ᠣᠨᠴᠠᠭᠠᠶ ᠬᠠᠮᠲᠤᠯᠢᠭ ᠢ ᠣᠨᠴᠠᠭᠠᠶ ᠬᠠᠯᠠᠮᠵᠢᠯᠠᠨ᠎ᠠ
ᠨᠡᠶᠢᠲᠡᠯᠡᠭᠰᠡᠨ ᠴᠠᠭ᠄
2021/12/6
     ᠮᠠᠨ ᠤ ᠣᠷᠣᠨ ᠤ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠵᠡᠮᠳᠡᠭᠴᠦᠳ ᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠦᠨ᠂ ᠰᠠᠨᠠᠭᠠᠨ ᠳᠤ ᠦᠭᠡᠶ ᠭᠡᠮᠲᠦᠯ  ᠠᠴᠠ ᠪᠣᠯᠤᠭᠰᠠᠨ ᠵᠡᠮᠳᠡᠭᠴᠦᠳ ᠤᠨ ᠠᠵᠤ ᠠᠬᠤᠶ ᠶᠢᠨ ᠬᠤᠬᠢᠷᠠᠯ ᠪᠣᠯᠤᠨ ᠭᠡᠷ ᠪᠦᠯᠢ ᠶᠢᠨ ᠬᠦᠴᠢᠷᠳᠡᠯ ᠢ ᠬᠠᠮᠤᠭ  ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠲᠤᠰᠠᠳᠠ  ᠃

    ᠰᠢᠭᠤᠶᠢᠲᠤ ᠵᠡᠭᠡᠯᠢ ᠭᠤᠳᠤᠮᠵᠢ ᠶᠢᠨ ᠬᠢᠨ ᠡᠨᠡ ᠬᠦ ᠠᠵᠢᠯ ᠢ ᠰᠠᠶᠢᠲᠤᠷ ᠬᠢᠵᠦ᠂ ᠵᠡᠮᠳᠡᠭᠴᠦᠳ ᠲᠤ ᠨᠠᠩ

ᠰᠠᠶᠢᠨ ᠦᠶᠯᠡᠴᠢᠯᠡᠬᠦ ᠶᠢᠨ ᠲᠥᠯᠥᠭᠡ᠂ ᠠᠵᠢᠯᠲᠠᠨ ᠢ ᠵᠣᠬᠢᠶᠠᠨ ᠪᠠᠶᠢᠭᠤᠯᠤᠨ ᠮᠡᠳᠡᠭᠳᠡᠯ ᠨᠠᠭᠠᠬᠤ᠂ ᠤᠲᠠᠰᠤ ᠪᠠᠷ

ᠮᠡᠳᠡᠭᠳᠡᠬᠦ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠮᠡᠳᠡᠭᠳᠡᠯ ᠨᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ

ᠶᠡᠬᠡᠪᠡᠷ ᠤᠬᠠᠭᠤᠯᠵᠤ᠂ ᠬᠥᠳᠡᠯᠵᠦ ᠪᠠᠷᠢᠬᠤ ᠳᠤ ᠳᠥᠭᠦᠮ ᠦᠭᠡᠢ ᠵᠡᠮᠳᠡᠭᠴᠦᠳ ᠲᠤ ᠡᠷᠦᠬᠡ ᠳᠤ ᠬᠦᠷᠴᠦ

ᠤᠬᠠᠭᠤᠯᠭ᠎ᠠ ᠬᠢᠵᠦ ᠲᠠᠶᠢᠯᠪᠤᠷᠢᠯᠠᠨ᠂ ᠲᠣᠰ ᠤᠳᠠᠭᠠᠨ ᠤ ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ ᠤᠨ

ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠄ ᠦᠨᠡᠮᠯᠡᠯ ᠲᠠᠢ 0 - 59 ᠪᠦᠬᠦᠯᠢ ᠨᠠᠰᠤᠨ ᠤ

ᠵᠡᠮᠳᠡᠭᠴᠦᠳ ᠲᠤ ᠨᠢᠭᠡ ᠮᠥᠩᠭᠦ ᠴᠦ ᠲᠤᠰᠢᠶᠠᠬᠤ ᠴᠢᠬᠤᠯᠠ ᠥᠬᠡᠶ᠂ ᠶᠠᠮᠠᠷᠪᠠ ᠬᠤᠪᠢ ᠬᠥᠮᠦᠨ ᠤ ᠮᠠᠲ᠋ᠧᠷᠢᠶᠠᠯ

ᠬᠠᠩᠭᠠᠵᠤ ᠭᠦᠶᠴᠡᠳᠬᠡᠬᠦ ᠴᠢᠬᠤᠯᠠ ᠥᠬᠡᠶ ᠪᠣᠯ ᠴᠥᠮ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ

ᠬᠤᠯᠪᠣᠭᠠᠲᠤ ᠬᠤᠷᠠᠯ ᠠᠴᠠ ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ ᠢ ᠰᠦᠶᠳᠬᠡᠯ ᠬᠤᠷᠢᠶᠠᠬᠤ ᠥᠬᠡᠶ ᠪᠠᠷ

ᠨᠢᠭᠡᠳᠦᠯᠲᠡᠶ ᠭᠦᠶᠴᠡᠳᠬᠡᠨ᠎ᠡ  ᠃

   ᠡᠨᠡᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠨᠢ ᠵᠡᠮᠳᠡᠭᠴᠦᠳ ᠤᠨ ᠰᠠᠨᠠᠭᠠᠨ ᠳᠤ ᠦᠭᠡᠶ ᠭᠡᠮᠲᠦᠯ ᠭᠠᠷᠪᠠᠯ᠂

ᠠᠵᠤ ᠠᠬᠤᠶ ᠶᠢᠨ ᠲᠥᠯᠥᠪᠦᠷᠢ ᠪᠣᠯᠤᠨ ᠡᠮ ᠡᠮᠨᠡᠯᠭᠡ ᠶᠢᠨ ᠪᠠᠲᠤᠯᠠᠭ᠎ᠠ ᠶᠢ ᠴᠠᠭ ᠲᠤᠬᠠᠶ ᠳᠤᠨᠢ ᠬᠦᠷᠲᠡᠬᠦ ᠶᠢ

ᠦᠨᠡᠨᠬᠦ ᠪᠠᠲᠤᠯᠠᠵᠤ᠂ ᠥᠷᠭᠡᠨ ᠣᠯᠠᠨ ᠵᠡᠮᠳᠡᠭᠴᠦᠳ ᠲᠤ ᠨᠡᠶᠢᠭᠡᠮ ᠤᠨ ᠡᠯ᠎ᠡ ᠡᠲᠡᠭᠡᠳ ᠪᠣᠯᠤᠨ ᠡᠯ᠎ᠡ ᠱᠠᠲᠤᠨ ᠤ

ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠭᠦᠢᠴᠡᠳ ᠮᠡᠳᠡᠷᠡᠭᠦᠯᠦᠭᠰᠡᠨ ᠪᠠᠶᠢᠨ᠎ᠠ  ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号