ᠪᠠᠷ ᠰᠢᠶ᠋ᠳᠪᠦᠷᠢᠯᠡᠬᠦ᠂ ᠬᠠᠤᠯᠢ ᠶᠣᠰᠣᠭᠠᠷ ᠭᠦᠢᠴᠡᠳᠬᠡᠬᠦ ᠶᠢ ᠠᠬᠢᠭᠤᠯᠵᠤ᠂ ᠬᠡᠷᠡᠭ ᠢ ᠰᠢᠶ᠋ᠳᠪᠦᠷᠢᠯᠡᠵᠦ ᠤᠴᠢᠷ ᠶᠠᠪᠤᠳᠠᠯ ᠢ ᠳᠠᠭᠤᠰᠬᠠᠬᠤ ᠶᠢ ᠠᠬᠢᠭᠤᠯᠤᠨ᠎ᠠ᠃ ᠭᠤᠣᠯ ᠠᠭᠤᠯᠭ᠎ᠠ ᠲᠤᠰ ᠠᠷᠭ᠎ᠠ ᠶᠢ ᠬᠡᠷᠡᠭᠯᠡᠬᠦ ᠬᠡᠪᠴᠢᠶ᠎ᠡ  ᠲᠤᠰ ᠠᠷᠭ᠎ᠠ ᠶᠢ ᠲᠤᠰ ᠣᠷᠣᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠭᠠᠯᠳᠤᠭᠳᠠᠭᠴᠢ ᠪᠣᠯᠬᠤ ᠵᠠᠷᠭᠤ ᠶᠢᠨ ᠬᠡᠷᠡᠭ ᠤᠨ ᠵᠠᠷᠭᠤ ᠬᠦᠯᠢᠶᠡᠬᠦ ᠠᠵᠢᠯ ᠳᠤ ᠬᠡᠷᠡᠭᠯᠡᠨ᠎ᠡ᠃     ᠬᠤᠶᠠᠷ  ᠂ ︽ᠬᠡᠨ ᠡᠷᠬᠢᠯᠡᠨ ᠬᠠᠮᠢᠶᠠᠷᠪᠠᠯ ᠬᠡᠨ ᠬᠠᠷᠢᠭᠤᠴᠠᠵᠤ᠂ ᠬᠡᠨ ᠵᠠᠭᠠᠯᠳᠤᠯᠭ᠎ᠠ ᠶᠢ ᠬᠦᠯᠢᠶᠡᠬᠦ︾ ᠵᠠᠷᠴᠢᠮ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠦᠭᠰᠡᠨ ᠥᠬᠡᠶ ᠪᠥᠭᠡᠳ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠠᠭᠠᠯᠳᠤᠭᠳᠠᠭᠴᠢ ᠪᠣᠯᠭᠠᠭᠰᠠᠨ ᠬᠡᠷᠡᠭ ᠲᠤ᠂ ᠳᠣᠤᠷᠠᠬᠢ ᠠᠷᠭ᠎ᠠ ᠪᠠᠷ ᠵᠠᠷᠭᠤ ᠬᠦᠯᠢᠶᠡᠬᠦ ᠬᠡᠷᠡᠭ ᠶᠠᠪᠤᠳᠠᠯ ᠢ ᠳᠠᠭᠠᠭᠠᠨ ᠭᠦᠶ᠋ᠴᠡᠳᠬᠡᠬᠦ ᠨᠢᠭᠡᠴᠡ ᠶᠢ ᠲᠣᠭᠲᠠᠭᠠᠨ᠎ᠠ᠄    ︵ᠨᠢᠭᠡ︶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠡᠷᠬᠢᠯᠡᠨ ᠬᠠᠮᠢᠶᠠᠷᠬᠤ ︵ᠬᠢᠭᠰᠡᠨ︶ ᠨᠢᠭᠡᠴᠢ ᠪᠠᠷ ᠵᠠᠷᠭᠤ ᠬᠦᠯᠢᠶᠡᠬᠦ ᠬᠡᠷᠡᠭ ᠶᠠᠪᠤᠳᠠᠯ ᠢ ᠳᠠᠭᠠᠭᠠᠨ ᠠᠪᠴᠤ ᠰᠢᠶ᠋ᠳᠪᠦᠷᠢᠯᠡᠬᠦ ᠨᠢᠭᠡᠴᠢ ᠪᠣᠯᠭᠠᠬᠤ︔    ︵ᠬᠤᠶᠠᠷ︶ ᠬᠤᠶᠠᠷ ᠠᠴᠠ ᠳᠡᠭᠡᠭᠰᠢᠬᠢ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠢᠭᠰᠡᠨ ᠪᠠᠶᠢᠪᠠᠯ᠂ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠠᠮᠲᠤ ᠪᠠᠷ ᠬᠢᠭᠰᠡᠨ ᠨᠢᠭᠡᠴᠢ ᠪᠠᠷ ᠵᠠᠷᠭᠤ ᠬᠦᠯᠢᠶᠡᠬᠦ ᠠᠵᠢᠯ ᠶᠠᠪᠤᠳᠠᠯ ᠢ ᠳᠠᠭᠠᠭᠠᠨ ᠠᠪᠴᠤ ᠰᠢᠶ᠋ᠳᠪᠦᠷᠢᠯᠡᠬᠦ ᠨᠢᠭᠡᠴᠢ ᠪᠣᠯᠭᠠᠨ᠎ᠠ︔    ︵ᠭᠤᠷᠪᠠ︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠠᠶᠢᠳᠠᠭᠰᠠᠨ ᠵᠣᠬᠢᠶᠠᠨ ᠪᠠᠶᠢᠭᠤᠯᠤᠯᠲᠠ ᠶᠢᠨ ᠬᠢᠭᠰᠡᠨ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠨᠠᠶᠢᠳᠠᠭᠰᠠᠨ ᠨᠢᠭᠡᠴᠢ ᠨᠢ ᠵᠠᠷᠭᠤ ᠬᠦᠯᠢᠶᠡᠬᠦ ᠬᠡᠷᠡᠭ ᠶᠠᠪᠤᠳᠠᠯ ᠢ ᠳᠠᠭᠠᠭᠠᠨ ᠰᠢᠶ᠋ᠳᠪᠦᠷᠢᠯᠡᠬᠦ ᠨᠢᠭᠡᠴᠢ ᠪᠣᠯᠤᠨ᠎ᠠ︔    ︵ᠲᠦᠷᠪᠡ︶ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠰᠤᠭᠳᠠᠭᠰᠠᠨ ᠪᠤᠶᠤ ᠡᠷᠬᠡ ᠲᠤᠰᠢᠶᠠᠯ ᠢᠶᠠᠨ ᠬᠤᠪᠢᠷᠠᠭᠤᠯᠤᠭᠰᠠᠨ ᠪᠠᠶᠢᠪᠠᠯ᠂ ᠲᠡᠭᠦᠨ ᠤ ᠡᠷᠬᠡ ᠲᠤᠰᠢᠶᠠᠯ ᠢ ᠦᠷᠭᠦᠯᠵᠢᠯᠡᠨ ᠬᠡᠷᠡᠭᠵᠢᠭᠦᠯᠬᠦ ᠨᠢᠭᠡᠴᠢ ᠪᠠᠷ ᠵᠠᠷᠭᠤ ᠬᠦᠯᠢᠶᠡᠬᠦ ᠠᠵᠢᠯ ᠶᠠᠪᠤᠳᠠᠯ ᠢ ᠳᠠᠭᠠᠭᠠᠨ ᠬᠢᠬᠦ ᠨᠢᠭᠡᠴᠢ ᠪᠣᠯᠭᠠᠨ᠎ᠠ᠃    ᠭᠤᠷᠪᠠ᠂ ᠶᠠᠪᠤᠬᠤ ᠶᠣᠰᠣᠲᠠᠶ ᠲᠠᠰ ᠳᠠᠷᠠᠭᠠᠯᠠᠯ ᠵᠢᠴᠢ ᠪᠡᠯᠡᠳᠬᠡᠯ ᠮᠠᠲ᠋ᠧᠷᠢᠶᠠᠯ    ᠵᠠᠷᠭᠤ ᠬᠦᠯᠢᠶᠡᠬᠦ ᠶᠢ ᠳᠠᠭᠠᠭᠠᠨ ᠭᠦᠶ᠋ᠴᠡᠳᠬᠡᠬᠦ ᠨᠢᠭᠡᠴᠡ ᠵᠠᠷᠭᠤ ᠬᠦᠯᠢᠶᠡᠬᠦ ᠮᠡᠳᠡᠭᠳᠡᠯ ᠤᠨ ᠪᠢᠴᠢᠭ ᠢ ᠣᠯᠤᠭᠰᠠᠨ ᠡᠳᠦᠷ ᠠᠴᠠ ᠡᠬᠢᠯᠡᠨ᠂ ᠵᠠᠷᠭᠤ ᠬᠦᠯᠢᠶᠡᠬᠦ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠭᠦᠶ᠋ᠴᠡᠳᠬᠡᠵᠦ᠂ ᠬᠠᠷᠢᠭᠤ ᠮᠠᠷᠭᠤᠬᠤ ᠮᠠᠲ᠋ᠧᠷᠢᠶᠠᠯ ᠢᠶᠠᠨ ᠴᠠᠭ ᠲᠤᠬᠠᠶ ᠳᠤᠨᠢ ᠪᠡᠯᠡᠳᠬᠡᠵᠦ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠭᠠᠷᠤᠯ ᠤᠨ ᠭᠡᠷᠡᠴᠢ ᠪᠢᠴᠢᠭ᠂ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ᠵᠡᠷᠭᠡ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠵᠣᠬᠢᠶᠠᠵᠤ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ᠵᠠᠷᠭᠤ ᠬᠦᠯᠢᠶᠡᠬᠦ ᠶᠢ ᠳᠠᠭᠠᠭᠠᠨ ᠭᠦᠶ᠋ᠴᠡᠳᠬᠡᠬᠦ ᠨᠢᠭᠡᠴᠡ ᠶᠢᠨ ᠮᠠᠲ᠋ᠧᠷᠢᠶᠠᠯ ᠵᠢᠴᠢ ᠭᠠᠷᠳᠠᠮ ᠨᠢ ᠪᠦᠷᠢᠨ ᠭᠦᠶ᠋ᠴᠡᠳ ᠪᠠᠶᠢᠬᠤ ᠡᠰᠡᠬᠦ ᠶᠢ ᠬᠡᠯᠪᠡᠷᠢ ᠶᠢᠨ ᠲᠠᠯ᠎ᠠ ᠪᠠᠷ ᠬᠢᠨᠠᠨ ᠬᠠᠷᠭᠤᠭᠤᠯᠬᠤ ᠶᠢᠨ ᠬᠠᠮᠲᠤ ᠲᠣᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠵᠦ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠠᠮᠠᠭ᠎ᠠ ᠶᠢ ᠳᠠᠷᠤᠭᠤᠯᠬᠤ ᠬᠡᠷᠡᠭᠲᠡᠶ᠃ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠪᠡᠯᠡᠳᠬᠡᠯ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠬᠢᠨ ᠵᠥᠪᠯᠡᠬᠦ ᠬᠡᠰᠡᠭ ᠤᠨ ᠬᠠᠷᠢᠭᠤ ᠮᠠᠷᠭᠤᠬᠤ ᠮᠠᠲ᠋ᠧᠷᠢᠶᠠᠯ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠬᠡᠮ ᠤᠨ ᠭᠡᠷᠡᠴᠢ ᠪᠢᠴᠢᠭ ᠵᠢᠴᠢ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ ᠵᠡᠷᠭᠡ ᠬᠠᠤᠯᠢ ᠴᠠᠭᠠᠵᠠ ᠶᠢᠨ ᠪᠢᠴᠢᠭ ᠬᠠᠷ᠎ᠠ᠃    ᠬᠠᠷᠢᠭᠤ ᠮᠠᠷᠭᠤᠬᠤ ᠮᠠᠲ᠋ᠧᠷᠢᠶᠠᠯ ᠳᠤ ᠳᠣᠣᠷᠠᠬᠢ ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠶ᠄    ︵ᠨᠢᠭᠡ︶ ᠬᠠᠷᠢᠭᠤ ᠮᠠᠷᠭᠤᠬᠤ ᠪᠢᠴᠢᠭ ︵ᠣᠷᠣᠯᠠᠨ ᠲᠤᠭᠤᠷᠪᠢᠭᠰᠠᠨ ᠨᠤᠤᠷᠠᠭ︶︔    ︵ᠬᠤᠶᠠᠷ︶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠬᠢᠭᠰᠡᠨ ᠬᠠᠤᠯᠢ ᠴᠠᠭᠠᠵᠠ ᠶᠢᠨ ᠦᠨᠳᠦᠰᠦ ᠪᠠᠷᠢᠮᠲᠠ ᠵᠢᠴᠢ ᠵᠣᠬᠢᠴᠠᠩᠭᠤᠶ ᠭᠡᠷᠡᠴᠢ ᠪᠠᠷᠢᠮᠲᠠ︔    ︵ᠭᠤᠷᠪᠠ︶ ᠳᠡᠪᠰᠢᠭᠦᠯᠦᠨ ᠲᠤᠰᠢᠶᠠᠬᠤ ᠴᠢᠬᠤᠯᠠᠲᠠᠶ ᠪᠤᠰᠤᠳ ᠮᠠᠲ᠋ᠧᠷᠢᠶᠠᠯ᠃    ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ ᠲᠤ ᠵᠠᠷᠭᠤ ᠶᠢᠨ ᠣᠷᠣᠯᠠᠭᠴᠢ ᠶᠢᠨ ᠦᠨᠳᠦᠰᠦᠨ ᠪᠠᠶᠢᠳᠠᠯ᠂ ᠣᠷᠣᠯᠠᠬᠤ ᠵᠦᠢᠯ᠂ ᠣᠷᠣᠯᠠᠬᠤ ᠡᠷᠬᠡ ᠶᠢᠨ ᠬᠡᠪᠴᠢᠶ᠎ᠡ ᠵᠡᠷᠭᠡ ᠠᠭᠤᠯᠭ᠎ᠠ ᠶᠢ ᠲᠣᠳᠣᠷᠬᠠᠶ ᠪᠢᠴᠢᠬᠦ ᠬᠡᠷᠡᠭᠲᠡᠶ᠃    ᠲᠦᠷᠪᠡ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ    ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠶᠣᠰᠣᠲᠠᠶ᠄    ︵ᠨᠢᠭᠡ︶ ᠠᠷᠠᠳ ᠤᠨ ᠰᠢᠭᠦᠬᠦ ᠬᠤᠷᠢᠶᠠᠨ ᠤ ᠨᠢᠭᠡᠳᠦᠭᠡᠷ ᠰᠢᠭᠦᠯᠲᠡ ᠶᠢᠨ ᠲᠠᠰᠤᠯᠤᠯᠲᠠ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠠᠷᠭᠤ ᠢᠯᠠᠭᠳᠠᠭᠰᠠᠨ᠂ ᠬᠤᠶᠠᠳᠤᠭᠠᠷ ᠰᠢᠭᠦᠯᠲᠡ ᠶᠢᠨ ᠲᠢᠩᠬᠢᠮ ᠨᠡᠭᠡᠭᠡᠵᠦ ᠰᠢᠭᠦᠭᠰᠡᠨ ᠬᠡᠷᠡᠭ︔    ︵ᠬᠤᠶᠠᠷ︶ ᠨᠤᠲᠤᠭ ᠤᠨ ᠬᠥᠮᠦᠨ ᠤ ᠠᠷᠠᠳᠴᠢᠯᠠᠭᠰᠠᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠪᠤᠶᠤ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠢᠭᠡᠳᠦᠭᠡᠷ ᠰᠢᠭᠦᠯᠲᠡ ᠶᠢᠨ ᠳᠤᠮᠳᠠ ᠰᠢᠭᠦᠯᠲᠡ ᠳᠤ ᠣᠷᠣᠯᠴᠠᠨ ᠵᠠᠷᠭᠤ ᠬᠦᠯᠢᠶᠡᠭᠰᠡᠨ ᠦᠭᠡᠢ ᠪᠣᠯᠪᠠᠴᠤ ᠬᠤᠶᠠᠳᠤᠭᠠᠷ ᠰᠢᠭᠦᠯᠲᠡ ᠳᠤ ᠰᠢᠭᠦᠯᠲᠡ ᠳᠤ ᠣᠷᠣᠯᠴᠠᠬᠤ ᠴᠢᠬᠤᠯᠠᠲᠠᠶ ᠭᠡᠵᠦ ᠦᠵᠡᠭᠰᠡᠨ ᠬᠡᠷᠡᠭ︔    ︵ᠭᠤᠷᠪᠠ︶ ᠠᠷᠠᠳ ᠤᠨ ᠰᠢᠭᠦᠬᠦ ᠬᠤᠷᠢᠶ᠎ᠠ ᠠᠴᠠ ᠪᠢᠴᠢᠭ ᠢᠶᠠᠷ ᠰᠠᠨᠠᠭᠤᠯᠤᠭᠰᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠪᠤᠶᠤ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠢ ᠰᠢᠭᠦᠯᠲᠡ ᠳᠤ ᠣᠷᠣᠯᠴᠠᠭᠤᠯᠤᠭᠰᠠᠨ ᠬᠡᠷᠡᠭ︔    ︵ᠲᠦᠷᠪᠡ︶ ᠴᠢᠬᠤᠯᠠ ᠶᠡᠭᠡ ᠤᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠭᠰᠠᠨ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠪᠠᠷ ᠥᠨᠳᠥᠷ ᠪᠤᠶᠤ ᠬᠠᠮᠲᠤᠯᠢᠭ ᠤᠨ ᠴᠢᠨᠠᠷᠲᠠᠶ ᠬᠡᠷᠡᠭ ᠢ ᠡᠭᠦᠰᠭᠡᠵᠦ ᠮᠡᠳᠡᠬᠦ ᠬᠡᠷᠡᠭ︔    ︵ᠲᠠᠪᠤ︶ ᠪᠠᠶᠢᠴᠠᠭᠠᠬᠤ ᠪᠠᠶᠢᠭᠤᠯᠭ᠎ᠠ ᠶᠢᠨ ᠳᠤᠷᠠᠳᠤᠭᠰᠠᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ︔ ︵ᠵᠢᠷᠭᠤᠭ᠎ᠠ︶ ᠵᠠᠰᠠᠭ ᠵᠠᠬᠢᠷᠭᠠᠨ ᠤ ᠲᠥᠯᠥᠪᠦᠷᠢ ᠶᠢᠨ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠᠶᠢᠬᠤ ᠬᠡᠷᠡᠭ︔    ︵ᠳᠣᠯᠤᠭ᠎ᠠ︶ ᠨᠡᠶᠢᠭᠡᠮ ᠤᠨ ᠨᠥᠯᠥᠭᠡ ᠪᠠᠷ ᠨᠡᠯᠢᠶᠡᠳ ᠶᠡᠭᠡ᠂ ᠬᠡᠷᠡᠭ ᠤᠨ ᠪᠠᠶᠢᠳᠠᠯ ᠪᠤᠳᠤᠯᠢᠶᠠᠨᠲᠠᠶ ᠪᠤᠶᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠬᠦᠨᠳᠦ ᠶᠡᠭᠡ ᠨᠥᠯᠥᠭᠡ ᠦᠵᠡᠭᠦᠯᠵᠦ ᠮᠡᠳᠡᠬᠦ ᠬᠡᠷᠡᠭ︔    ︵ᠨᠠᠶᠢᠮᠠ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠪᠤᠶᠤ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠪᠠᠯ᠂ ᠮᠠᠷᠭᠤᠯᠳᠤᠭᠠᠨ ᠢ ᠨᠠᠮᠳᠠᠭᠤᠯᠬᠤ ᠳᠤ ᠨᠠᠩ ᠠᠰᠢᠭᠲᠠᠶ ᠬᠡᠷᠡᠭ ᠪᠣᠯᠤᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号