ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ‍ᠤ‌ᠬᠠᠷᠢᠴᠠᠭ᠎ᠠ ᠶᠢᠨ ᠬᠡᠯᠡᠯᠴᠡᠭᠡᠷ︾ ᠤᠨ ᠬᠦᠴᠦᠨ ᠲᠠᠢ ᠪᠣᠯᠤᠭᠰᠠᠨ ᠤ ᠳᠠᠷᠠᠭᠠᠬᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/12/27
      ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ      ᠦᠶᠡᠯᠡᠯ ᠤᠨ ᠬᠤᠭᠤᠴᠠᠭ᠎ᠠ ᠠᠯᠤᠰᠯᠠᠨ ᠲᠣᠬᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ ᠭᠠᠳᠠᠭᠠᠳᠤ ᠠᠷᠠᠯᠵᠢᠶᠠᠨ ᠤ ᠲᠣᠭᠲᠠᠭᠤᠨ ᠬᠥᠭᠵᠢᠯᠲᠡ ᠶᠢ ᠠᠬᠢᠭᠤᠯᠪᠠ      ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾ ᠤᠨ ᠬᠦᠴᠦᠨ ᠲᠠᠢ ᠪᠣᠯᠤᠭᠰᠠᠨ ᠤ ᠳᠠᠷᠠᠭᠠᠬᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠪᠠ      ᠰᠢᠨᠬᠤᠸᠠ ᠬᠤᠷᠢᠶᠠᠨ ᠤ ᠪᠡᠭᠡᠵᠢᠩ ᠤᠨ 12 ᠳ᠋ᠤᠭᠠᠷ ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ  ᠤᠢᠢᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠶᠡᠯᠡᠯ ᠤᠨ ᠬᠤᠭᠤᠴᠠᠭ᠎ᠠ ᠠᠯᠤᠰᠯᠠᠨ ᠲᠤᠬᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠭᠠᠳᠠᠭᠠᠳᠤ ᠠᠷᠠᠯᠵᠢᠶᠠᠨ ᠤ ᠲᠣᠭᠲᠠᠭᠤᠨ ᠬᠥᠭᠵᠢᠯᠲᠡ ᠶᠢ ᠠᠬᠢᠭᠤᠯᠪᠠ︔ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾ ᠤᠨ ᠬᠦᠴᠦᠨ ᠲᠠᠢ ᠪᠣᠯᠤᠭᠰᠠᠨ ᠤ ᠳᠠᠷᠠᠭᠠᠬᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠪᠠ᠃      ᠬᠤᠷᠠᠯ ᠠᠴᠠ ᠵᠢᠭᠠᠬᠤ ᠳᠤ ᠪᠠᠨ᠂ ᠡᠨᠡ ᠵᠢᠯ ᠮᠠᠨ ᠤ ᠤᠯᠤᠰ ᠤᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠭᠰᠠᠨ ᠬᠡᠮᠵᠢᠶ᠎ᠡ ᠲᠦᠷᠭᠡᠨ ᠢᠶᠠᠷ ᠨᠡᠮᠡᠭᠳᠡᠵᠦ᠂ ᠠᠵᠤ ᠠᠬᠤᠶ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠳᠤ ᠯᠣᠲᠣ ᠶᠡᠭᠡ ᠬᠤᠪᠢ ᠨᠡᠮᠡᠷᠢ ᠦᠵᠡᠭᠦᠯᠪᠡ᠃ ᠭᠡᠪᠡᠴᠦ ᠣᠳᠣᠬᠠᠨ ᠳᠤ ᠭᠠᠳᠠᠭᠠᠳᠤ ᠠᠷᠠᠯᠵᠢᠶ᠎ᠠ ᠳᠤ ᠲᠣᠭᠲᠠᠪᠤᠷᠢ ᠦᠭᠡᠢ᠂ ᠲᠣᠭᠲᠠᠭᠤᠨ ᠪᠤᠰᠤ᠂ ᠲᠡᠩᠴᠡᠭᠦᠷᠢ ᠦᠭᠡᠢ ᠬᠦᠴᠦᠨ ᠵᠦᠢᠯ ᠣᠯᠠᠰᠢᠷᠠᠵᠤ ᠪᠠᠶᠢᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠱᠠᠭᠠᠷᠳᠠᠯᠭ᠎ᠠ ᠶᠣᠰᠣᠭᠠᠷ᠂ ᠨᠡᠭᠡᠭᠡᠯᠲᠡ ᠶᠢ ᠤᠯᠠᠮ ᠨᠢᠭᠡ ᠠᠯᠬᠤᠮ ᠥᠷᠭᠡᠳᠬᠡᠵᠦ ᠂ ᠬᠦᠴᠢᠷᠳᠡᠯ ᠪᠠ ᠥᠷᠢᠰᠥᠯᠳᠦᠭᠡᠨ ᠳᠤ ᠴᠢᠭᠯᠡᠭᠦᠯᠦᠨ ᠠᠷᠭᠠᠴᠠᠭᠠᠬᠤ ᠠᠷᠭ᠎ᠠ ᠬᠡᠮᠵᠢᠶ᠎ᠡ ᠠᠪᠴᠤ᠂ ᠦᠶᠡᠯᠡᠯ ᠤᠨ ᠬᠤᠭᠤᠴᠠᠭ᠎ᠠ ᠠᠯᠤᠰᠯᠠᠨ ᠲᠣᠬᠢᠷᠠᠭᠤᠯᠬᠤ ᠶᠢ ᠰᠠᠶᠢᠲᠤᠷ ᠬᠢᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠲᠡᠳᠬᠦᠨ ᠳᠡᠮᠵᠢᠵᠦ᠂ ᠵᠠᠬᠢᠶᠠᠯᠠᠭ᠎ᠠ ᠶᠢ ᠪᠠᠲᠤᠯᠠᠨ᠂ ᠵᠢᠱᠢᠯᠲᠡ ᠶᠢ ᠲᠣᠭᠲᠠᠪᠤᠷᠢᠵᠢᠭᠤᠯᠵᠤ᠂ ᠭᠠᠳᠠᠭᠠᠳᠤ ᠠᠷᠠᠯᠵᠢᠶᠠᠨ ᠤ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠨᠢᠭᠡ ᠳᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠤ ᠬᠡᠷᠡᠭᠵᠢᠭᠦᠯᠬᠦ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠭᠠᠳᠠᠭᠠᠳᠤ ᠭᠠᠷᠭᠠᠯᠲᠠ ᠶᠢᠨ ᠭᠠᠶᠢᠯᠢ ᠶᠢ ᠪᠤᠴᠠᠭᠠᠬᠤ ᠠᠬᠢᠴᠠ ᠶᠢ ᠲᠦᠷᠭᠡᠳᠬᠡᠵᠦ᠂ ᠭᠠᠶᠢᠯᠢ ᠶᠢ ᠪᠤᠴᠠᠭᠠᠬᠤ ᠳᠤᠮᠳᠠᠴᠢ ᠴᠠᠭ ᠢ 6 ᠠᠵᠢᠯᠯᠠᠬᠤ ᠡᠳᠦᠷ ᠤᠨ ᠳᠣᠲᠣᠷ᠎ᠠ ᠪᠣᠯᠲᠠᠯ᠎ᠠ ᠪᠠᠭᠠᠰᠬᠠᠨ᠎ᠠ᠃ ᠪᠠᠩᠬᠢ ᠶᠢ ᠬᠥᠲᠥᠯᠦᠨ ᠵᠢᠯᠣᠭᠤᠳᠴᠤ ᠪᠠᠶᠢᠭᠠᠳ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠳᠠᠭᠠᠳᠬᠠᠯ ᠤᠨ ᠬᠠᠭᠤᠳᠠᠰᠤ ᠪᠠᠷ ᠪᠠᠯᠠ ᠳᠣᠭᠢᠷᠠᠭᠤᠯᠬᠤ ᠪᠦᠲᠦᠭᠡᠭᠳᠡᠬᠦᠨ ᠢ ᠰᠢᠨᠡᠴᠢᠯᠡᠭᠦᠯᠦᠨ᠎ᠡ᠃ ᠠᠷᠠᠳ ᠤᠨ ᠵᠣᠭᠤᠰᠣᠨ ᠤ ᠭᠤᠪᠢᠭᠤᠯᠭ᠎ᠠ ᠶᠢᠨ ᠨᠤᠷᠮ᠎ᠠ ᠶᠢᠨ ᠦᠨᠳᠦᠰᠦᠨ ᠳᠤ ᠪᠠᠨ ᠲᠣᠭᠲᠠᠭᠤᠨ ᠪᠠᠶᠢᠬᠤ ᠶᠢ ᠪᠠᠲᠤᠯᠠᠵᠤ᠂ ᠪᠠᠩᠬᠢ ᠶᠢᠨ ᠤᠷᠳᠤ ᠬᠤᠭᠤᠴᠠᠭᠠᠨ ᠤ ᠭᠤᠪᠢᠭᠤᠯᠭ᠎ᠠ ᠶᠢ ᠲᠠᠰᠤᠯᠤᠨ ᠪᠤᠳᠤᠬᠤ ᠪᠠ ᠪᠣᠷᠣᠯᠠᠭᠤᠯᠬᠤ ᠲᠤᠬᠠᠶᠢᠯᠠᠭᠰᠠᠨ ᠠᠵᠢᠯ ᠢ ᠴᠢᠭᠯᠡᠯᠲᠦ ᠴᠢᠨᠠᠷᠲᠠᠶ ᠪᠠᠷ ᠥᠷᠨᠢᠭᠦᠯᠬᠦ ᠶᠢ ᠵᠣᠷᠢᠭᠵᠢᠭᠤᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠭᠠᠳᠠᠭᠠᠳᠤ ᠭᠠᠷᠭᠠᠯᠲᠠ ᠳᠠᠭᠠᠳᠬᠠᠯ ᠬᠦᠯᠢᠶᠡᠬᠦ ᠪᠠ ᠲᠥᠯᠥᠪᠦᠷᠢ ᠥᠭᠬᠦ ᠨᠥᠬᠦᠴᠡᠯ ᠢ ᠰᠢᠯᠢᠳᠡᠭᠵᠢᠭᠦᠯᠵᠦ᠂ ᠳᠤᠮᠳᠠ ᠵᠢᠵᠢᠭ ᠪᠢᠴᠢᠯ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ᠂ ᠭᠠᠳᠠᠭᠰᠢ ᠲᠡᠭᠡᠭᠡᠪᠦᠷᠢᠯᠡᠬᠦ ᠠᠴᠠ ᠡᠮᠦᠨᠡᠬᠢ ᠵᠠᠬᠢᠶᠠᠯᠠᠭ᠎ᠠ ᠶᠢ ᠪᠤᠴᠠᠭᠠᠬᠤ ᠲᠦᠭᠰᠢᠭᠦᠷᠢ ᠵᠡᠷᠭᠡ ᠶᠢ ᠪᠠᠲᠤᠯᠠᠬᠤ ᠡᠷᠴᠢᠮ ᠢ ᠴᠢᠩᠭᠠᠳᠬᠠᠨ᠎ᠠ᠃ ᠵᠡᠭᠦᠨ ᠬᠡᠰᠡᠭ ᠬᠢᠭᠡᠳ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ᠂ ᠵᠡᠭᠦᠨ ᠬᠤᠶᠢᠲᠤ ᠣᠷᠣᠨ ᠤ ᠬᠠᠮᠲᠤᠷᠠᠯᠴᠠᠨ ᠬᠠᠮᠲᠤ ᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ ᠂ ᠪᠣᠯᠪᠠᠰᠤᠷᠠᠭᠤᠯᠬᠤ ᠠᠷᠠᠯᠵᠢᠶ᠎ᠠ ᠶᠢ ᠱᠠᠲᠤᠴᠢᠯᠠᠨ ᠰᠢᠯᠵᠢᠭᠦᠯᠬᠦ ᠪᠠ ᠬᠦᠯᠢᠶᠡᠨ ᠠᠪᠬᠤ ᠶᠢ ᠳᠡᠮᠵᠢᠨ᠎ᠡ᠃ ᠥᠷᠭᠡᠨ ᠬᠡᠷᠡᠭᠴᠡᠭᠡᠨ ᠤ ᠲᠠᠸᠠᠷ ᠢ ᠭᠠᠳᠠᠭᠠᠳᠤ ᠠᠴᠠ ᠣᠷᠣᠭᠤᠯᠬᠤ ᠠᠵᠢᠯ ᠢ ᠰᠠᠶᠢᠲᠤᠷ ᠬᠢᠨ᠎ᠡ᠃ ᠬᠤᠶᠠᠷ ᠲᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠲᠥᠯᠥᠪ ᠪᠠᠶᠢᠳᠠᠯ ᠤᠨ ᠬᠥᠭᠵᠢᠯᠲᠡ ᠶᠢ ᠤᠯᠠᠮ ᠨᠢᠭᠡ ᠠᠯᠬᠤᠮ ᠵᠣᠷᠢᠭᠵᠢᠭᠤᠯᠤᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ ᠨᠡᠮᠡᠵᠦ ᠪᠠᠶᠢᠭᠤᠯᠤᠨ᠎ᠠ᠃ ᠨᠢᠭᠡ ᠪᠦᠯᠦᠭ ᠭᠠᠷᠠᠮ ᠢᠶᠠᠷ ᠭᠠᠷᠭᠠᠬᠤ ᠠᠷᠠᠯᠵᠢᠶᠠᠨ ᠤ ᠲᠥᠪ ᠬᠤᠳᠠ ︵ᠭᠠᠵᠠᠷ ᠣᠷᠣᠨ︶ ᠶᠢ ᠪᠠᠶᠢᠭᠤᠯᠤᠨ᠎ᠠ᠃ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠭᠠᠳᠠᠭᠠᠳᠤ ᠳᠠᠬᠢ ᠬᠥᠮᠥᠷᠭᠡ ᠶᠢ ᠪᠦᠳᠦᠭᠡᠨ ᠪᠠᠶᠢᠭᠤᠯᠵᠤ ᠬᠡᠷᠡᠭᠯᠡᠬᠦ ᠳᠡᠮᠵᠢᠯᠭᠡ ᠶᠢ ᠴᠢᠩᠭᠠᠳᠬᠠᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠵᠢᠭᠯᠡᠨ ᠬᠤᠳᠠᠯᠳᠤᠬᠤ ᠲᠠᠸᠠᠷ ᠢ ᠭᠠᠳᠠᠭᠠᠳᠤ ᠠᠴᠠ ᠣᠷᠣᠭᠤᠯᠬᠤ ᠨᠠᠷᠢᠨ ᠬᠠᠭᠤᠳᠠᠰᠤ ᠶᠢ ᠰᠢᠯᠢᠳᠡᠭᠵᠢᠭᠦᠯᠵᠦ᠂ ᠭᠠᠳᠠᠭᠠᠳᠤ ᠠᠴᠠ ᠣᠷᠣᠭᠤᠯᠬᠤ ᠲᠦᠷᠦᠯ ᠢᠯᠭᠠᠯ ᠢ ᠥᠷᠭᠡᠳᠬᠡᠨ᠎ᠡ᠃ ᠭᠤᠷᠪᠠ ᠳᠤ᠂ ᠠᠵᠤ ᠠᠬᠤᠶᠢᠯᠠᠯ ᠤᠨ ᠢᠵᠢ ᠪᠦᠷᠢᠳᠦᠭᠰᠡᠨ ᠦᠢᠯᠡᠴᠢᠯᠡᠭᠡ ᠶᠢ ᠴᠢᠩᠭᠠᠳᠬᠠᠵᠤ᠂ ᠠᠵᠤ ᠠᠬᠤᠶᠢᠯᠠᠯ ᠤᠨ ᠳᠣᠲᠣᠭᠠᠳᠤ ᠭᠠᠳᠠᠭᠠᠳᠤ ᠠᠷᠠᠯᠵᠢᠶᠠᠨ ᠤ ᠠᠳᠠᠯᠢ ᠱᠤᠭᠤᠮ ᠠᠳᠠᠯᠢ ᠪᠠᠷᠢᠮᠵᠢᠶ᠎ᠠ ᠠᠳᠠᠯᠢ ᠴᠢᠨᠠᠷ ᠤᠨ ᠦᠢᠯᠡᠳᠬᠦᠨ ᠢ ᠬᠥᠭᠵᠢᠭᠦᠯᠬᠦ᠂ ᠠᠷᠠᠯᠵᠢᠶᠠᠨ ᠤ ᠠᠷᠭ᠎ᠠ ᠵᠠᠮ ᠢ ᠥᠷᠭᠡᠳᠬᠡᠬᠦ᠂ ᠬᠠᠩᠭᠠᠯᠭ᠎ᠠ ᠶᠢᠨ ᠬᠡᠯᠬᠢᠶ᠎ᠡ ᠶᠢ ᠲᠡᠭᠦᠯᠳᠡᠷᠵᠢᠭᠦᠯᠬᠦ ᠵᠡᠷᠭᠡ ᠲᠠᠯ᠎ᠠ ᠳᠤ ᠲᠤᠯᠭᠠᠷᠠᠭᠰᠠᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ 2022 ᠣᠨ ᠳᠤ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠤᠨ ᠳᠣᠲᠣᠭᠠᠳᠤ ᠪᠣᠷᠣᠯᠠᠭᠤᠯᠭ᠎ᠠ ᠠᠴᠠ ᠭᠠᠶᠢᠯᠢ ᠶᠢ ᠬᠤᠶᠢᠰᠢᠯᠠᠭᠤᠯᠤᠨ ᠬᠦᠦ ᠮᠥᠩᠭᠦ ᠲᠠᠲᠠᠪᠤᠷᠢᠯᠠᠬᠤ ᠶᠢ ᠲᠦᠷ ᠬᠡᠯᠲᠦᠷᠢᠭᠦᠯᠦᠨ᠎ᠡ᠃ ᠲᠦᠷᠪᠡ ᠳᠤ᠂ ᠤᠯᠠᠨ ᠤᠯᠤᠰ ᠤᠨ ᠪᠠᠷᠠᠭᠠᠨ ᠤ ᠭᠦᠢᠯᠭᠡᠭᠡ ᠶᠢᠨ ᠳᠠᠷᠤᠯᠲᠠ ᠶᠢ ᠬᠥᠩᠭᠡᠷᠡᠭᠦᠯᠦᠨ᠎ᠡ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠪᠣᠯᠤᠨ ᠤᠰᠤᠨ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠤᠷᠳᠤ ᠬᠤᠭᠤᠴᠠᠭᠠᠨ ᠤ ᠬᠡᠯᠡᠯᠴᠡᠭᠡᠷ ᠲᠣᠭᠲᠠᠬᠤ ᠶᠢ ᠵᠣᠷᠢᠭᠵᠢᠭᠤᠯᠤᠨ᠎ᠠ᠃ ᠲᠣᠭᠲᠠᠭᠠᠯ ᠢ ᠵᠥᠷᠢᠴᠡᠨ ᠰᠦᠢᠳᠬᠡᠯ ᠬᠤᠷᠢᠶᠠᠬᠤ᠂ ᠲᠡᠭᠡᠭᠡᠪᠦᠷᠢ ᠶᠢᠨ ᠦᠨ᠎ᠡ ᠶᠢ ᠲᠦᠷᠭᠢᠯᠳᠦᠨ ᠥᠰᠬᠡᠬᠦ ᠵᠡᠷᠭᠡ ᠦᠢᠯᠡ ᠠᠵᠢᠯᠯᠠᠭ᠎ᠠ ᠳᠤ ᠬᠠᠤᠯᠢ ᠲᠣᠭᠲᠠᠭᠠᠯ ᠶᠣᠰᠣᠭᠠᠷ ᠴᠣᠬᠢᠯᠲᠠ ᠥᠭᠭᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠥᠬᠦᠴᠡᠯ ᠳᠤ ᠨᠡᠶᠢᠴᠡᠭᠰᠡᠨ ᠵᠢᠵᠢᠭ ᠪᠢᠴᠢᠯ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠪᠠᠷᠠᠭᠠᠨ ᠤ ᠭᠦᠢᠯᠭᠡᠭᠡᠨ ᠤ ᠲᠠᠯ᠎ᠠ ᠪᠠᠷ ᠬᠢ ᠲᠦᠭᠡᠮᠡᠯ ᠬᠠᠷᠠᠭᠠᠯᠵᠠᠯ ᠤᠨ ᠴᠢᠨᠠᠷᠲᠠᠶ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠬᠤ ᠶᠢ ᠳᠡᠮᠵᠢᠨ᠎ᠡ᠃ ᠲᠠᠪᠤ ᠳᠤ᠂ ᠣᠷᠣᠨ ᠨᠤᠲᠤᠭ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠦᠷᠢᠮ ᠲᠣᠭᠲᠠᠭᠠᠨ ᠲᠡᠭᠦᠯᠳᠡᠷᠵᠢᠭᠦᠯᠬᠦ ᠶᠢ ᠲᠡᠮᠵᠢᠵᠤ᠂ ᠠᠷᠠᠯᠵᠢᠶᠠᠨ ᠤ ᠲᠤᠬᠢᠷᠠᠭᠤᠯᠤᠯᠳᠡ ᠳᠤ ᠲᠤᠰᠠᠯᠠᠮᠵᠢ ᠦᠵᠡᠭᠦᠯᠬᠦ ᠠᠵᠢᠯ ᠢ ᠢᠳᠡᠪᠬᠢᠲᠡᠶ ᠥᠷᠨᠢᠭᠦᠯᠵᠦ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠬᠤ ᠳᠤ ᠬᠠᠪᠰᠤᠷᠤᠨ ᠬᠦᠴᠦᠯᠡᠨ᠎ᠡ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠪᠠᠷ᠂ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾ ᠢ 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠵᠢᠩᠭᠢᠨᠢ ᠪᠠᠷ ᠬᠦᠴᠦᠨ ᠲᠠᠢ ᠪᠣᠯᠭᠠᠵᠤ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠬᠡᠯᠡᠯᠴᠡᠭᠡᠷ ᠢ ᠬᠡᠷᠡᠭᠵᠢᠭᠦᠯᠬᠦ ᠠᠵᠠ ᠲᠣᠬᠢᠶᠠᠯ ᠢ ᠠᠮᠵᠢᠵᠤ᠂ ᠳᠡᠯᠡᠬᠡᠶ ᠶᠢᠨ ᠵᠠᠬ᠎ᠠ ᠳᠡᠯᠭᠡᠭᠦᠷ ᠲᠤ ᠣᠷᠣᠯᠴᠠᠬᠤ ᠥᠷᠢᠰᠥᠯᠳᠦᠬᠦ ᠬᠦᠴᠦᠨ ᠢᠶᠠᠨ ᠴᠢᠩᠭᠠᠷᠠᠭᠤᠯᠵᠤ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠶᠢᠨ ᠠᠵᠤ ᠦᠢᠯᠡᠰ ᠤᠨ ᠳᠡᠰ ᠳᠡᠪᠰᠢᠬᠦ ᠶᠢ ᠬᠡᠳᠡᠷᠬᠦ ᠰᠢᠬᠠᠮᠳᠠᠭᠤᠯᠬᠤ ᠶᠢ ᠳᠡᠮᠵᠢᠬᠦ ᠬᠡᠷᠡᠭᠲᠡᠢ᠃ ᠨᠢᠭᠡ ᠳᠤ᠂ ᠠᠵᠤ ᠠᠬᠤᠶᠢᠯᠠᠯ ᠠᠴᠠ ᠭᠡᠰᠢᠭᠦᠨ ᠤᠯᠤᠰ ᠤᠳ ᠤᠨ ᠭᠠᠶᠢᠯᠢ ᠶᠢ ᠪᠠᠭᠤᠷᠠᠭᠤᠯᠬᠤ᠂ ᠣᠷᠣᠨ ᠪᠦᠰᠡ ᠶᠢᠨ ᠣᠬ ᠭᠠᠷᠤᠯᠲᠠ ᠶᠢᠨ ᠭᠠᠵᠠᠷ ᠢ ᠬᠤᠷᠠᠮᠳᠤᠭᠤᠯᠬᠤ ᠲᠦᠷᠢᠮ ᠵᠡᠷᠭᠡ ᠶᠢ ᠰᠠᠶᠢᠲᠤᠷ ᠬᠡᠷᠡᠭᠯᠡᠬᠦ ᠶᠢ ᠵᠣᠷᠢᠭᠵᠢᠭᠤᠯᠵᠤ᠂ ᠳᠠᠪᠠᠭᠤᠯᠢᠭ ᠦᠢᠯᠡᠳᠬᠦᠨ ᠢ ᠭᠠᠳᠠᠭᠠᠳᠤ ᠳᠤ ᠭᠠᠷᠭᠠᠬᠤ ᠪᠠ ᠥᠷᠢᠰᠥᠯᠳᠦᠬᠦ ᠬᠦᠴᠦᠨ ᠲᠠᠢ ᠦᠢᠯᠡᠳᠬᠦᠨ ᠢ ᠭᠠᠳᠠᠭᠠᠳᠤ ᠠᠴᠠ ᠣᠷᠣᠭᠤᠯᠬᠤ ᠶᠢ ᠥᠷᠭᠡᠳᠬᠡᠨ᠎ᠡ᠃ ᠨᠡᠭᠡᠭᠡᠯᠳᠡ ᠬᠢᠬᠦ ᠠᠮᠠᠯᠠᠯᠲᠠ ᠪᠠ ᠲᠦᠷᠢᠮ ᠢ ᠰᠠᠶᠢᠲᠤᠷ ᠬᠡᠷᠡᠭᠯᠡᠵᠦ᠂ ᠣᠷᠣᠨ ᠪᠦᠰᠡ ᠶᠢᠨ ᠳᠣᠲᠣᠷᠠᠬᠢ ᠳᠡᠭᠡᠳᠦ ᠲᠡᠰ ᠤᠨ᠂ ᠪᠣᠬᠢᠷᠲᠤᠯ ᠦᠭᠡᠢ ᠠᠵᠤ ᠦᠢᠯᠡᠰ ᠤᠨ ᠬᠡᠯᠬᠢᠶ᠎ᠡ ᠪᠠ ᠦᠢᠯᠡᠳᠬᠡᠯ ᠤᠨ ᠦᠢᠯᠡᠰ ᠤᠨ ᠲᠥᠷᠥᠯ ᠵᠦᠢᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠦᠢᠯᠡᠴᠢᠯᠡᠭᠡᠨ ᠤ ᠦᠢᠯᠡᠰ ᠪᠠ ᠪᠡᠯᠡ ᠣᠷᠣᠭᠤᠯᠤᠯᠲᠠ ᠶᠢᠨ ᠨᠡᠭᠡᠭᠡᠯᠳᠡ ᠬᠢᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠶᠠᠷ ᠲᠤ᠂ ᠳᠡᠯᠡᠬᠡᠢ ᠶᠢᠨ ᠲᠡᠷᠢᠭᠦᠨ ᠤ ᠳᠦᠷᠢᠮ ᠵᠢᠷᠤᠮ ᠢ ᠪᠠᠷᠢᠮᠵᠢᠶᠠᠯᠠᠵᠤ ᠪᠠᠶᠢᠭᠠᠳ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠣᠷᠣᠨ ᠪᠦᠰᠡ ᠶᠢᠨ ᠳᠣᠲᠣᠷᠠᠬᠢ ᠪᠡᠯᠡ ᠮᠥᠩᠭᠦ᠂ ᠴᠢᠳᠠᠪᠤᠷᠢᠲᠠᠨ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠤᠯᠠᠨ ᠤᠯᠤᠰ ᠤᠨ ᠪᠠᠷᠢᠮᠵᠢᠶ᠎ᠠ ᠶᠢ ᠲᠣᠭᠲᠠᠭᠠᠬᠤ ᠪᠠ ᠵᠣᠯᠭᠠᠭᠤᠯᠬᠤ ᠳᠤ ᠣᠷᠣᠯᠴᠠᠬᠤ ᠡᠷᠴᠢᠮ ᠢᠶᠠᠨ ᠴᠢᠩᠭᠠᠷᠠᠭᠤᠯᠤᠨ᠎ᠠ᠃ ᠭᠤᠷᠪᠠ ᠳᠤ᠂ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠢ ᠬᠡᠷᠡᠭᠵᠢᠭᠦᠯᠬᠦ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠ ᠲᠤᠰᠬᠠᠶ ᠮᠡᠷᠭᠡᠵᠢᠯᠲᠡᠨ ᠤ ᠡᠩᠨᠡᠭᠡ ᠶᠢ ᠪᠠᠶᠢᠭᠤᠯᠵᠤ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠣᠯᠪᠠᠰᠤᠷᠠᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠡᠯᠡᠯᠴᠡᠭᠡᠷ ᠤᠨ ᠲᠦᠷᠢᠮ ᠢ ᠣᠶᠢᠯᠠᠭᠠᠬᠤ ᠪᠠ ᠬᠡᠷᠡᠭᠯᠡᠬᠦ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠬᠢᠯᠢ ᠶᠢᠨ ᠪᠣᠭᠤᠮᠲᠠ ᠪᠠᠷ ᠥᠩᠭᠡᠷᠡᠭᠦᠯᠬᠦ᠂ ᠬᠠᠭᠤᠳᠠᠰᠤ ᠦᠨᠡᠮᠯᠡᠯ ᠵᠡᠷᠭᠡ ᠲᠤᠰᠬᠠᠶᠢᠵᠢᠭᠰᠠᠨ ᠦᠢᠯᠡᠴᠢᠯᠡᠭᠡᠨ ᠢ ᠬᠥᠭᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠲᠥᠬᠦᠮ ᠦᠵᠡᠭᠦᠯᠦᠨ᠎ᠡ᠃ ᠲᠦᠷᠪᠡ ᠳᠤ᠂ ᠨᠡᠩ ᠤᠯᠠᠨ ᠭᠡᠰᠢᠭᠦᠨ ᠤ ᠬᠡᠯᠡᠯᠴᠡᠭᠡᠷ ᠢ ᠬᠦᠴᠦᠨ ᠲᠠᠢ ᠪᠣᠯᠭᠠᠵᠤ ᠬᠡᠷᠡᠭᠵᠢᠭᠦᠯᠬᠦ ᠪᠠ ᠬᠡᠯᠡᠯᠴᠡᠭᠡᠷ ᠢ ᠲᠤᠬᠳᠠᠴᠠᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠭᠠᠵᠠᠷ ᠣᠷᠣᠨ ᠤ ᠠᠵᠤ ᠠᠬᠤᠶ ᠠᠷᠠᠯᠵᠢᠶᠠᠨ ᠤ ᠬᠠᠮᠲᠤᠷᠠᠯᠴᠠᠭᠠᠨ ᠤ ᠭᠤᠣᠯ ᠲᠠᠪᠴᠠᠩ ᠢ ᠬᠠᠮᠲᠤ ᠪᠠᠷ ᠪᠠᠶᠢᠭᠤᠯᠤᠨ᠎ᠠ᠃ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠬᠤ ᠳᠤ ᠬᠦᠴᠦᠨ ᠨᠡᠮᠡᠷᠢᠯᠡᠵᠦ᠂ ᠴᠢᠯᠥᠭᠡᠲᠦ ᠠᠷᠠᠯᠵᠢᠶ᠎ᠠ ᠶᠢ ᠪᠠᠷᠢᠮᠲᠠᠯᠠᠨ᠎ᠠ᠃ ᠪᠤᠰᠤᠳ ᠤᠯᠠᠨ ᠲᠠᠯᠠᠲᠤ ᠪᠠ ᠬᠤᠶᠠᠷ ᠲᠠᠯᠠᠲᠤ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠲᠣᠭᠲᠠᠬᠤ ᠬᠡᠯᠡᠯᠴᠡᠭᠡ ᠶᠢ ᠠᠬᠢᠭᠤᠯᠵᠤ᠂ ᠥᠨᠳᠥᠷ ᠬᠢᠷᠢ ᠲᠦᠪᠰᠢᠨ ᠪᠦᠬᠦᠢ ᠭᠠᠳᠠᠭᠰᠢ ᠨᠡᠭᠡᠭᠡᠯᠳᠡ ᠶᠢ ᠠᠬᠢᠭᠤᠯᠤᠨ᠎ᠠ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号