2021 ᠣᠨ ᠤ 10 ᠳ᠋ᠤᠭᠠᠷ ᠰᠠᠷ᠎ᠠ ᠶᠢᠨ ᠳᠤᠮᠳᠠᠴᠢ ᠠᠴᠠ ᠡᠬᠢᠯᠡᠨ᠂ ᠵᠡᠭᠡᠯᠢ ᠭᠤᠳᠤᠮᠵᠢ ᠶᠢᠨ ᠠᠵᠢᠯᠲᠠᠨ᠂ | ᠨᠡᠶᠢᠭᠡᠮ ᠲᠣᠭᠤᠷᠢᠭ ᠤᠨ ᠲᠣᠤᠷᠵᠢᠯ ᠤᠨ ᠠᠵᠢᠯᠲᠠᠨ᠂ ᠵᠡᠮᠳᠡᠭᠴᠦᠳ ᠤᠨ ᠲᠤᠰᠬᠠᠶ ᠲᠤᠰᠢᠶᠠᠯᠲᠤ ᠭᠡᠰᠢᠭᠦᠨ ᠢᠶᠠᠷ | ᠪᠠᠶᠢᠴᠠᠭᠠᠬᠤ ᠳᠤᠭᠤᠶᠢᠯᠠᠩ ᠪᠦᠷᠢᠯᠳᠦᠭᠦᠯᠵᠦ᠂ ᠵᠡᠮᠳᠡᠭᠴᠦᠳ ᠤᠨ ᠬᠡᠷ ᠲᠤ ᠭᠦᠨᠵᠡᠭᠡᠶᠢᠷᠡᠬᠦ᠂ ᠤᠲᠠᠰᠤ ᠪᠠᠷ ᠪᠣᠶᠢᠳᠠ | ᠪᠥᠭᠯᠡᠭᠦᠦ ᠰᠠᠭᠤᠭᠠᠯᠢ ᠡᠷᠦᠬᠡ ᠲᠠᠢ ᠬᠠᠷᠢᠯᠴᠠᠬᠤ ᠵᠡᠷᠭᠡ ᠠᠷᠭ᠎ᠠ ᠮᠠᠶ᠋ᠢᠭ ᠢ ᠠᠪᠴᠤ᠂ ᠬᠠᠷᠢᠶᠠᠲᠤ ᠣᠷᠣᠨ ᠤ | ᠳᠣᠲᠣᠷᠠᠬᠢ ᠪᠥᠬᠦ ᠤᠯᠤᠰ ᠤᠨ ᠵᠡᠮᠳᠡᠭᠴᠦᠳ ᠤᠨ ᠲᠤᠭ᠎ᠠ ᠪᠠᠷᠢᠮᠲᠠ ᠶᠢᠨ ᠬᠥᠮᠥᠷᠭᠡ ᠳᠤ ᠳᠡᠩᠰᠡᠯᠡᠨ ᠲᠡᠮᠳᠡᠭᠯᠡᠬᠦ ᠶᠢᠨ | ᠬᠠᠮᠲᠤ ᠦᠨᠡᠮᠯᠡᠯ ᠲᠠᠢ ᠪᠠᠶᠢᠩᠭᠤ ᠰᠠᠭᠤᠭ᠎ᠠ ᠵᠡᠮᠳᠡᠭᠴᠦᠳ ᠲᠤ ᠡᠷᠦᠬᠡ ᠳᠤ ᠬᠦᠷᠴᠦ ᠪᠠᠶᠢᠴᠠᠭᠠᠨ ᠳᠡᠩᠰᠡᠯᠡᠨ | ᠲᠡᠮᠳᠡᠭᠯᠡᠬᠦ ᠠᠵᠢᠯ ᠢ ᠥᠷᠨᠢᠭᠦᠯᠦᠨ᠎ᠡ ᠃ | | | | | | ᠡᠷᠦᠬᠡ ᠳᠤ ᠣᠷᠣᠬᠤ ᠪᠠᠷ ᠳᠠᠮᠵᠢᠭᠤᠯᠤᠨ᠂ ᠵᠡᠮᠳᠡᠭᠴᠦᠳ ᠤᠨ ᠠᠵᠤ ᠠᠬᠤᠶ ᠵᠢᠴᠢ ᠣᠷᠣᠨ ᠰᠠᠭᠤᠴᠠ᠂ | ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ᠂ ᠨᠡᠶᠢᠭᠡᠮ ᠤᠨ ᠪᠠᠲᠤᠯᠠᠭ᠎ᠠ᠂ ᠦᠨᠳᠦᠰᠦᠨ ᠡᠮᠴᠢᠯᠡᠭᠡ ᠬᠢᠭᠡᠳ | ᠡᠷᠡᠭᠦᠯ ᠮᠡᠨᠳᠦ᠂ ᠬᠠᠷᠰᠢ ᠰᠠᠭᠠᠳ ᠥᠬᠡᠶ᠂ ᠰᠣᠶᠣᠯ ᠪᠡᠶ᠎ᠡ ᠶᠢᠨ ᠲᠠᠮᠢᠷ ᠰᠤᠷᠭᠠᠨ ᠬᠥᠮᠦᠵᠢᠯ ᠵᠡᠷᠭᠡ ᠰᠠᠭᠤᠷᠢ | ᠮᠡᠳᠡᠭᠡ ᠵᠠᠩᠭᠢ ᠶᠢ ᠴᠠᠭ ᠲᠤᠬᠠᠶ ᠳᠤᠨᠢ ᠣᠶᠢᠯᠠᠭᠠᠵᠤ᠂ ᠨᠠᠷᠢᠨ ᠨᠢᠮᠪᠠᠶ ᠳᠡᠩᠰᠡᠯᠡᠨ ᠲᠡᠮᠳᠡᠭᠯᠡᠬᠦ ᠪᠠ ᠬᠢᠨᠠᠨ | ᠬᠠᠷᠭᠤᠭᠤᠯᠵᠤ᠂ ᠮᠡᠳᠡᠭᠡ ᠵᠠᠩᠭᠢ ᠶᠢ ᠪᠥᠬᠦ ᠲᠠᠯ᠎ᠠ ᠪᠠᠷ᠂ ᠬᠠᠰᠢ ᠶᠠᠰᠢ ᠥᠩᠭᠡᠷᠡᠭᠦᠯᠬᠦ ᠥᠬᠡᠶ᠂ ᠥᠨᠴᠥᠭ ᠪᠤᠯᠤᠩ | ᠦᠯᠡᠳᠡᠭᠡᠬᠦ ᠥᠬᠡᠶ ᠪᠠᠶᠢᠬᠤ ᠶᠢ ᠦᠨᠡᠨᠬᠦ ᠪᠠᠲᠤᠯᠠᠵᠤ᠂ 11 ᠳ᠋ᠦ᠋ᠭᠡᠷ ᠰᠠᠷ᠎ᠠ ᠶᠢᠨ 15 ᠤ ᠡᠳᠦᠷ ᠪᠣᠯᠲᠠᠯ᠎ᠠ᠂ ᠨᠡᠶᠢᠲᠡ | 101 ᠡᠷᠦᠬᠡ ᠳᠤ ᠬᠦᠷᠴᠦ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ | ᠣᠷᠬᠢᠭᠳᠠᠭᠤᠯᠬᠤ ᠥᠬᠡᠶ ᠪᠠᠶᠢᠬᠤ ᠶᠢ ᠴᠢᠷᠮᠠᠶᠢᠨ ᠪᠡᠶᠡᠯᠡᠭᠦᠯᠦᠨ᠎ᠡ ᠃ | |