ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠬᠤᠪᠢ ᠬᠥᠮᠦᠨ ᠤ ᠠᠰᠢᠭ ᠣᠯᠵᠠᠪᠤᠷᠢ ᠶᠢᠨ ᠭᠠᠶᠢᠯᠢ ᠶᠢᠨ ᠬᠠᠷᠠᠭᠠᠯᠵᠠᠯ ᠤᠨ ᠬᠡᠰᠡᠭ ᠲᠦᠷᠦ ᠶᠢᠨ ᠪᠣᠳᠣᠯᠭ᠎ᠠ ᠶᠢ ᠦᠷᠭᠦᠯᠵᠢᠯᠡᠭᠦᠯᠦᠨ ᠬᠡᠷᠡᠭᠵᠢᠭᠦᠯᠬᠦ ᠲᠤᠬᠠᠢ ᠲᠣᠭᠲᠠᠭᠠᠪᠠ
ᠨᠡᠶᠢᠲᠡᠯᠡᠭᠰᠡᠨ ᠴᠠᠭ᠄
2021/12/31
     ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ      2022 ᠣᠨ ᠤ ᠴᠠᠭᠠᠨ ᠰᠠᠷ᠎ᠠ ᠶᠢᠨ ᠠᠶᠠᠨᠴᠢᠳ ᠤᠨ ᠵᠥᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠪᠠ      ᠬᠤᠪᠢ ᠬᠥᠮᠦᠨ ᠤ ᠠᠰᠢᠭ ᠣᠯᠵᠠᠪᠤᠷᠢ ᠶᠢᠨ ᠭᠠᠶᠢᠯᠢ ᠶᠢᠨ ᠬᠠᠷᠠᠭᠠᠯᠵᠠᠯ ᠤᠨ ᠬᠡᠰᠡᠭ ᠲᠥᠷᠥ ᠶᠢᠨ ᠪᠣᠳᠣᠯᠭ᠎ᠠ ᠶᠢ ᠦᠷᠭᠦᠯᠵᠢᠯᠡᠭᠦᠯᠦᠨ ᠬᠡᠷᠡᠭᠵᠢᠭᠦᠯᠬᠦ ᠲᠤᠬᠠᠢ ᠲᠣᠭᠲᠠᠭᠠᠪᠠ      ᠬᠥᠳᠡᠭᠡ ᠲᠣᠰᠬᠤᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠪᠠ ᠬᠤᠲᠠ ᠳᠤ ᠣᠷᠣᠵᠤ ᠬᠦᠴᠦᠨ ᠤ ᠠᠵᠢᠯ ᠬᠢᠭᠰᠡᠳ ᠤᠨ ᠳᠠᠭᠠᠵᠤ ᠨᠡᠭᠦᠭᠰᠡᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠶᠢ ᠪᠠᠲᠤᠯᠠᠬᠤ ᠠᠷᠭ᠎ᠠ ᠬᠡᠮᠵᠢᠶ᠎ᠡ ᠶᠢ ᠲᠣᠭᠲᠠᠭᠠᠪᠠ      ᠰᠢᠨᠬᠤᠸᠠ ᠬᠤᠷᠢᠶᠠᠨ ᠤ ᠪᠡᠭᠡᠵᠢᠩ ᠤᠨ 12ᠳ᠋ᠤᠭᠠᠷ ᠰᠠᠷ᠎ᠠ ᠶᠢᠨ 29 ᠤ ᠡᠳᠦᠷ ᠤᠨ ᠴᠠᠬᠢᠯᠭᠠᠨ ᠮᠡᠳᠡᠭᠡ  ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 12 ᠳ᠋ᠤᠭᠠᠷ ᠰᠠᠷ᠎ᠠ ᠶᠢᠨ 29 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 2022 ᠣᠨ ᠤ ᠴᠠᠭᠠᠨ ᠰᠠᠷ᠎ᠠ ᠶᠢᠨ ᠠᠶᠠᠨᠴᠢᠳ ᠤᠨ ᠵᠥᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠪᠠ︔ ᠬᠤᠪᠢ ᠬᠥᠮᠦᠨ ᠤ ᠠᠰᠢᠭ ᠣᠯᠵᠠᠪᠤᠷᠢ ᠶᠢᠨ ᠭᠠᠶᠢᠯᠢ ᠶᠢᠨ ᠬᠠᠷᠠᠭᠠᠯᠵᠠᠯ ᠤᠨ ᠬᠡᠰᠡᠭ ᠲᠦᠷᠦ ᠶᠢᠨ ᠪᠤᠳᠤᠯᠭ᠎ᠠ ᠶᠢ ᠦᠷᠭᠦᠯᠵᠢᠯᠡᠭᠦᠯᠦᠨ ᠬᠡᠷᠡᠭᠵᠢᠭᠦᠯᠬᠦ ᠲᠤᠬᠠᠢ ᠲᠣᠭᠲᠠᠭᠠᠪᠠ︔ ᠬᠥᠳᠡᠭᠡ ᠲᠣᠰᠬᠤᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠪᠠ ᠬᠤᠲᠠ ᠳᠤ ᠣᠷᠣᠵᠤ ᠬᠦᠴᠦᠨ ᠤ ᠠᠵᠢᠯ ᠬᠢᠭᠰᠡᠳ ᠤᠨ ᠳᠠᠭᠠᠵᠤ ᠨᠡᠭᠦᠭᠰᠡᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠶᠢ ᠪᠠᠲᠤᠯᠠᠬᠤ ᠠᠷᠭ᠎ᠠ ᠬᠡᠮᠵᠢᠶ᠎ᠡ ᠶᠢ ᠲᠣᠭᠲᠠᠭᠠᠪᠠ᠃      ᠬᠤᠷᠠᠯ ᠠᠴᠠ ᠵᠢᠭᠠᠬᠤ ᠳᠤ ᠪᠠᠨ᠂ ᠣᠳᠣᠬᠠᠨ ᠳᠤ ᠪᠦᠬᠦ ᠳᠡᠯᠡᠬᠡᠢ ᠶᠢᠨ ᠬᠢᠵᠢᠭ ᠤᠨ ᠪᠠᠶᠢᠳᠠᠯ ᠮᠥᠨ ᠬᠦ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠶ ᠪᠠᠶᠢᠵᠤ᠂ ᠮᠠᠨ ᠤ ᠤᠯᠤᠰ ᠤᠨ ᠬᠡᠰᠡᠭ ᠭᠠᠵᠠᠷ ᠣᠷᠣᠨ ᠳᠤ ᠬᠢᠵᠢᠭ ᠤᠨ ᠪᠠᠶᠢᠳᠠᠯ ᠬᠡᠰᠡᠭᠯᠡᠯ ᠬᠡᠯᠪᠡᠷᠢ ᠪᠠᠷ ᠡᠭᠦᠰᠴᠦ ᠪᠠᠶᠢᠨ᠎ᠠ᠃ 2022 ᠣᠨ ᠤ ᠴᠠᠭᠠᠨ ᠰᠠᠷ᠎ᠠ ᠶᠢᠨ ᠠᠶᠠᠨᠴᠢᠳ ᠤᠨ ᠵᠥᠭᠡᠭᠡᠪᠦᠷᠢ 1 ᠳ᠋ᠦ᠋ᠭᠡᠷ ᠰᠠᠷ᠎ᠠ ᠶᠢᠨ ᠳᠤᠮᠳᠠᠴᠢ ᠠᠴᠠ ᠡᠬᠢᠯᠡᠨ 2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠦᠷᠭᠦᠯᠵᠢᠯᠡᠨ᠎ᠡ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠴᠠᠭᠠᠨ ᠰᠠᠷ᠎ᠠ ᠶᠢᠨ ᠠᠶᠠᠨᠴᠢᠳ ᠤᠨ ᠵᠥᠭᠡᠭᠡᠪᠦᠷᠢ ᠶᠢᠨ ᠬᠤᠭᠤᠴᠠᠭᠠᠨ ᠳᠠᠬᠢ ᠬᠦᠮᠦᠰ ᠤᠨ ᠣᠯᠠᠨ ᠨᠡᠭᠦᠳᠡᠯ ᠴᠢᠭᠵᠢᠭᠦᠦ ᠪᠠᠶᠢᠳᠠᠯ ᠳᠤ ᠴᠢᠭᠯᠡᠭᠦᠯᠦᠨ᠂ ᠴᠠᠭᠠᠨ ᠰᠠᠷ᠎ᠠ ᠶᠢᠨ ᠠᠶᠠᠨᠴᠢᠳ ᠤᠨ ᠵᠥᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠲᠡᠭᠦᠯᠳᠡᠷᠵᠢᠭᠦᠯᠦᠨ ᠪᠣᠳᠠᠲᠠᠶ ᠪᠠᠷ ᠠᠳᠬᠤᠬᠤ ᠬᠡᠷᠡᠭᠲᠡᠶ᠃ ᠨᠢᠭᠡ ᠳᠤ᠂ ᠣᠷᠣᠨ ᠨᠤᠲᠤᠭ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠬᠢᠵᠢᠭ ᠤᠨ ᠲᠦᠭᠰᠢᠭᠦᠷᠢ ᠶᠢᠨ ᠪᠠᠶᠢᠳᠠᠯ ᠢ ᠦᠨᠳᠦᠰᠦᠯᠡᠨ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠠᠶᠠᠯᠠᠬᠤ ᠶᠢ ᠬᠥᠲᠥᠯᠥᠨ ᠵᠢᠯᠣᠭᠤᠳᠴᠤ᠂ ᠨᠢᠭᠡ ᠯᠠ ᠪᠠᠷᠢᠮᠵᠢᠶ᠎ᠠ ᠪᠠᠷ ᠱᠠᠭᠠᠷᠳᠠᠬᠤ ᠶᠢ ᠰᠡᠷᠭᠡᠶᠢᠯᠡᠬᠦ ᠬᠡᠷᠡᠭᠲᠡᠢ᠃ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠶᠢ ᠬᠥᠲᠥᠯᠦᠨ ᠵᠢᠯᠣᠭᠤᠳᠴᠤ ᠪᠠᠶᠢᠭᠠᠳ ᠣᠷᠭᠢᠯ ᠠᠴᠠ ᠵᠦᠷᠢᠭᠦᠯᠦᠨ ᠠᠮᠠᠷᠠᠯᠲᠠ ᠲᠠᠯᠪᠢᠬᠤ ᠪᠠ ᠠᠵᠢᠯ ᠤᠨ ᠪᠠᠶᠢᠷᠢ᠂ ᠰᠤᠷᠭᠠᠭᠤᠯᠢ ᠳᠤ ᠪᠠᠨ ᠪᠤᠴᠠᠬᠤ ᠶᠢ ᠳᠣᠭᠢᠷᠠᠭᠤᠯᠵᠤ᠂ ᠴᠠᠭ ᠲᠤᠬᠠᠢ ᠳᠤ ᠨᠢ ︽ᠴᠡᠭ ᠠᠴᠠ ᠴᠡᠭ ᠲᠤ ᠬᠦᠷᠭᠡᠬᠦ︾ ᠲᠡᠭᠡᠭᠡᠪᠦᠷᠢ ᠶᠢ ᠵᠣᠬᠢᠶᠠᠨ ᠪᠠᠶᠢᠭᠤᠯᠬᠤ ᠬᠡᠷᠡᠭᠲᠡᠢ᠃ ᠵᠢᠭᠤᠯᠴᠢᠯᠠᠯ ᠤᠨ ᠦᠵᠡᠮᠵᠢ ᠶᠢᠨ ᠣᠷᠣᠨ ᠤ ᠵᠢᠭᠤᠯᠴᠢᠯᠠᠭᠴᠢᠳ ᠤᠨ ᠲᠤᠭ᠎ᠠ ᠶᠢ ᠬᠢᠵᠠᠭᠠᠷᠯᠠᠨ ᠪᠣᠯᠵᠣᠬᠤ᠂ ᠣᠷᠭᠢᠯ ᠦᠶ᠎ᠡ ᠶᠢ ᠵᠥᠷᠢᠭᠦᠯᠦᠨ ᠭᠥᠯᠢᠶᠡᠨ ᠠᠪᠬᠤ ᠶᠢ ᠬᠡᠷᠡᠭᠵᠢᠭᠦᠯᠬᠦ ᠬᠡᠷᠡᠭᠲᠡᠢ᠃ ᠬᠤᠶᠠᠷ ᠲᠤ᠂ ᠲᠡᠷᠭᠡ ᠬᠦᠯᠢᠶᠡᠬᠦ ᠪᠠ ᠨᠢᠰᠬᠡᠯ ᠬᠦᠯᠢᠶᠡᠬᠦ ᠵᠡᠷᠭᠡ ᠲᠠᠯᠠᠪᠤᠷ ᠭᠠᠵᠠᠷ ᠤᠨ ᠠᠷᠢᠭᠤᠳᠬᠠᠯ ᠢ ᠴᠢᠩᠭᠠᠳᠬᠠᠵᠤ᠂ ᠪᠡᠶ᠎ᠡ ᠶᠢᠨ ᠳᠤᠯᠠᠭᠠᠨ ᠢ ᠬᠡᠮᠵᠢᠨ ᠪᠠᠶᠢᠴᠠᠭᠠᠬᠤ᠂ ᠠᠮᠠᠪᠴᠢ ᠵᠡᠭᠦᠬᠦ ᠵᠡᠷᠭᠡ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠦᠯᠵᠢᠶᠡᠨ ᠳᠡᠭᠡᠷ᠎ᠡ ᠪᠢᠯᠧᠲ ᠬᠤᠳᠠᠯᠳᠤᠬᠤ᠂ ᠠᠶᠤᠯ ᠦᠭᠡᠢ ᠪᠠᠶᠢᠴᠠᠭᠠᠯᠲᠠ ᠶᠢᠨ ᠨᠡᠪᠲᠡᠷᠡᠬᠦ ᠵᠠᠮ ᠢ ᠨᠡᠮᠡᠭᠳᠡᠭᠦᠯᠬᠦ ᠵᠡᠷᠭᠡ ᠠᠷᠭ᠎ᠠ ᠬᠡᠯᠪᠡᠷᠢ ᠪᠠᠷ ᠬᠦᠮᠦᠰ ᠤᠨ ᠪᠥᠭᠡᠮᠨᠡᠷᠡᠨ ᠴᠤᠭᠯᠠᠷᠠᠬᠤ ᠠᠴᠠ ᠵᠠᠶᠢᠯᠠᠰᠬᠢᠬᠤ ᠬᠡᠷᠡᠭᠲᠡᠢ᠃ ᠬᠥᠳᠡᠭᠡ ᠲᠣᠰᠬᠤᠨ ᠤ ᠭᠠᠵᠠᠷ ᠣᠷᠣᠨ ᠤ ᠵᠠᠮ ᠲᠡᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠬᠡᠷᠡᠭᠲᠡᠢ᠃ ᠭᠤᠷᠪᠠ ᠳᠤ᠂ ᠴᠠᠭᠠᠨ ᠰᠠᠷ᠎ᠠ ᠶᠢᠨ ᠠᠶᠠᠨᠴᠢᠳ ᠤᠨ ᠵᠥᠭᠡᠭᠡᠪᠦᠷᠢ ᠶᠢᠨ ᠬᠤᠭᠤᠴᠠᠭᠠᠨ ᠳᠠᠬᠢ ᠭᠤᠣᠯᠳᠠᠯᠭ᠎ᠠ ᠲᠠᠢ ᠡᠳ᠋ ᠪᠣᠳᠠᠰ ᠤᠨ ᠲᠡᠭᠡᠭᠡᠪᠦᠷᠢ ᠶᠢᠨ ᠪᠠᠲᠤᠯᠠᠭ᠎ᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠵᠤ᠂ ᠬᠦᠨᠳᠦ ᠬᠡᠴᠡᠭᠦᠦ ᠴᠠᠭ ᠠᠭᠤᠷ ᠢ ᠠᠷᠭᠠᠴᠠᠭᠠᠬᠤ ᠵᠡᠷᠭᠡ ᠪᠡᠯᠡᠳᠬᠡᠯ ᠲᠥᠰᠦᠯ ᠢ ᠲᠡᠭᠦᠯᠳᠡᠷᠵᠢᠭᠦᠯᠬᠦ ᠬᠡᠷᠡᠭᠲᠡᠢ᠃ ᠲᠦᠷᠪᠡ ᠳᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠮᠤᠷ ᠲᠦᠪᠰᠢᠨ ᠢ ᠪᠠᠲᠤᠯᠠᠵᠤ᠂ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠡᠢ᠃      ᠬᠤᠪᠢ ᠬᠥᠮᠦᠨ ᠤ ᠠᠰᠢᠭ ᠣᠯᠵᠠᠪᠤᠷᠢ ᠶᠢᠨ ᠭᠠᠶᠢᠯᠢ ᠶᠢᠨ ᠭᠠᠶᠢᠯᠢ ᠲᠤᠰᠢᠶᠠᠭᠴᠢ ᠶᠢᠨ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠵᠦ᠂ ᠳᠤᠮᠳᠠ ᠳᠣᠤᠷ᠎ᠠ ᠣᠷᠣᠯᠭ᠎ᠠ ᠲᠠᠢ ᠬᠦᠮᠦᠰ ᠤᠨ ᠳᠠᠷᠤᠯᠲᠠ ᠶᠢ ᠬᠥᠩᠭᠡᠷᠡᠭᠦᠯᠬᠦ ᠶᠢᠨ ᠲᠤᠰᠠᠳᠠ᠂ ᠬᠤᠷᠠᠯ ᠠᠴᠠ᠂ ᠨᠢᠭᠡ ᠳᠤ᠂ ᠪᠥᠬᠦ ᠵᠢᠯ ᠤᠨ ᠨᠢᠭᠡ ᠯᠡ ᠤᠳᠠᠭ᠎ᠠ ᠶᠢᠨ ᠴᠢᠨᠠᠷᠲᠠᠶ ᠱᠠᠩᠨᠠᠯ ᠤᠨ ᠮᠥᠩᠭᠦ ᠶᠢ ᠲᠣᠰ ᠰᠠᠷ᠎ᠠ ᠶᠢᠨ ᠴᠠᠯᠢᠩ ᠬᠥᠯᠥᠰᠥᠨ ᠤ ᠠᠰᠢᠭ ᠣᠷᠣᠯᠭ᠎ᠠ ᠳᠤ ᠨᠡᠶᠢᠯᠡᠭᠦᠯᠦᠨ ᠣᠷᠣᠭᠤᠯᠬᠤ ᠥᠬᠡᠶ ᠪᠠᠶᠢᠵᠤ᠂ ᠰᠠᠷ᠎ᠠ ᠪᠠᠷ ᠭᠠᠶᠢᠯᠢ ᠶᠢᠨ ᠨᠣᠷᠮ᠎ᠠ ᠶᠢ ᠰᠣᠯᠢᠨ ᠪᠣᠳᠣᠵᠤ᠂ ᠠᠰ ᠲᠤ ᠨᠢ ᠭᠠᠶᠢᠯᠢ ᠪᠤᠳᠤᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ 2023 ᠣᠨ ᠤ ᠡᠴᠦᠰ ᠪᠣᠯᠲᠠᠯ᠎ᠠ ᠦᠷᠭᠦᠯᠵᠢᠯᠡᠭᠦᠯᠦᠨ᠎ᠡ᠃ ᠬᠤᠶᠠᠷ ᠲᠤ᠂ ᠵᠢᠯ ᠤᠨ ᠣᠷᠣᠯᠭ᠎ᠠ ᠨᠢ 12 ᠲᠦᠮᠡᠨ ᠲᠥᠭᠦᠷᠢᠭ ᠠᠴᠠ ᠬᠡᠲᠦᠷᠡᠭᠰᠡᠨ ᠥᠬᠡᠶ ᠮᠥᠷᠲᠡᠭᠡᠨ ᠭᠠᠶᠢᠯᠢ ᠨᠥᠬᠦᠪᠥᠷᠢᠯᠡᠬᠦ ᠴᠢᠬᠤᠯᠠᠲᠠᠶ ᠪᠤᠶᠤ ᠣᠨ ᠤ ᠳ᠋ᠦᠩᠨᠡᠨ ᠪᠤᠳᠤᠭᠰᠠᠨ ᠭᠠᠶᠢᠯᠢ ᠶᠢᠨ ᠲᠤᠭ᠎ᠠ ᠨᠢ 400 ᠲᠥᠭᠦᠷᠢᠭ ᠠᠴᠠ ᠬᠡᠲᠦᠷᠡᠬᠦ ᠥᠬᠡᠶ ᠪᠠᠶᠢᠪᠠᠯ ᠭᠠᠶᠢᠯᠢ ᠨᠥᠬᠦᠪᠥᠷᠢᠯᠡᠬᠦ ᠠᠴᠠ ᠬᠡᠯᠲᠦᠷᠢᠭᠦᠯᠵᠦ᠂ ᠲᠥᠷᠥ ᠶᠢᠨ ᠪᠣᠳᠣᠯᠭ᠎ᠠ ᠶᠢ 2023 ᠣᠨ ᠤ ᠡᠴᠦᠰ ᠪᠣᠯᠲᠠᠯ᠎ᠠ ᠦᠷᠭᠦᠯᠵᠢᠯᠡᠭᠦᠯᠦᠨ᠎ᠡ᠃ ᠭᠤᠷᠪᠠ ᠳᠤ᠂ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠰᠲ᠋ᠣᠺ ᠤᠨ ᠡᠷᠬᠡ ᠶᠢᠨ ᠤᠷᠮᠠᠰᠢᠭᠤᠯᠤᠯ ᠤᠨ ᠲᠤᠰᠠᠭᠠᠷ ᠭᠠᠶᠢᠯᠢ ᠪᠤᠳᠤᠬᠤ ᠲᠦᠷᠦ ᠶᠢᠨ ᠪᠤᠳᠤᠯᠭ᠎ᠠ ᠶᠢ 2022 ᠣᠨ ᠤ ᠡᠴᠦᠰ ᠪᠣᠯᠲᠠᠯ᠎ᠠ ᠦᠷᠭᠦᠯᠵᠢᠯᠡᠭᠦᠯᠦᠨ᠎ᠡ ᠭᠡᠵᠦ ᠲᠣᠭᠲᠠᠭᠠᠪᠠ᠃ ᠳᠡᠭᠡᠷ᠎ᠡ ᠳᠤᠷᠠᠳᠤᠭᠰᠠᠨ ᠭᠤᠷᠪᠠᠨ ᠵᠦᠢᠯ ᠤᠨ ᠲᠦᠷᠦ ᠶᠢᠨ ᠪᠤᠳᠤᠯᠭ᠎ᠠ ᠨᠢ ᠵᠢᠱᠢᠯᠲᠡ ᠪᠠᠷ ᠨᠢᠭᠡ ᠵᠢᠯ ᠳᠤ 1100 ᠳ᠋ᠦᠩᠰᠢᠭᠤᠷ ᠲᠥᠭᠦᠷᠢᠭ ᠤᠨ ᠭᠠᠶᠢᠯᠢ ᠬᠥᠩᠭᠡᠯᠡᠬᠦ ᠪᠣᠯᠤᠨ᠎ᠠ᠃      ᠰᠤᠷᠭᠠᠨ ᠬᠥᠮᠦᠵᠢᠯ ᠤᠨ ᠲᠥᠪ ᠭᠤᠣᠯᠴᠢ ᠪᠠᠶᠢᠬᠤ ᠶᠢ ᠪᠠᠲᠤᠯᠠᠬᠤ ᠪᠣᠯ ᠨᠡᠶᠢᠭᠡᠮ ᠤᠨ ᠲᠥᠪ ᠭᠤᠣᠯᠴᠢ ᠪᠠᠶᠢᠬᠤ ᠶᠢ ᠠᠬᠢᠭᠤᠯᠬᠤ ᠶᠢᠨ ᠮᠠᠰᠢ ᠴᠢᠬᠤᠯᠠ ᠨᠥᠬᠦᠴᠡᠯ ᠮᠥᠨ᠃ ᠨᠠᠩ ᠣᠯᠠᠨ ᠰᠢᠯᠢᠳᠡᠭ ᠴᠢᠳᠠᠪᠤᠷᠢᠲᠠᠨ ᠢ ᠬᠥᠳᠡᠭᠡ ᠲᠣᠰᠬᠤᠨ ᠳᠤ ᠪᠠᠭᠰᠢᠯᠠᠭᠤᠯᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ᠬᠤᠷᠠᠯ ᠠᠴᠠ᠂ ᠨᠢᠭᠡ ᠳᠤ᠂ ᠬᠥᠳᠡᠭᠡ ᠲᠣᠰᠬᠤᠨ ᠤ ᠪᠠᠭᠰᠢ ᠶᠢᠨ ᠬᠠᠷᠠᠭᠠᠯᠵᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠳᠤᠮᠳᠠᠴᠢ ᠴᠠᠯᠢᠩ ᠤᠨ ᠣᠷᠣᠯᠭ᠎ᠠ ᠶᠢ ᠲᠤᠬᠠᠶ ᠶᠢᠨ ᠭᠠᠵᠠᠷ ᠤᠨ ᠠᠯᠪᠠᠲᠠᠨ ᠤ ᠬᠢ ᠠᠴᠠ ᠳᠣᠤᠷ᠎ᠠ ᠪᠠᠶᠢᠯᠭᠠᠬᠤ ᠦᠭᠡᠢ ᠪᠠᠶᠢᠬᠤ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠪᠠᠭᠰᠢᠯᠠᠭᠰᠠᠨ ᠣᠨ ᠵᠢᠯ ᠤᠨ ᠨᠡᠮᠡᠭᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠬᠢᠨᠠᠨ ᠲᠣᠭᠲᠠᠭᠠᠬᠤ ᠳᠤ ᠪᠠᠨ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ᠂ ᠬᠠᠲᠠᠭᠤ ᠪᠡᠷᠬᠡᠰᠢᠶᠡᠯᠲᠡᠶ ᠬᠢᠯᠢ ᠬᠢᠵᠠᠭᠠᠷ ᠣᠷᠣᠨ ᠤ ᠰᠤᠷᠭᠠᠭᠤᠯᠢ ᠵᠡᠷᠭᠡ ᠲᠡᠶᠢᠰᠢ ᠬᠡᠯᠪᠡᠶᠢᠯᠭᠡᠨ᠎ᠡ᠃ ᠬᠤᠶᠠᠷ ᠲᠤ᠂ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢ ᠳᠣᠭᠢᠷᠠᠭᠤᠯᠵᠤ᠂ ᠬᠠᠲᠠᠭᠤ ᠪᠡᠷᠬᠡᠰᠢᠶᠡᠯᠲᠡᠶ ᠬᠢᠯᠢ ᠬᠢᠵᠠᠭᠠᠷ ᠣᠷᠣᠨ ᠤ ᠬᠥᠳᠡᠭᠡ ᠲᠣᠰᠬᠤᠨ ᠤ ᠪᠠᠭᠰᠢ ᠶᠢᠨ ᠡᠷᠭᠢᠯᠲᠡ ᠶᠢᠨ ᠪᠠᠶᠢᠷᠢ ᠶᠢᠨ ᠬᠡᠷ ᠤᠨ ᠨᠥᠬᠦᠴᠡᠯ ᠢ ᠰᠠᠶᠢᠵᠢᠷᠠᠭᠤᠯᠬᠤ ᠶᠢ ᠳᠡᠮᠵᠢᠵᠦ᠂ ᠣᠷᠣᠨ ᠨᠤᠲᠤᠭ ᠤᠨ ᠬᠥᠳᠡᠭᠡ ᠲᠣᠰᠬᠤᠨ ᠤ ᠪᠠᠭᠰᠢ ᠳᠤ ᠲᠣᠭᠲᠠᠪᠤᠷᠢᠲᠤ ᠴᠢᠨᠠᠷᠲᠠᠶ ᠣᠷᠣᠨ ᠰᠠᠭᠤᠴᠠ ᠬᠠᠩᠭᠠᠬᠤ ᠶᠢ ᠠᠬᠢᠭᠤᠯᠤᠨ᠎ᠠ᠃ ᠭᠤᠷᠪᠠ ᠳᠤ᠂ ᠬᠥᠳᠡᠭᠡ ᠲᠣᠰᠬᠤᠨ ᠤ ᠪᠠᠭᠰᠢ ᠶᠢᠨ ᠪᠣᠯᠪᠠᠰᠤᠷᠠᠯ ᠢ ᠴᠢᠩᠭᠠᠳᠬᠠᠵᠤ᠂ ᠪᠣᠯᠪᠠᠰᠤᠷᠠᠯ ᠪᠣᠯᠤᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠢ ᠵᠣᠯᠭᠠᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠪᠠᠭᠰᠢ ᠶᠢᠨ ᠰᠤᠷᠤᠯᠭ᠎ᠠ ᠶᠢᠨ ᠨᠠᠮᠲᠠᠷ ᠢᠶᠠᠨ ᠬᠢᠯᠪᠠᠷ ᠳᠥᠭᠦᠮ ᠢᠶᠠᠷ ᠳᠡᠭᠡᠭᠰᠢᠯᠡᠭᠦᠯᠬᠦ ᠶᠢ ᠳᠡᠮᠵᠢᠨ᠎ᠡ᠃ ︽ᠪᠠᠭᠰᠢ ᠶᠢ ᠰᠢᠯᠢᠳᠡᠭᠵᠢᠭᠦᠯᠬᠦ ᠲᠥᠯᠥᠪᠯᠡᠭᠡ︾ ᠶᠢ ᠦᠷᠭᠦᠯᠵᠢᠯᠡᠨ ᠬᠡᠷᠡᠭᠵᠢᠭᠦᠯᠵᠦ᠂ ᠵᠢᠯ ᠪᠦᠷᠢ ᠶᠠᠳᠠᠭᠤ ᠠᠴᠠ ᠠᠩᠭᠢᠵᠢᠷᠠᠭᠰᠠᠨ ᠰᠢᠶᠠᠨ ᠪᠠ ᠳᠤᠮᠳᠠ᠂ ᠪᠠᠷᠠᠭᠤᠨ ᠬᠡᠰᠡᠭ ᠤᠨ ᠭᠠᠵᠠᠷ ᠣᠷᠣᠨ ᠤ ᠡᠭᠡ ᠬᠠᠭᠤᠷᠠᠶ ᠶᠢᠨ ᠬᠢᠯᠢ ᠬᠢᠵᠠᠭᠠᠷ ᠤᠨ ᠰᠢᠶᠠᠨ ᠳᠤ ᠲᠦᠮᠡᠨ ᠨᠡᠷᠡᠰ ᠵᠢᠩᠬᠢᠨᠢ ᠠᠩᠬᠢ ᠶᠢᠨ ᠪᠠᠭᠰᠢ ᠶᠢᠨ ᠰᠤᠷᠭᠠᠭᠤᠯᠢ ᠶᠢᠨ ᠰᠤᠷᠤᠬᠴᠢ ᠶᠢ ᠬᠠᠨᠳᠤᠯᠭ᠎ᠠ ᠲᠠᠢ ᠪᠠᠷ ᠬᠥᠮᠦᠵᠢᠭᠦᠯᠵᠦ ᠥᠭᠭᠦᠨ᠎ᠡ᠃ ᠬᠥᠳᠡᠭᠡ ᠲᠣᠰᠬᠤᠨ ᠤ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠳᠤ ᠱᠠᠭᠠᠷᠳᠠᠬᠤ ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠶᠢ ᠠᠭᠤᠵᠢᠭᠤ ᠲᠠᠯᠪᠢᠵᠤ᠂ ᠵᠢᠭᠠᠨ ᠰᠤᠷᠭᠠᠯᠲᠠ ᠶᠢᠨ ᠪᠣᠳᠠᠲᠤ ᠠᠮᠵᠢᠯᠲᠠ ᠶᠢᠨ ᠬᠦᠨᠳᠦᠴᠡ ᠶᠢ ᠳᠡᠭᠡᠭᠰᠢᠯᠡᠭᠦᠯᠦᠨ᠎ᠡ᠃ ᠳᠥᠷᠪᠡ ᠳᠤ᠂ ᠰᠢᠯᠢᠳᠡᠭ ᠪᠠᠭᠰᠢ ᠶᠢᠨ ᠬᠥᠳᠡᠭᠡ ᠲᠣᠰᠬᠤᠨ ᠤ ᠰᠤᠷᠭᠠᠭᠤᠯᠢ ᠶᠢᠨ ᠠᠵᠢᠯ ᠤᠨ ᠪᠠᠶᠢᠷᠢ ᠳᠤ ᠡᠭᠡᠯᠵᠢᠯᠡᠨ ᠰᠢᠯᠵᠢᠬᠦ ᠶᠢ ᠬᠥᠲᠥᠯᠥᠨ ᠵᠢᠯᠣᠭᠤᠳᠤᠨ᠎ᠠ᠃ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃ ᠲᠠᠪᠤ ᠳᠤ᠂ ᠬᠤᠲᠠ ᠳᠤ ᠣᠷᠣᠵᠤ ᠬᠦᠴᠦᠨ ᠤ ᠠᠵᠢᠯ ᠬᠢᠭᠰᠡᠳ ᠤᠨ ᠳᠠᠭᠠᠵᠤ ᠨᠡᠭᠦᠭᠰᠡᠨ ᠦᠷ᠎ᠡ ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠡᠷᠬᠡ ᠲᠡᠭᠰᠢ ᠪᠠᠷ ᠭᠥᠷᠳᠡᠬᠦ ᠶᠢ ᠦᠨᠡᠨ ᠬᠦ ᠪᠠᠲᠤᠯᠠᠵᠤ᠂ ᠰᠢᠯᠵᠢᠨ ᠤᠷᠤᠭᠰᠠᠨ ᠭᠠᠵᠠᠷ ᠤᠨ ᠵᠠᠰᠠᠭ ᠤᠨ ᠣᠷᠳᠣᠨ ᠢᠶᠠᠷ ᠭᠤᠤᠯ ᠪᠣᠯᠭᠠᠨ᠂ ᠠᠯᠪᠠᠨ ᠠᠴᠠ ᠡᠷᠭᠢᠯᠡᠭᠰᠡᠨ ᠰᠤᠷᠭᠠᠭᠤᠯᠢ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠠ ᠡᠳ᠋ ᠤᠨ ᠵᠠᠰᠠᠭ ᠤᠨ ᠪᠠᠲᠤᠯᠠᠭ᠎ᠠ ᠳᠤ ᠣᠷᠣᠭᠤᠯᠤᠨ᠎ᠠ᠃ ᠵᠢᠭᠡᠯᠡᠨ ᠰᠤᠷᠤᠯᠴᠠᠬᠤ ᠰᠦᠢᠳᠬᠡᠯ᠂ ᠳᠡᠮᠵᠢᠯᠭᠡ ᠶᠢᠨ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠨ᠎ᠠ᠃ ᠨᠥᠬᠦᠴᠡᠯ ᠡᠭᠦᠳᠴᠦ ᠪᠠᠶᠢᠭᠠᠳ ᠳᠠᠭᠠᠵᠤ ᠨᠡᠭᠦᠭᠰᠡᠨ ᠦᠷ᠎ᠡ ᠬᠡᠦᠬᠡᠳ ᠤᠨ ᠨᠡᠭᠦᠵᠦ ᠣᠴᠢᠭᠰᠠᠨ ᠭᠠᠵᠠᠷ ᠲᠤ ᠪᠠᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠣᠷᠣᠯᠴᠠᠬᠤ ᠳᠤ ᠨᠡᠩ ᠣᠯᠠᠨ ᠲᠣᠬᠢᠶᠠᠯ ᠣᠯᠭᠤᠬᠤ ᠬᠡᠷᠡᠭᠲᠡᠶ᠃ ᠶᠡᠭᠡ ᠳᠡᠭᠡᠳᠦ ᠰᠤᠷᠭᠠᠭᠤᠯᠢ ᠰᠤᠷᠤᠭᠴᠢ ᠡᠯᠰᠡᠬᠦ ᠳᠤ ᠪᠠᠨ ᠦᠷᠭᠦᠯᠵᠢᠯᠡᠨ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠬᠥᠳᠡᠭᠡ ᠲᠤᠰᠬᠤᠨ ᠲᠡᠶᠢᠰᠢ ᠬᠡᠯᠪᠡᠶᠢᠯᠭᠡᠬᠦ ᠬᠡᠷᠡᠭᠲᠡᠢ ᠭᠡᠵᠦ ᠲᠣᠭᠲᠠᠭᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号