ᠰᠢᠭᠤᠶᠢᠲᠤ ᠣᠷᠣᠨ ᠤ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢ ᠬᠢᠨᠠᠨ ᠬᠠᠮᠢᠶᠠᠷᠬᠤ ᠠᠷᠭ᠎ᠠ
ᠨᠡᠶᠢᠲᠡᠯᠡᠭᠰᠡᠨ ᠴᠠᠭ᠄
2021/12/9
ᠨᠢᠭᠡᠳᠦᠭᠡᠷ ᠵᠦᠢᠯ  ᠂ ᠲᠣᠭᠲᠠᠭᠠᠭᠰᠠᠨ ᠵᠣᠷᠢᠯᠭ᠎ᠠ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ  ᠶᠢᠨ ᠲᠥᠯᠥᠭᠡ᠂ ᠠᠷᠠᠯᠵᠢᠶᠠᠨ ᠤ ᠲᠦᠭᠰᠢᠭᠦᠷᠢ ᠶᠢ ᠰᠡᠷᠭᠡᠶᠢᠯᠡᠬᠦ᠂ ᠲᠠᠸᠠᠷ ᠤᠨ ᠭᠡᠷ ᠪᠠᠶᠢᠰᠢᠩ ᠢ ᠬᠤᠳᠠᠯᠳᠤᠭᠠᠯᠠᠬᠤ ᠬᠤᠶᠠᠷ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠂ 《 ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠠᠴᠠ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠬᠠᠤᠯᠢ 》 ᠶᠢ ᠦᠨᠳᠦᠰᠦᠯᠡᠪᠡᠯ᠂ 《 ᠬᠤᠲᠠ ᠶᠢᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠬᠠᠮᠢᠶᠠᠷᠤᠯᠲᠠ ᠶᠢᠨ ᠠᠷᠭ᠎ᠠ 》᠂ 《 ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ 》 ( ᠲᠥᠷᠥ ᠠᠯᠪᠠᠨ ᠲᠠᠷᠬᠠᠭᠠᠭᠰᠠᠨ 2010 ) 4 ᠳ᠋ᠦ᠋ᠭᠡᠷ ᠲᠣᠭᠠᠲᠤ )᠂ 《 ᠪᠤᠭᠤᠲᠤ ᠬᠤᠲᠠ ᠶᠢᠨ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ 》 ( ᠪᠤᠭᠤᠲᠤ ᠵᠠᠰᠠᠭ ᠤᠨ ᠣᠷᠳᠣᠨ ᠠᠯᠪᠠᠨ ᠲᠠᠷᠬᠠᠭᠠᠭᠰᠠᠨ 201899 ᠳ᠋ᠦ᠋ᠭᠡᠷ ᠲᠣᠭᠠᠲᠤ ) 《 ᠪᠤᠭᠤᠲᠤ ᠬᠤᠲᠠ  ᠶᠢᠨ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠪᠤᠭᠤᠲᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠮᠡᠳᠡᠭᠳᠡᠯ 》᠂ 《 ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢ ᠬᠢᠨᠠᠨ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠪᠤᠭᠤᠲᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ  ᠶᠢᠨ ᠮᠡᠳᠡᠭᠳᠡᠯ 》 ( ᠳᠠᠭᠠᠭᠠᠴᠢᠯᠠᠯᠲᠠ ᠣᠷᠣᠨ ᠰᠠᠭᠤᠴᠠ ᠪᠥᠲᠥᠭᠡᠨ ᠪᠠᠶᠢᠭᠤᠯᠤᠯᠲᠠ 201949 ᠳ᠋ᠦ᠋ᠭᠡᠷ ᠲᠣᠭᠠᠲᠤ ) ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠬᠠᠮᠢᠶ᠎ᠠ ᠪᠥᠬᠦᠶ ᠲᠣᠭᠲᠠᠭᠠᠯ  ᠢ ᠲᠣᠰ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠎ᠠ᠂ ᠲᠤᠰ ᠠᠷᠭ᠎ᠠ ᠶᠢ ᠲᠣᠭᠲᠠᠭᠠᠪᠠ  ᠃ ᠬᠤᠶᠠᠳᠤᠭᠠᠷ ᠵᠦᠶᠯ᠂ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠤᠷᠢᠳᠴᠢᠯᠠᠨ ᠬᠤᠳᠠᠯᠳᠤᠬᠤ ᠶᠢ ᠵᠥᠪᠰᠢᠶᠡᠷᠡᠭᠰᠡᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠬᠤᠳᠠᠯᠳᠤᠭ᠎ᠠ ᠪᠠ ᠣᠷᠣᠨ ᠰᠠᠭᠤᠴᠠ ᠶᠢᠨ ᠬᠤᠯᠢᠮᠠᠭ ᠴᠣᠭᠴᠠ ( ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠵᠤ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠴᠤᠭᠯᠠᠭᠤᠯᠬᠤ᠂ ᠬᠡᠷᠡᠭᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠪᠠᠭᠲᠠᠭᠠᠬᠤ ᠦᠭᠡᠶ᠂ ᠲᠤᠰ ᠠᠷᠭ᠎ᠠ ᠲᠣᠬᠢᠷᠠᠨ᠎ᠠ  ᠃ᠭᠤᠷᠪᠠᠳᠤᠭᠠᠷ ᠵᠦᠢᠯ  ᠂ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠭᠡᠳᠡᠭ ᠨᠢ? ᠲᠤᠰ ᠠᠷᠭ᠎ᠠ ᠳᠤ ᠬᠡᠯᠡᠵᠦ ᠪᠠᠶᠢᠭ᠎ᠠ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠭᠡᠳᠡᠭ ᠨᠢ ᠭᠡᠷ ᠪᠠᠶᠢᠰᠢᠩ ᠬᠤᠳᠠᠯᠳᠤᠨ ᠠᠪᠤᠭᠴᠢ ᠲᠠᠸᠠᠷ ᠤᠨ ᠭᠡᠷ ᠪᠠᠶᠢᠰᠢᠩ ᠢ ᠬᠤᠳᠠᠯᠳᠤᠭᠠᠯᠠᠬᠤ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠥᠭᠬᠦ ᠤᠷᠢᠳᠴᠢᠯᠠᠨ ᠬᠤᠳᠠᠯᠳᠤᠨ ᠠᠪᠬᠤ ᠭᠡᠷ ᠪᠠᠶᠢᠰᠢᠩ ᠤᠨ ᠵᠣᠭᠤᠰ ( ᠠᠩᠬ᠎ᠠ ᠤᠳᠠᠭ᠎ᠠ ᠵᠣᠭᠤᠰ ᠥᠭᠬᠦ᠂ ᠬᠤᠭᠤᠴᠠᠭ᠎ᠠ ᠬᠤᠪᠢᠶᠠᠨ ᠵᠣᠭᠤᠰ ᠥᠭᠬᠦ᠂ ᠨᠢᠭᠡ ᠯᠡ ᠤᠳᠠᠭ᠎ᠠ ᠳᠤ ᠵᠣᠭᠤᠰ ᠥᠭᠬᠦ ᠪᠠ ᠪᠠᠩᠬᠢ ᠶᠢᠨ ᠪᠠᠷᠢᠴᠠᠭᠠᠳᠤ ᠵᠢᠭᠡᠯᠡᠯᠭᠡ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠵᠡᠷᠭᠡ ᠭᠡᠷ ᠪᠠᠶᠢᠰᠢᠩ ᠬᠤᠳᠠᠯᠳᠤᠨ ᠠᠪᠬᠤ ᠡᠯ᠎ᠡ ᠵᠦᠢᠯ ᠤᠨ ᠵᠣᠭᠤᠰ ᠪᠠᠭᠲᠠᠨ᠎ᠠ ) ᠢ ᠵᠢᠭᠠᠵᠤ ᠪᠠᠶᠢᠨ᠎ᠠ  ᠃ ᠳᠥᠷᠪᠡᠳᠦᠭᠡᠷ ᠵᠦᠢᠯ  ᠂ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠬᠤ ᠵᠠᠷᠴᠢᠮ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠳᠤ ᠨᠢᠭᠡ ᠠᠵᠤ ᠠᠬᠤᠶᠢᠯᠠᠯ ᠤᠨ ᠥᠪᠡᠷ ᠤᠨ ᠦᠢᠯᠡᠳᠬᠦᠨ᠂ ᠪᠠᠩᠬᠢ ᠬᠠᠮᠵᠢᠯᠴᠠᠬᠤ᠂ ᠲᠤᠰᠬᠠᠶ ᠳᠠᠩᠰᠠ ᠪᠠᠷ ᠬᠠᠳᠠᠭᠠᠯᠠᠬᠤ᠂ ᠲᠤᠰᠬᠠᠶ ᠵᠣᠭᠤᠰ ᠢ ᠲᠤᠰᠬᠠᠶ ᠬᠡᠷᠡᠭᠯᠡᠬᠦ᠂ ᠪᠦᠬᠦ ᠶᠠᠪᠤᠴᠠ ᠶᠢ ᠬᠢᠨᠠᠨ ᠬᠠᠮᠢᠶᠠᠷᠬᠤ᠂ ᠵᠠᠩᠭᠢᠯᠠᠭ᠎ᠠ ᠴᠢᠭ ᠢᠶᠠᠷ ᠡᠵᠡᠮᠳᠡᠬᠦ ᠵᠠᠷᠴᠢᠮ ᠢ ᠵᠢᠷᠤᠮᠯᠠᠬᠤ ᠬᠡᠷᠡᠭᠲᠡᠶ  ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠳ ᠲᠤᠰ ᠠᠷᠭ᠎ᠠ ᠳᠤ ᠲᠣᠭᠲᠠᠭᠠᠭᠰᠠᠨ ᠵᠠᠭᠪᠤᠷ ᠢᠶᠠᠷ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠬᠢᠭᠰᠡᠨ ᠡᠰᠡᠬᠦ ᠶᠢ ᠥᠪᠡᠷ ᠲᠡᠭᠡᠨ ᠰᠣᠩᠭᠤᠵᠤ ᠪᠣᠯᠤᠨ᠎ᠠ᠂ ᠬᠡᠷᠪᠡ ᠰᠣᠩᠭᠤᠭᠰᠠᠨ ᠦᠭᠡᠶ ᠪᠣᠯ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠥᠷᠥᠯ ᠵᠦᠢᠯ ᠢ ᠬᠠᠩᠭᠠᠵᠤ ( ᠲᠠᠸᠠᠷ ᠤᠨ ᠭᠡᠷ ᠪᠠᠶᠢᠰᠢᠩ ᠤᠨ ᠤᠷᠢᠳᠴᠢᠯᠠᠨ ( ᠪᠣᠷᠣᠯᠠᠭᠤᠯᠬᠤ ) ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ ) ᠳᠤ ᠬᠡᠷᠡᠭᠰᠡᠬᠦ ᠵᠦᠢᠯ ᠠᠴᠠ ᠪᠤᠰᠤᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠳᠦᠷᠢ ᠲᠥᠷᠬᠦ ᠶᠢᠨ ᠠᠬᠢᠴᠠ ᠶᠢ ᠡᠷᠬᠡᠪᠰᠢ ᠲᠥᠷᠥᠯ ᠵᠦᠢᠯ ᠤᠨ ᠭᠤᠣᠯ ᠴᠣᠭᠴᠠ ᠶᠢᠨ ᠴᠠᠭ ᠤᠨ ᠵᠦᠢᠯ ᠠᠴᠠ ᠳᠡᠭᠡᠭᠰᠢ ᠳᠤ ᠬᠦᠷᠦᠭᠦᠯᠦᠭᠰᠡᠨ ᠪᠠᠶᠢᠪᠠᠯ᠂ ( ᠲᠠᠸᠠᠷ ᠤᠨ ᠭᠡᠷ ᠪᠠᠶᠢᠰᠢᠩ ᠤᠨ ᠤᠷᠢᠳᠴᠢᠯᠠᠨ ( ᠪᠣᠷᠣᠯᠠᠭᠤᠯᠬᠤ ) ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ ) ᠢ ᠭᠤᠶᠤᠴᠢᠯᠠᠨ ᠭᠦᠢᠴᠡᠳᠬᠡᠯᠭᠡᠵᠦ ᠪᠣᠯᠤᠨ᠎ᠠ  ᠃ᠲᠠᠪᠤᠳᠤᠭᠠᠷ ᠵᠦᠶᠯ ᠬᠢᠨᠠᠯᠲᠠ ᠬᠠᠮᠢᠶᠠᠷᠤᠯᠲᠠ ᠶᠢᠨ ᠬᠤᠭᠤᠴᠠᠭ᠎ᠠ ᠬᠢᠵᠠᠭᠠᠷ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠬᠤ ᠬᠤᠭᠤᠴᠠᠭ᠎ᠠ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠯᠤᠭ᠎ᠠ 《 ᠪᠤᠭᠤᠲᠤ ᠬᠤᠲᠠ ᠶᠢᠨ ᠲᠠᠸᠠᠷ ᠤᠨ ᠭᠡᠷ ᠪᠠᠶᠢᠰᠢᠩ ( ᠲᠥᠷᠥᠯ ᠵᠦᠢᠯ ) ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠨᠠᠶᠢᠳᠠᠨ ᠬᠠᠮᠢᠶᠠᠷᠤᠭᠤᠯᠬᠤ ᠵᠥᠪᠯᠡᠯᠴᠡᠭᠡᠷ 》 ᠲᠣᠭᠲᠠᠭᠰᠠᠨ  ᠠᠴᠠ ᠡᠬᠢᠯᠡᠨ᠎ᠡ  ᠃ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠬᠤᠷᠢᠶᠠᠵᠤ ᠪᠦᠷᠢᠳᠬᠡᠨ ᠳᠠᠩᠰᠠᠯᠠᠵᠤ ᠳᠠᠭᠤᠰᠬᠠᠬᠤ ᠶᠢᠨ ᠬᠠᠮᠲᠤ 《 ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ  ᠤᠨ ᠦᠨᠡᠮᠯᠡᠯ 》 ᠢ ᠵᠥᠪᠰᠢᠶᠡᠷᠡᠭᠰᠡᠨ ᠱᠠᠭᠠᠷᠳᠠᠯᠭ᠎ᠠ ᠶᠣᠰᠣᠭᠠᠷ ᠪᠦᠬᠦᠨ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ ᠳᠠᠭᠤᠰᠬᠠᠨ᠂ ᠲᠤᠰᠢᠶᠠᠨ ᠬᠡᠷᠡᠭᠯᠡᠭᠦᠯᠬᠦ ᠨᠥᠬᠦᠴᠡᠯ ᠳᠤ ᠬᠦᠷᠦᠭᠰᠡᠨ ᠤ ᠳᠠᠷᠠᠭ᠎ᠠ ᠳᠠᠭᠤᠰᠬᠠᠨ᠎ᠠ  ᠃ ᠵᠢᠷᠭᠤᠳᠤᠭᠠᠷ ᠵᠦᠢᠯ ᠬᠢᠨᠠᠨ ᠬᠠᠮᠢᠶᠠᠷᠬᠤ ᠨᠢᠭᠡᠴᠡ ᠬᠢᠨᠠᠨ ᠬᠠᠮᠢᠶᠠᠷᠬᠤ ᠳᠠᠩᠰᠠᠨ ᠡᠷᠦᠬᠡ ᠪᠠᠶᠢᠭᠤᠯᠤᠭᠰᠠᠨ ᠪᠠᠩᠬᠢ ᠪᠣᠯᠤᠨ ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠬᠤ ᠪᠠᠶᠢᠭᠤᠯᠤᠮᠵᠢ ᠨᠢ ᠲᠣᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠤᠨ᠎ᠠ  ᠃ᠳᠣᠯᠣᠳᠤᠭᠠᠷ᠂ ᠨᠠᠢᠮᠠᠳᠤᠭᠠᠷ ᠵᠦᠢᠯ ᠣᠷᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ  ᠨᠢ ᠪᠦᠬᠦ ᠣᠷᠣᠨ ᠤ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠢᠨᠠᠨ ᠵᠢᠯᠣᠭᠤᠳᠬᠤ ᠶᠢ ᠬᠠᠷᠢᠭᠤᠴᠠᠵᠤ᠂ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠵᠠᠭᠠᠯᠳᠤᠯᠭ᠎ᠠ ᠵᠡᠷᠭᠡ ᠠᠵᠢᠯ ᠢ ᠰᠢᠶᠳᠪᠦᠷᠢᠯᠡᠨ᠎ᠡ  ᠃ ᠬᠢᠨᠠᠯᠲᠠ ᠬᠠᠮᠢᠶᠠᠷᠤᠯᠲᠠ ᠶᠢᠨ ᠳᠠᠩᠰᠠᠨ ᠡᠷᠦᠬᠡ ᠪᠠᠶᠢᠭᠤᠯᠤᠭᠰᠠᠨ ᠪᠠᠩᠬᠢ ᠨᠢ ᠠᠷᠠᠳ ᠤᠨ ᠪᠠᠩᠬᠢ ᠪᠠ ᠪᠠᠩᠬᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠤᠬᠠᠮᠰᠠᠷ ᠠᠴᠠ ᠪᠠᠨ ᠬᠦᠯᠢᠶᠡᠵᠦ ᠂ ᠠᠵᠢᠯ ᠲᠥᠷᠥᠯ ᠤᠨ ᠵᠢᠷᠤᠮᠵᠢᠯ ᠶᠣᠰᠣᠭᠠᠷ ᠨᠠᠶᠢᠳᠠᠨ ᠬᠠᠮᠢᠶᠠᠷᠤᠭᠤᠯᠬᠤ ᠳᠠᠩᠰᠠᠨ ᠡᠷᠦᠬᠡ᠂ ᠪᠠᠯᠠ ᠮᠥᠩᠭᠦ ᠶᠢᠨ ᠳ᠋ᠦᠩᠨᠡᠨ ᠪᠤᠳᠤᠬᠤ ᠬᠠᠮᠢᠶᠠᠷᠤᠯᠲᠠ ᠶᠢ ᠴᠢᠩᠭᠠᠳᠬᠠᠨ᠂ ᠪᠠᠯᠠ ᠮᠥᠩᠭᠦ ᠶᠢᠨ ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠬᠦ ᠴᠢᠨᠠᠷ ᠢ ᠳᠡᠭᠡᠭᠰᠢᠯᠡᠭᠦᠯᠵᠦ᠂ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠠᠮᠢᠶᠠᠷᠤᠯᠲᠠ᠂ ᠠᠵᠢᠯᠯᠠᠭᠠᠨ ᠤ ᠲᠦᠭᠰᠢᠭᠦᠷᠢ ᠶᠢ ᠪᠠᠭᠤᠷᠠᠭᠤᠯᠬᠤ ᠬᠡᠷᠡᠭᠲᠡᠶ  ᠃ᠬᠤᠶᠠᠳᠤᠭᠠᠷ ᠪᠦᠯᠦᠭ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ  ᠃ᠬᠢᠨᠠᠨ ᠬᠠᠮᠢᠶᠠᠷᠴᠤ ᠭᠦᠶᠴᠡᠳᠬᠡᠬᠦ ᠶᠠᠪᠤᠴᠠ ᠶᠢᠰᠦᠳᠦᠭᠡᠷ ᠵᠦᠢᠯ ᠭᠡᠷ ᠪᠠᠶᠢᠰᠢᠩ ᠭᠠᠵᠠᠷ ᠰᠢᠷᠣᠢ ᠶᠢᠨ ᠭᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠨᠢ ᠨᠡᠭᠡᠭᠡᠨ ᠠᠰᠢᠭᠯᠠᠬᠤ ᠵᠦᠢᠯᠡᠰ ( ᠳᠣᠷᠣᠭᠰᠢ 《 ᠬᠢᠨᠠᠨ ᠬᠠᠮᠢᠶᠠᠷᠬᠤ ᠵᠦᠢᠯᠡᠰ 》 ᠭᠡᠵᠦ ᠨᠡᠷᠡᠶᠢᠳᠦᠨ᠎ᠡ ) ᠤᠨ ᠪᠣᠳᠠᠲᠤ ᠪᠠᠶᠢᠳᠠᠯ ᠢ ᠦᠨᠳᠦᠰᠦᠯᠡᠨ᠂ ᠲᠣᠰ ᠬᠤᠳᠠ ᠶᠢᠨ ᠪᠠᠩᠬᠢ ᠠᠴᠠ ᠪᠠᠩᠬᠢ ᠶᠢ ᠰᠣᠩᠭᠤᠵᠤ ᠬᠢᠨᠠᠨ ᠬᠠᠮᠢᠶᠠᠷᠬᠤ ᠲᠠᠨᠭᠰᠠᠨ ᠡᠷᠦᠭᠡ ᠭᠠᠷᠭᠠᠵᠤ᠂ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠲᠤᠰᠬᠠᠢ ᠬᠠᠳᠠᠭᠠᠯᠠᠮᠵᠢ ᠶᠢᠨ ᠲᠠᠨᠭᠰᠠᠨ ᠡᠷᠦᠭᠡ ( ᠳᠣᠷᠣᠭᠰᠢ 《 ᠬᠢᠨᠠᠨ ᠬᠠᠮᠢᠶᠠᠷᠬᠤ ᠲᠠᠨᠭᠰᠠᠨ ᠡᠷᠦᠭᠡ 》 ᠭᠡᠵᠦ ᠨᠡᠷᠡᠶᠢᠳᠦᠨ᠎ᠡ ) ᠭᠠᠷᠭᠠᠵᠤ ᠪᠣᠯᠤᠨ᠎ᠠ  ᠃ ᠨᠢᠭᠡ ᠬᠢᠨᠠᠨ ᠬᠠᠮᠢᠶᠠᠷᠬᠤ ᠲᠥᠰᠦᠯ ᠨᠢ ᠵᠥᠪᠬᠡᠨ ᠨᠢᠭᠡ ᠬᠢᠨᠠᠨ ᠬᠠᠮᠢᠶᠠᠷᠬᠤ ᠳᠠᠩᠰᠠ ᠨᠡᠭᠡᠭᠡᠵᠦ ᠪᠣᠯᠤᠨ᠎ᠠ  ᠃ ᠬᠢᠨᠠᠨ ᠬᠠᠮᠢᠶᠠᠷᠬᠤ ᠲᠥᠷᠥᠯ ᠵᠦᠶᠯ ᠢ ᠤᠷᠢᠳᠴᠢᠯᠠᠨ ᠬᠤᠳᠠᠯᠳᠤᠬᠤ ᠶᠠᠪᠤᠴᠠ ᠳᠤ᠂ ᠬᠢᠨᠠᠨ ᠬᠠᠮᠢᠶᠠᠷᠬᠤ ᠲᠠᠩᠰᠠᠨ ᠡᠷᠦᠬᠡ ᠭᠠᠷᠭᠠᠭᠰᠠᠨ ᠪᠠᠩᠬᠢ ᠶᠢ ᠵᠠᠷᠴᠢᠮ ᠳᠡᠭᠡᠷ᠎ᠡ ᠪᠠᠨ ᠬᠤᠪᠢᠷᠠᠭᠤᠯᠵᠤ ᠪᠣᠯᠬᠤ ᠥᠬᠡᠶ  ᠃ᠠᠷᠪᠠᠳᠤᠭᠠᠷ ᠵᠦᠶᠯ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠳ 《 ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ 》 ᠢ ᠭᠦᠶᠴᠡᠳᠬᠡᠬᠦ ᠠᠴᠠ ᠡᠮᠦᠨ᠎ᠡ᠂ ᠬᠢᠨᠠᠨ ᠬᠠᠮᠢᠶᠠᠷᠬᠤ ᠲᠥᠷᠥᠯ ᠵᠦᠶᠯ ᠤᠨ ᠦᠨᠳᠦᠰᠦᠨ ᠪᠠᠶᠢᠳᠠᠯ᠂ ᠬᠢᠨᠠᠨ ᠬᠠᠮᠢᠶᠠᠷᠬᠤ ᠠᠭᠤᠯᠭ᠎ᠠ᠂ ᠪᠣᠯᠵᠤᠭ᠎ᠠ ᠵᠥᠷᠢᠴᠡᠭᠰᠡᠨ ᠤ ᠬᠠᠷᠢᠭᠤᠴᠠᠯᠭ᠎ᠠ ᠵᠡᠷᠭᠡ ᠠᠭᠤᠯᠭ᠎ᠠ ᠶᠢᠨ ᠲᠠᠯ᠎ᠠ ᠪᠠᠷ ᠣᠷᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠨ ᠬᠠᠮᠢᠶᠠᠷᠬᠤ ᠪᠠᠶᠢᠭᠤᠯᠤᠮᠵᠢ ᠯᠤᠭ᠎ᠠ 《 ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠨ ᠬᠠᠮᠢᠶᠠᠷᠬᠤ ᠵᠥᠪᠯᠡᠯᠴᠡᠭᠡᠷ 》 ᠲᠣᠭᠲᠠᠬᠤ ᠬᠡᠷᠡᠭᠲᠡᠶ  ᠃ ᠠᠷᠪᠠᠨ ᠨᠢᠭᠡᠳᠦᠭᠡᠷ ᠵᠦᠶᠯ ᠬᠢᠨᠠᠨ ᠬᠠᠮᠢᠶᠠᠷᠬᠤ ᠳᠠᠩᠰᠠ ᠡᠷᠦᠬᠡ ᠪᠠᠶᠢᠭᠤᠯᠤᠭᠰᠠᠨ ᠪᠠᠩᠬᠢ ᠨᠢ 《 ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠬᠤ ᠵᠥᠪᠯᠡᠯᠴᠡᠭᠡᠷ 》 ᠤᠨ ᠪᠣᠯᠵᠣᠯ ᠶᠣᠰᠣᠭᠠᠷ᠂ ᠲᠣᠭᠤᠷᠢᠭ ᠤᠨ ᠭᠡᠷ ᠬᠥᠷᠥᠩᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ  ᠢ ᠬᠠᠮᠵᠢᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠬᠤ ᠠᠵᠢᠯ  ᠢ ᠰᠠᠶᠢᠲᠤᠷ ᠬᠢᠵᠦ᠂ ᠲᠣᠭᠤᠷᠢᠭ ᠤᠨ ᠭᠡᠷ ᠬᠥᠷᠥᠩᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠠᠷᠠᠳ ᠤᠨ ᠪᠠᠩᠬᠢ ᠪᠣᠯᠤᠨ ᠪᠠᠩᠬᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠶ  ᠃ᠭᠤᠷᠪᠠᠳᠤᠭᠠᠷ ᠪᠦᠯᠦᠭ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠨᠠᠶᠢᠳᠠᠨ ᠬᠠᠮᠢᠶᠠᠷᠤᠭᠤᠯᠬᠤ  ᠃ᠠᠷᠪᠠᠨ ᠬᠤᠶᠠᠳᠤᠭᠠᠷ ᠵᠦᠢᠯ ᠠᠷᠪᠠᠨ ᠬᠤᠶᠠᠳᠤᠭᠠᠷ ᠵᠦᠶᠯ ᠲᠣᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠤᠷᠪᠠᠳᠤᠭᠠᠷ ᠡᠲᠡᠭᠡᠳ ᠤᠨ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠳᠤ ᠨᠠᠶᠢᠳᠠᠵᠤ᠂ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠨᠠᠶᠢᠳᠠᠨ ᠬᠠᠮᠢᠶᠠᠷᠤᠭᠤᠯᠬᠤ ᠠᠵᠢᠯ  ᠢ ᠬᠠᠮᠵᠢᠯᠴᠠᠨ ᠬᠡᠷᠡᠭᠵᠢᠭᠦᠯᠬᠦ ᠬᠡᠷᠡᠭᠲᠡᠶ  ᠃ ᠲᠤᠰ ᠨᠠᠶᠢᠳᠠᠨ ᠬᠠᠮᠢᠶᠠᠷᠬᠤ ᠪᠠᠶᠢᠭᠤᠯᠤᠮᠵᠢ ᠨᠢ ᠲᠤᠰᠬᠠᠢ ᠨᠠᠶᠢᠳᠠᠨ ᠬᠠᠮᠢᠶᠠᠷᠤᠭᠤᠯᠬᠤ ᠲᠠᠨᠭᠰᠠᠨ ᠡᠷᠦᠭᠡ ᠪᠠᠶᠢᠭᠤᠯᠵᠤ᠂ ᠭᠡᠷ ᠪᠠᠶᠢᠰᠢᠩ ᠬᠤᠳᠠᠯᠳᠤᠨ ᠠᠪᠤᠭᠴᠢ᠂ ᠭᠡᠷ ᠪᠠᠶᠢᠰᠢᠩ ᠭᠠᠵᠠᠷ ᠰᠢᠷᠣᠢ ᠶᠢᠨ ᠭᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠤᠨ ᠨᠠᠶᠢᠳᠠᠯᠭ᠎ᠠ ᠶᠢ ᠬᠦᠯᠢᠶᠡᠵᠦ᠂ ᠳᠣᠣᠷᠠᠬᠢ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠄ ( ᠨᠢᠭᠡ ) ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠴᠤᠭᠯᠠᠭᠤᠯᠤᠨ᠎ᠠ︔ ( ᠬᠤᠶᠠᠷ ) ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠠᠳᠠᠭᠠᠯᠠᠨ ᠬᠠᠮᠢᠶᠠᠷᠬᠤ︔ ( ᠭᠤᠷᠪᠠ ) ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠥᠭᠬᠦ  ᠃( ᠳᠥᠷᠪᠡ ) ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠲᠦᠭᠰᠢᠭᠦᠷᠢ ᠶᠢᠨ ᠲᠥᠷᠥᠯ ᠵᠦᠶᠯ ᠢ ᠰᠢᠶᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠨ᠎ᠠ  ᠃ ᠠᠷᠪᠠᠨ ᠭᠤᠷᠪᠠᠳᠤᠭᠠᠷ ᠵᠦᠢᠯ ᠠᠷᠪᠠᠨ ᠭᠤᠷᠪᠠᠳᠤᠭᠠᠷ ᠵᠦᠶᠯ ᠬᠢᠨᠠᠨ ᠬᠠᠮᠢᠶᠠᠷᠬᠤ ᠲᠥᠷᠥᠯ ᠵᠦᠶᠯ ᠤᠨ ᠤᠷᠢᠳᠴᠢᠯᠠᠨ ᠬᠤᠳᠠᠯᠳᠤᠬᠤ ᠪᠡᠯᠡ ᠮᠥᠩᠭᠦ  ᠶᠢ ᠪᠦᠬᠦᠨ ᠢ ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠪᠠᠶᠢᠭᠤᠯᠤᠭᠰᠠᠨ ᠨᠠᠶᠢᠳᠠᠨ ᠬᠠᠮᠢᠶᠠᠷᠤᠭᠤᠯᠬᠤ ᠳᠠᠩᠰᠠᠨ ᠡᠷᠦᠬᠡ ᠳᠤ ᠬᠠᠳᠠᠭᠠᠯᠠᠬᠤ ᠬᠡᠷᠡᠭᠲᠡᠶ  ᠃ ᠭᠡᠷ ᠬᠤᠳᠠᠯᠳᠤᠨ ᠠᠪᠬᠤ  ᠃ᠬᠥᠮᠦᠨ  ᠨᠢ ᠪᠠᠷᠢᠴᠠᠭᠠᠳᠤ ᠵᠢᠭᠡᠯᠡᠯᠭᠡ ᠪᠠᠷ ᠲᠠᠸᠠᠷ ᠤᠨ ᠭᠡᠷ ᠪᠠᠶᠢᠰᠢᠩ ᠬᠤᠳᠠᠯᠳᠤᠨ ᠠᠪᠤᠭᠰᠠᠨ ᠪᠠᠶᠢᠪᠠᠯ᠂ ᠪᠠᠷᠢᠴᠠᠭᠠᠳᠤ ᠵᠢᠭᠡᠯᠡᠯᠭᠡ ᠪᠠᠨ ᠵᠢᠭᠡᠯᠡᠯᠭᠡ ᠶᠢᠨ ᠪᠠᠩᠬᠢ ᠠᠴᠠ ᠰᠢᠭᠤᠳ ᠨᠠᠶᠢᠳᠠᠨ ᠬᠠᠮᠢᠶᠠᠷᠤᠭᠤᠯᠬᠤ ᠳᠠᠩᠰᠠᠨ ᠳᠤ ᠰᠢᠯᠵᠢᠭᠦᠯᠦᠨ ᠣᠷᠣᠭᠤᠯᠤᠨ᠎ᠠ  ᠃ ᠭᠡᠷ ᠪᠠᠶᠢᠰᠢᠩ ᠭᠠᠵᠠᠷ ᠰᠢᠷᠣᠢ ᠶᠢᠨ ᠭᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠨᠢ ᠪᠣᠯᠵᠣᠭᠠᠨ ᠤ ᠮᠥᠩᠭᠦ᠂ ᠤᠷᠢᠳᠴᠢᠯᠠᠨ ᠥᠭᠬᠦ ᠵᠣᠭᠤᠰ᠂ ᠭᠡᠷ ᠬᠤᠳᠠᠯᠳᠤᠨ ᠠᠪᠬᠤ ᠵᠣᠭᠤᠰ ( ᠤᠷᠢᠳᠴᠢᠯᠠᠨ ᠬᠤᠳᠠᠯᠳᠤᠬᠤ ᠲᠠᠸᠠᠷ ᠤᠨ ᠭᠡᠷ ᠪᠠᠶᠢᠰᠢᠩ ᠤᠨ ᠪᠠᠷᠢᠴᠠᠭᠠᠳᠦ ᠵᠢᠭᠡᠯᠡᠯᠭᠡ ᠶᠢᠨ ᠵᠣᠭᠤᠰ ᠪᠠᠭᠲᠠᠨ᠎ᠠ ) ᠵᠡᠷᠭᠡ ᠡᠯ᠎ᠡ ᠵᠦᠢᠯ ᠤᠨ ᠵᠣᠭᠤᠰ ᠢ ᠰᠢᠭᠤᠳ ᠬᠤᠷᠢᠶᠠᠵᠤ ᠪᠣᠯᠬᠤ ᠦᠭᠡᠢ  ᠃ᠠᠷᠪᠠᠨ ᠳᠥᠷᠪᠡᠳᠦᠭᠡᠷ ᠵᠦᠢᠯ ᠠᠷᠪᠠᠨ ᠳᠥᠷᠪᠡᠳᠦᠭᠡᠷ ᠵᠦᠶᠯ ᠲᠣᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ  ᠲᠠᠢ ᠪᠠᠷ ᠬᠢᠨᠠᠨ ᠪᠠᠶᠢᠴᠠᠭᠠᠵᠤ᠂ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠭᠰᠠᠨ ᠪᠡᠯᠡ ᠮᠥᠩᠭᠦ ᠶᠢ ᠬᠢᠨᠠᠨ ᠬᠠᠮᠢᠶᠠᠷᠬᠤ ᠳᠠᠩᠰᠠᠨ ᠳᠤ ᠴᠠᠭ ᠬᠤᠭᠤᠴᠠᠭ᠎ᠠ ᠶᠣᠰᠣᠭᠠᠷ᠂ ᠭᠦᠶᠴᠡᠳ ᠲᠤᠭ᠎ᠠ ᠪᠠᠷ ᠬᠠᠳᠠᠭᠠᠯᠠᠭᠰᠠᠨ ᠦᠭᠡᠶ ᠪᠠᠶᠢᠬᠤ ᠶᠢ ᠣᠯᠵᠤ ᠮᠡᠳᠡᠪᠡᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠲᠤᠰ ᠲᠥᠷᠥᠯ ᠵᠦᠶᠯ ᠤᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠢ ᠨᠢ ᠵᠣᠭᠰᠣᠭᠠᠵᠤ᠂ ᠨᠡᠶᠢᠭᠡᠮ ᠳᠤ ᠵᠠᠷᠯᠠᠬᠤ ᠶᠢᠨ ᠬᠠᠮᠲᠤ ᠲᠤᠰ ᠠᠵᠤ ᠠᠬᠤᠶᠢᠯᠠᠯ ᠢ ᠡᠷᠡᠭᠦᠯ ᠪᠤᠰᠤ ᠢᠲᠡᠭᠡᠮᠵᠢ ᠶᠢᠨ ᠳᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ  ᠃ ᠠᠵᠤ ᠠᠬᠤᠶᠢᠯᠠᠯ ᠳᠡᠭᠡᠷ᠎ᠡ ᠳᠤᠷᠠᠳᠤᠭᠰᠠᠨ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠡᠭᠴᠡᠯᠡᠨ ᠥᠭᠡᠷᠡᠴᠢᠯᠡᠭᠰᠡᠨ ᠤ ᠳᠠᠷᠠᠭ᠎ᠠ ᠰᠠᠶ᠋ᠢ ᠲᠠᠸᠠᠷ  ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠢ ᠰᠡᠷᠭᠦᠭᠡᠵᠦ ᠪᠣᠯᠤᠨ᠎ᠠ  ᠃ ᠠᠷᠪᠠᠨ ᠲᠠᠪᠤᠳᠤᠭᠠᠷ ᠵᠦᠢᠯ ᠠᠷᠪᠠᠨ ᠲᠠᠪᠤᠳᠤᠭᠠᠷ ᠵᠦᠢᠯᠬᠡᠷ ᠪᠠᠶᠢᠰᠢᠩ ᠭᠠᠵᠠᠷ ᠰᠢᠷᠣᠢ ᠶᠢᠨ ᠭᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠨᠢ 《 ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠬᠤ ᠬᠡᠯᠡᠯᠴᠡᠭᠡᠷ 》 ᠲᠣᠭᠲᠠᠭᠠᠭᠰᠠᠨ ᠤ ᠲᠠᠷᠠᠭ᠎ᠠ᠂ ᠪᠠᠰᠠ ᠵᠦᠢᠯᠡᠰ ᠤᠨ ᠦᠨᠳᠦᠰᠦᠨ ᠪᠠᠶᠢᠳᠠᠯ᠂ ᠨᠠᠶᠢᠳᠠᠨ ᠬᠠᠮᠢᠶᠠᠷᠤᠭᠤᠯᠬᠤ ᠠᠭᠤᠯᠭ᠎ᠠ᠂ ᠨᠠᠶᠢᠳᠠᠨ ᠬᠠᠮᠢᠶᠠᠷᠤᠭᠤᠯᠬᠤ ᠴᠠᠭ᠂ ᠪᠣᠯᠵᠤᠭ᠎ᠠ ᠵᠥᠷᠢᠴᠡᠭᠰᠡᠨ ᠬᠠᠷᠢᠭᠤᠴᠠᠯᠭ᠎ᠠ ᠵᠡᠷᠭᠡ ᠠᠭᠤᠯᠭ᠎ᠠ ᠶᠢᠨ ᠲᠤᠬᠠᠢ ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠲᠠᠢ 《 ᠲᠠᠸᠠᠷ  ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠨᠠᠶᠢᠳᠠᠨ ᠬᠠᠮᠢᠶᠠᠷᠤᠭᠤᠯᠬᠤ ᠬᠠᠮᠲᠤᠷᠠᠯᠴᠠᠭᠠᠨ  ᠤ ᠬᠡᠯᠡᠯᠴᠡᠭᠡᠷ 》 ᠲᠣᠭᠲᠠᠭᠠᠬᠤ ᠬᠡᠷᠡᠭᠲᠡᠢ  ᠃ ᠠᠷᠪᠠᠨ ᠵᠢᠷᠭᠤᠳᠤᠭᠠᠷ ᠵᠦᠢᠯ ᠠᠷᠪᠠᠨ ᠵᠢᠷᠭᠤᠳᠤᠭᠠᠷ ᠵᠦᠶᠯ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠳ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠢ ᠭᠡᠷ ᠪᠠᠶᠢᠰᠢᠩ ᠬᠤᠳᠠᠯᠳᠤᠨ ᠠᠪᠤᠭᠴᠢ ᠳᠤ ᠮᠡᠳᠡᠭᠳᠡᠵᠦ᠂ ᠬᠢᠨᠠᠨ ᠬᠠᠮᠢᠶᠠᠷᠬᠤ ᠪᠠᠩᠬᠢ ᠂ ᠬᠢᠨᠠᠨ ᠬᠠᠮᠢᠶᠠᠷᠬᠤ ᠳᠠᠩᠰᠠᠨ ᠡᠷᠦᠬᠡ ᠵᠡᠷᠭᠡ ᠮᠡᠳᠡᠭᠡ ᠵᠠᠩᠭᠢ ᠶᠢ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠭ᠎ᠠ  ᠶᠢᠨ ᠲᠠᠯᠠᠪᠤᠷ ᠭᠠᠵᠠᠷ ᠤᠨ ᠢᠯᠡ ᠪᠠᠶᠢᠷᠢᠨ ᠳᠤ ᠨᠡᠶᠢᠲᠡᠯᠡᠬᠦ ᠬᠡᠷᠡᠭᠲᠡᠶ  ᠃ᠠᠷᠪᠠᠨ ᠳᠣᠯᠣᠳᠤᠭᠠᠷ ᠵᠦᠶᠯ ᠬᠢᠨᠠᠨ ᠬᠠᠮᠢᠶᠠᠷᠬᠤ ᠪᠠᠷᠢᠮᠵᠢᠶ᠎ᠠ  ᠃ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠨᠢ ᠬᠢᠨᠠᠨ ᠬᠠᠮᠢᠶᠠᠷᠬᠤ ᠲᠥᠷᠥᠯ ᠵᠦᠶᠯ ᠤᠨ ᠪᠠᠷᠢᠯᠭ᠎ᠠ ᠶᠢᠨ ᠲᠠᠯᠠᠪᠠᠶ ᠶᠢ ᠦᠨᠳᠦᠰᠦᠯᠡᠨ᠂ ᠬᠢᠨᠠᠨ ᠬᠠᠮᠢᠶᠠᠷᠬᠤ ᠲᠥᠷᠥᠯ ᠵᠦᠶᠯ ᠤᠨ ᠬᠢᠨᠠᠨ ᠬᠠᠮᠢᠶᠠᠷᠬᠤ ᠲᠤᠭ᠎ᠠ ᠬᠡᠮᠵᠢᠶ᠎ᠡ ᠶᠢ ᠪᠤᠳᠤᠬᠤ ᠶᠢᠨ ᠬᠠᠮᠲᠤ᠂ 《 ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢ ᠨᠠᠶᠢᠳᠠᠨ ᠬᠠᠮᠢᠶᠠᠷᠤᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ 》  ᠲᠤ ᠲᠡᠮᠳᠡᠭᠯᠡᠨ ᠲᠣᠳᠣᠷᠬᠠᠶᠢᠯᠠᠬᠤ ᠬᠡᠷᠡᠭᠲᠡᠶ  ᠃ ᠬᠢᠨᠠᠨ ᠬᠠᠮᠢᠶᠠᠷᠬᠤ ᠲᠤᠭ᠎ᠠ ᠬᠡᠮᠵᠢᠶ᠎ᠡ ᠭᠡᠳᠡᠭ ᠨᠢ ᠲᠥᠷᠥᠯ ᠵᠦᠶᠯ ᠤᠨ ᠪᠠᠷᠢᠯᠭ᠎ᠠ ᠶᠢᠨ ᠤᠭᠰᠠᠷᠠᠭᠤᠯᠬᠤ ᠥᠪᠡᠷ ᠤᠨ ᠥᠷᠲᠡᠭ ᠪᠣᠯᠤᠨ ᠲᠥᠷᠥᠯ ᠵᠦᠶᠯ ᠤᠨ ᠢᠵᠢ ᠪᠦᠷᠢᠳᠦᠭᠦᠯᠬᠦ ᠪᠠᠷᠢᠯᠭ᠎ᠠ ᠶᠢ ᠬᠢᠨᠠᠨ ᠬᠠᠮᠢᠶᠠᠷᠬᠤ ᠳᠤ ᠬᠡᠷᠡᠭᠰᠡᠬᠦ ᠪᠥᠲᠥᠭᠡᠨ ᠪᠠᠶᠢᠭᠤᠯᠬᠤ ᠵᠠᠷᠤᠳᠠᠯ ᠤᠨ ᠨᠡᠶᠢᠯᠡᠪᠦᠷᠢ᠂ ᠪᠦᠷᠢᠨ ᠵᠠᠰᠠᠵᠤ ᠴᠢᠮᠡᠭᠯᠡᠬᠦ ᠲᠥᠷᠥᠯ ᠵᠦᠶᠯ ᠨᠢ ᠵᠠᠰᠠᠵᠤ ᠴᠢᠮᠡᠭᠯᠡᠬᠦ ᠵᠠᠷᠤᠳᠠᠯ ᠢ ᠪᠤᠳᠤᠵᠤ ᠣᠷᠣᠭᠤᠯᠬᠤ ᠬᠡᠷᠡᠭᠲᠡᠶ  ᠃ ᠬᠢᠨᠠᠨ ᠬᠠᠮᠢᠶᠠᠷᠬᠤ ᠲᠤᠭ᠎ᠠ ᠬᠡᠮᠵᠢᠶ᠎ᠡ ᠶᠢ ᠰᠠᠭᠤᠷᠢ ᠬᠤᠪᠢᠶᠠᠨ ᠪᠤᠳᠤᠨ᠎ᠠ᠂ ᠲᠤᠬᠠᠶᠢᠯᠠᠪᠠᠯ ᠬᠢᠨᠠᠨ ᠬᠠᠮᠢᠶᠠᠷᠬᠤ ᠲᠥᠷᠥᠯ ᠵᠦᠶᠯ ᠨᠢᠭᠡᠪᠦᠷᠢ ᠶᠢᠨ ᠬᠢᠨᠠᠨ ᠬᠠᠮᠢᠶᠠᠷᠬᠤ ᠲᠤᠭ᠎ᠠ ᠬᠡᠮᠵᠢᠶ᠎ᠡ = ᠲᠣᠰ ᠰᠠᠭᠤᠷᠢ ᠬᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠶ x ᠲᠡᠭᠰᠢ ᠳᠥᠷᠪᠡᠯᠵᠢᠨ ᠮᠧᠲᠷ ᠪᠦᠷᠢ ᠶᠢᠨ ᠬᠢᠨᠠᠨ ᠬᠠᠮᠢᠶᠠᠷᠬᠤ ᠪᠠᠷᠢᠮᠵᠢᠶ᠎ᠠ ᠪᠣᠯᠤᠨ᠎ᠠ  ᠃ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠪᠠᠷᠢᠮᠵᠢᠶ᠎ᠠ ᠶᠢ ᠲᠣᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠣᠷᠣᠨ ᠪᠦᠰᠡ᠂ ᠪᠠᠷᠢᠯᠭ᠎ᠠ ᠶᠢᠨ ᠪᠦᠲᠦᠴᠡ᠂ ᠶᠡᠷᠦᠩᠬᠡᠶ ᠳᠠᠪᠬᠤᠷᠭ᠎ᠠ ᠶᠢᠨ ᠲᠤᠭ᠎ᠠ᠂ ᠬᠡᠷᠡᠭᠴᠡᠭᠡ ᠵᠡᠷᠭᠡ ᠬᠦᠴᠦᠨ ᠵᠦᠢᠯ ᠲᠠᠢ ᠤᠶᠠᠯᠳᠤᠭᠤᠯᠤᠨ ᠶᠡᠷᠦᠩᠬᠡᠶᠢᠯᠡᠨ ᠬᠡᠮᠵᠢᠨ ᠲᠣᠭᠲᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ ᠨᠡᠶᠢᠲᠡᠯᠡᠨ᠎ᠡ  ᠃ ᠣᠳᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠪᠣᠯ ᠲᠣᠭᠤᠰᠬ᠎ᠠ ᠪᠧᠲ᠋ᠤᠨ ᠪᠦᠲᠦᠴᠡ ᠲᠠᠢ ᠡᠭᠦᠰᠭᠡᠷ ᠭᠡᠷ ᠨᠢ ᠲᠡᠭᠰᠢ ᠳᠥᠷᠪᠡᠯᠵᠢᠨ ᠮᠧᠲᠷ ᠪᠦᠷᠢ ᠳᠡᠭᠡᠨ 2800 ᠲᠥᠭᠦᠷᠢᠭ᠂ ᠪᠦᠷᠢᠨ ᠵᠠᠰᠠᠵᠤ ᠴᠢᠮᠡᠭᠯᠡᠬᠦ ᠭᠡᠷ ᠨᠢ ᠲᠡᠭᠰᠢ ᠳᠥᠷᠪᠡᠯᠵᠢᠨ ᠮᠧᠲᠷ ᠪᠦᠷᠢ ᠳᠡᠭᠡᠨ 3500 ᠲᠥᠭᠦᠷᠢᠭ ᠪᠣᠯᠤᠨ᠎ᠠ︔ ᠬᠠᠪᠢᠰᠤᠨ ᠪᠦᠲᠦᠴᠡᠲᠦ ᠡᠭᠦᠰᠭᠡᠷ ᠭᠡᠷ ᠨᠢ ᠲᠡᠭᠰᠢ ᠳᠥᠷᠪᠡᠯᠵᠢᠨ ᠮᠧᠲᠷ ᠪᠦᠷᠢ ᠳᠡᠭᠡᠨ 3300 ᠲᠥᠭᠦᠷᠢᠭ᠂ ᠪᠦᠷᠢᠨ ᠵᠠᠰᠠᠵᠤ ᠴᠢᠮᠡᠭᠯᠡᠬᠦ ᠭᠡᠷ ᠨᠢ ᠲᠡᠭᠰᠢ ᠳᠥᠷᠪᠡᠯᠵᠢᠨ ᠮᠧᠲᠷ ᠪᠦᠷᠢ ᠳᠡᠭᠡᠨ 4000 ᠲᠥᠭᠦᠷᠢᠭ ᠪᠣᠯᠤᠨ᠎ᠠ  ᠃ ᠠᠷᠪᠠᠨ ᠨᠠᠢᠮᠠᠳᠤᠭᠠᠷ ᠵᠦᠢᠯ ᠠᠷᠪᠠᠨ ᠨᠠᠶᠮᠠᠳᠤᠭᠠᠷ ᠵᠦᠶᠯ ᠭᠡᠷ ᠪᠠᠶᠢᠰᠢᠩ ᠬᠤᠳᠠᠯᠳᠤᠨ ᠠᠪᠤᠭᠴᠢ ᠨᠢ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠯᠤᠭ᠎ᠠ ᠲᠠᠸᠠᠷ ᠤᠨ ᠭᠡᠷ ᠪᠠᠶᠢᠰᠢᠩ ᠢ ᠬᠤᠳᠠᠯᠳᠤᠭᠠᠯᠠᠬᠤ ᠭᠡᠷ᠎ᠡ ᠲᠣᠭᠲᠠᠭᠠᠬᠤ ᠶᠢᠨ ᠬᠠᠮᠲᠤ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ᠂ ᠭᠡᠷ ᠪᠠᠶᠢᠰᠢᠩ ᠬᠤᠳᠠᠯᠳᠤᠨ ᠠᠪᠤᠭᠴᠢ ᠨᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠯᠤᠭ᠎ᠠ 《 ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠠ ᠮᠥᠩᠭᠦ ᠶᠢ ᠨᠠᠶᠢᠳᠠᠨ ᠬᠠᠮᠢᠶᠠᠷᠤᠭᠤᠯᠬᠤ ᠭᠤᠷᠪᠠᠨ ᠲᠠᠯ᠎ᠠ ᠶᠢᠨ ᠬᠡᠯᠡᠯᠴᠡᠭᠡᠷ 》 ᠲᠣᠭᠲᠠᠭᠠᠵᠤ᠂ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠨᠢ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠵᠢᠴᠢ ᠭᠡᠷ ᠪᠠᠶᠢᠰᠢᠩ ᠬᠤᠳᠠᠯᠳᠤᠨ ᠠᠪᠤᠭᠴᠢ  ᠶᠢᠨ ᠨᠠᠶᠢᠳᠠᠯᠭ᠎ᠠ ᠶᠢ ᠬᠦᠯᠢᠶᠡᠵᠦ᠂ ᠪᠡᠯᠠ ᠮᠥᠩᠭᠦ ᠶᠢ ᠨᠠᠶᠢᠳᠠᠨ ᠬᠠᠮᠢᠶᠠᠷᠤᠭᠤᠯᠬᠤ ᠠᠵᠢᠯ ᠢ ᠵᠢᠩᠬᠢᠨᠢ ᠪᠠᠷ ᠥᠷᠨᠢᠭᠦᠯᠦᠨ᠎ᠡ  ᠃ᠳᠥᠷᠪᠡᠳᠦᠭᠡᠷ ᠪᠦᠯᠦᠭ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠡᠷᠡᠭᠯᠡᠬᠦ ᠰᠢᠯᠵᠢᠭᠦᠯᠦᠨ ᠥᠭᠬᠦ  ᠠᠷᠪᠠ ᠶᠢᠰᠦᠳᠦᠭᠡᠷ ᠵᠦᠢᠯ᠂ ᠬᠤᠷᠢᠳᠤᠭᠠᠷ ᠵᠦᠢᠯ ᠠᠷᠪᠠ ᠶᠢᠰᠦᠳᠦᠭᠡᠷ ᠵᠦᠶᠯ ᠬᠢᠨᠠᠨ ᠬᠠᠮᠢᠶᠠᠷᠬᠤ ᠲᠥᠷᠥᠯ ᠵᠦᠶᠯ ᠤᠨ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠨᠠᠶᠢᠳᠠᠨ ᠬᠠᠮᠢᠶᠠᠷᠤᠭᠤᠯᠬᠤ ᠳᠠᠩᠰᠠᠨ ᠡᠷᠦᠬᠡ ᠳᠤ ᠬᠠᠳᠠᠭᠠᠯᠠᠭᠰᠠᠨ ᠤ ᠳᠠᠷᠠᠭ᠎ᠠ᠂ ᠪᠡᠯᠡ ᠮᠥᠩᠭᠦ ᠶᠢᠨ ᠶᠡᠷᠦᠩᠬᠡᠶ ᠲᠤᠭ᠎ᠠ ᠨᠢ ᠲᠣᠭᠲᠠᠭᠠᠭᠰᠠᠨ ᠬᠢᠨᠠᠨ ᠬᠠᠮᠢᠶᠠᠷᠬᠤ ᠲᠤᠭ᠎ᠠ ᠬᠡᠮᠵᠢᠶ᠎ᠡ ᠳᠤ ᠬᠦᠷᠦᠭᠰᠡᠨ ᠤ ᠳᠠᠷᠠᠭ᠎ᠠ᠂ ᠬᠢᠨᠠᠨ ᠬᠠᠮᠢᠶᠠᠷᠬᠤ ᠲᠤᠭ᠎ᠠ ᠬᠡᠮᠵᠢᠶ᠎ᠡ ᠠᠴᠠ ᠬᠡᠲᠦᠷᠡᠭᠰᠡᠨ ᠬᠡᠰᠡᠭ ᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠠᠴᠠ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠳᠤ ᠬᠡᠷᠡᠭᠯᠡᠬᠦ ᠭᠤᠶᠤᠴᠢᠯᠠᠯ ᠭᠠᠷᠭᠠᠵᠤ᠂ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ ᠪᠡᠯᠡ ᠮᠥᠩᠭᠦ ᠪᠠᠨ ᠪᠠᠩᠬᠢ ᠶᠢᠨ ᠬᠢᠨᠠᠨ ᠬᠠᠮᠢᠶᠠᠷᠬᠤ ᠳᠠᠩᠰᠠᠨ ᠡᠷᠦᠬᠡ ᠳᠤ ᠰᠢᠯᠵᠢᠭᠦᠯᠦᠨ ᠣᠷᠣᠭᠤᠯᠵᠤ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠠᠴᠠ ᠭᠠᠷᠭᠠᠨ ᠠᠪᠴᠤ ᠬᠡᠷᠡᠭᠯᠡᠵᠦ ᠪᠣᠯᠬᠤ ᠶᠢᠨ ᠬᠠᠮᠲᠤ ᠤᠷᠢᠳᠠᠪᠠᠷ ᠪᠠᠷᠢᠯᠭ᠎ᠠ  ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠬᠡᠷᠡᠭᠲᠡᠶ  ᠃ ᠬᠤᠷᠢᠳᠤᠭᠠᠷ ᠵᠦᠶᠯ  ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠳ ᠬᠢᠨᠠᠨ ᠬᠠᠮᠢᠶᠠᠷᠬᠤ ᠲᠥᠷᠥᠯ ᠵᠦᠶᠯ ᠤᠨ ᠳᠣᠲᠣᠷᠠᠬᠢ ᠪᠡᠯᠡ ᠮᠥᠩᠭᠦ ᠶᠢ ᠬᠡᠷᠡᠭᠯᠡᠬᠦ ᠪᠠᠷ ᠭᠤᠶᠤᠴᠢᠯᠠᠬᠤ ᠳᠠᠭᠠᠨ᠂ ᠪᠢᠴᠢᠭ  ᠢᠶᠠᠷ ᠭᠤᠶᠤᠴᠢᠯᠠᠬᠤ ᠶᠢᠨ ᠬᠠᠮᠲᠤ ᠬᠢᠨᠠᠨ ᠬᠠᠮᠢᠶᠠᠷᠬᠤ ᠲᠥᠷᠥᠯ ᠵᠦᠶᠯ ᠤᠨ ᠪᠠᠷᠢᠯᠭ᠎ᠠ ᠶᠢᠨ ᠳᠦᠷᠢ ᠲᠥᠷᠬᠦ ᠶᠢᠨ ᠠᠬᠢᠴᠠ ᠶᠢᠨ ᠭᠡᠷᠡᠴᠢ ᠵᠡᠷᠭᠡ ᠮᠠᠲ᠋ᠧᠷᠢᠶᠠᠯ ᠢᠶᠠᠨ ᠲᠤᠰᠢᠶᠠᠵᠤ᠂ ᠬᠢᠨᠠᠨ ᠬᠠᠮᠢᠶᠠᠷᠬᠤ ᠪᠡᠯᠡ ᠮᠥᠩᠭᠦ ᠶᠢᠨ ᠬᠡᠷᠡᠭᠯᠡᠯᠲᠡ  ᠶᠢ ᠪᠣᠳᠠᠲᠠᠶ ᠬᠢᠨᠠᠨ ᠬᠠᠷᠭᠤᠭᠤᠯᠬᠤ ᠪᠠ ᠰᠠᠯᠭᠠᠨ ᠥᠭᠬᠦ ᠬᠡᠷᠡᠭᠲᠡᠶ ᠣᠷᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠬᠠᠮᠢᠶᠠᠷᠬᠤ ᠪᠠᠩᠬᠢ᠂ ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠬᠤ ᠪᠠᠶᠢᠭᠤᠯᠤᠮᠵᠢ ᠲᠠᠢ ᠬᠠᠮᠲᠤᠷᠠᠨ ᠲᠣᠭᠲᠠᠭᠠᠭᠰᠠᠨ ᠠᠵᠢᠯᠯᠠᠬᠤ ᠴᠤᠪᠤᠷᠠᠯ ᠤᠨ ᠶᠣᠰᠣᠭᠠᠷ ᠭᠦᠶᠴᠡᠳᠬᠡᠬᠦ ᠬᠡᠷᠡᠭᠲᠡᠶ  ᠃ᠬᠤᠷᠢᠨ ᠨᠢᠭᠡᠳᠦᠭᠡᠷ ᠵᠦᠢᠯ᠂ ᠰᠢᠯᠵᠢᠭᠦᠯᠦᠨ ᠥᠭᠬᠦ ᠨᠥᠬᠦᠴᠡᠯ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠬᠢᠨᠠᠨ ᠬᠠᠮᠢᠶᠠᠷᠬᠤ ᠲᠤᠭ᠎ᠠ ᠬᠡᠮᠵᠢᠶ᠎ᠡ  ᠶᠢᠨ ᠳᠣᠲᠣᠷᠠᠬᠢ ᠪᠠᠯᠠ ᠮᠥᠩᠭᠦ ᠶᠢ ᠬᠡᠷᠡᠭᠯᠡᠪᠡᠯ᠂ ᠳᠣᠤᠷᠠᠬᠢ ᠱᠠᠭᠠᠷᠳᠠᠯᠭ᠎ᠠ ᠶᠣᠰᠣᠭᠠᠷ ᠵᠠᠩᠭᠢᠶᠠᠰᠤ ᠴᠢᠬ ᠬᠤᠪᠢᠶᠠᠨ ᠬᠤᠭᠤᠴᠠᠭ᠎ᠠ ᠬᠤᠪᠢᠶᠠᠨ ᠲᠣᠭᠠᠴᠠᠭ᠎ᠠ ᠬᠢᠵᠦ ᠪᠣᠯᠤᠨ᠎ᠠ᠄ 1 ᠪᠠᠷᠢᠯᠭ᠎ᠠ ᠪᠠᠷᠢᠬᠤ ᠠᠴᠠ ᠠᠩᠬᠠᠨ ᠤ ᠳᠠᠪᠬᠤᠷᠭ᠎ᠠ ᠶᠢᠨ ᠬᠡᠷ ᠳᠣᠲᠣᠷᠠᠬᠢ ᠭᠠᠵᠠᠷ ᠤᠨ ᠲᠦᠪᠰᠢᠨ ᠥᠨᠳᠥᠷ ᠪᠣᠯᠬᠤ ᠦᠶ᠎ᠡ ᠳᠤ᠂ ᠬᠢᠨᠠᠨ ᠬᠠᠮᠢᠶᠠᠷᠬᠤ ᠪᠠᠯᠠ ᠮᠥᠩᠭᠦ ᠶᠢᠨ ᠶᠡᠷᠦᠩᠬᠡᠶ ᠲᠤᠭ᠎ᠠ ᠶᠢᠨ 80 % ᠨᠢ ᠬᠢᠵᠠᠭᠠᠷᠯᠠᠭᠳᠠᠨ᠎ᠠ 2 ᠨᠢ ᠪᠠᠷᠢᠯᠭ᠎ᠠ ᠶᠢᠨ ᠭᠤᠤᠯ ᠴᠣᠭᠴᠠ ᠶᠢᠨ ᠪᠦᠲᠦᠴᠡ  ᠶᠢᠨ ᠭᠤᠷᠪᠠᠨ ᠤ ᠨᠢᠭᠡ ᠬᠤᠪᠢ ᠶᠢ ᠪᠡᠶᠡᠯᠡᠭᠦᠯᠬᠦ ᠦᠶ᠎ᠡ ᠳᠤ᠂ ᠬᠢᠨᠠᠨ ᠬᠠᠮᠢᠶᠠᠷᠬᠤ ᠪᠠᠯᠠ ᠮᠥᠩᠭᠦ ᠶᠢᠨ ᠶᠡᠷᠦᠩᠬᠡᠶ ᠲᠤᠭ᠎ᠠ ᠶᠢᠨ 65 % ᠨᠢ ᠬᠢᠵᠠᠭᠠᠷᠯᠠᠭᠳᠠᠨ᠎ᠠ︔ 3 . ᠪᠠᠷᠢᠯᠭ᠎ᠠ ᠶᠢᠨ ᠭᠤᠤᠯ ᠴᠣᠭᠴᠠ ᠶᠢᠨ ᠪᠦᠲᠦᠴᠡ ᠶᠢᠨ ᠭᠤᠷᠪᠠᠨ ᠤ ᠬᠤᠶᠠᠷ ᠬᠤᠪᠢ ᠶᠢ ᠪᠡᠶᠡᠯᠡᠭᠦᠯᠬᠦ ᠦᠶᠡᠰ᠂ ᠬᠢᠨᠠᠨ ᠬᠠᠮᠢᠶᠠᠷᠬᠤ ᠪᠠᠯᠠ ᠮᠥᠩᠭᠦ ᠶᠢᠨ ᠶᠡᠷᠦᠩᠬᠡᠶ ᠬᠡᠮᠵᠢᠶ᠎ᠡ  ᠶᠢᠨ 50 % ᠨᠢ ᠬᠢᠵᠠᠭᠠᠷᠯᠠᠭᠳᠠᠨ᠎ᠠ  ᠃ 4  ᠪᠠᠷᠢᠯᠭ᠎ᠠ ᠶᠢᠨ ᠭᠤᠤᠯ ᠴᠣᠭᠴᠠ ᠶᠢᠨ ᠪᠦᠲᠦᠴᠡ ᠶᠢᠨ ᠣᠷᠣᠶ ᠶᠢ ᠪᠢᠲᠡᠭᠦᠮᠵᠢᠯᠡᠬᠦ ᠦᠶᠡᠰ᠂ ᠬᠢᠨᠠᠨ ᠬᠠᠮᠢᠶᠠᠷᠬᠤ ᠪᠠᠯᠠ ᠮᠥᠩᠭᠦ ᠶᠢᠨ ᠶᠡᠷᠦᠩᠬᠡᠶ ᠬᠡᠮᠵᠢᠶ᠎ᠡ ᠶᠢᠨ 35 % ᠨᠢ ᠬᠢᠵᠠᠭᠠᠷᠯᠠᠭᠳᠠᠨ᠎ᠠ᠃ 5 ᠪᠠᠷᠢᠯᠭ᠎ᠠ ᠳᠠᠭᠤᠰᠬᠤ ᠦᠶᠡᠰ᠂ ᠬᠢᠨᠠᠨ ᠬᠠᠮᠢᠶᠠᠷᠬᠤ ᠪᠠᠯᠠ ᠮᠥᠩᠭᠦ ᠶᠢᠨ ᠶᠡᠷᠦᠩᠬᠡᠶ ᠬᠡᠮᠵᠢᠶ᠎ᠡ  ᠶᠢᠨ 20 % ᠨᠢ ᠬᠢᠵᠠᠭᠠᠷᠯᠠᠭᠳᠠᠨ᠎ᠠ᠃  6 . ᠪᠦᠲᠦᠭᠡᠨ ᠪᠠᠶᠢᠭᠤᠯᠤᠯᠲᠠ ᠶᠢᠨ ᠨᠢᠭᠡᠴᠡ ᠨᠢ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠲᠠᠪᠤᠨ ᠲᠠᠯ᠎ᠠ ( ᠲᠥᠯᠥᠪᠵᠢᠭᠦᠯᠭᠡ᠂ ᠭᠠᠵᠠᠷ ᠰᠢᠷᠣᠶ᠂ ᠭᠠᠯ ᠤᠨᠲᠠᠷᠠᠭᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ᠂ ᠳᠠᠩᠰᠠ ᠡᠪᠬᠡᠮᠡᠯ ᠵᠡᠷᠭᠡ ) ᠶᠢ ᠵᠣᠬᠢᠶᠠᠨ ᠪᠠᠶᠢᠭᠤᠯᠤᠨ ᠰᠢᠯᠭᠠᠨ ᠠᠪᠬᠤ  ᠳᠤ ᠬᠢᠷᠢ ᠲᠡᠩᠴᠡᠭᠰᠡᠨ ᠤ ᠬᠠᠮᠲᠤ 《 ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠴᠤ ᠬᠢᠨᠠᠯᠲᠠ ᠲᠠᠯᠪᠢᠬᠤ ᠮᠡᠳᠡᠭᠦᠯᠦᠯᠲᠡ 》 ᠶᠢ ᠣᠯᠤᠭᠰᠠᠨ ᠮᠥᠷᠲᠡᠭᠡᠨ ᠤᠰᠤ᠂ ᠴᠠᠬᠢᠯᠭᠠᠨ᠂ ᠬᠡᠢ᠂ ᠳᠤᠯᠠᠭᠠᠯᠠᠯᠭ᠎ᠠ ᠵᠡᠷᠭᠡ ᠬᠤᠲᠠ ᠶᠢᠨ ᠶᠠᠪᠤᠳᠠᠯ ᠤᠨ ᠲᠥᠬᠦᠷᠵᠢᠭᠦᠯᠬᠦ ᠠᠵᠢᠯ ᠪᠦᠬᠦᠨ ᠢᠶᠠᠷ ᠢᠶᠠᠨ ᠳᠠᠭᠤᠰᠴᠤ᠂ ᠬᠡᠷᠡᠭᠯᠡᠬᠦ ᠨᠥᠬᠦᠴᠡᠯ ᠢ ᠪᠦᠷᠢᠳᠦᠭᠦᠯᠵᠦ᠂ ᠬᠢᠨᠠᠨ ᠬᠠᠮᠢᠶᠠᠷᠬᠤ ᠪᠡᠯᠡ ᠮᠥᠩᠭᠦ ᠶᠢᠨ ᠶᠡᠷᠦᠩᠬᠡᠶ ᠬᠡᠮᠵᠢᠶ᠎ᠡ ᠶᠢᠨ 10 %  ᠨᠢ ᠬᠢᠵᠠᠭᠠᠷᠯᠠᠭᠳᠠᠨ᠎ᠠ᠄ 7 . ᠬᠢᠨᠠᠯᠲᠠ ᠬᠠᠮᠢᠶᠠᠷᠤᠯᠲᠠ ᠶᠢᠨ ᠲᠥᠷᠥᠯ ᠵᠦᠶᠯ ᠨᠢ 《 ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠭᠤᠯᠬᠤ ᠬᠦᠰᠦᠨᠦᠭᠲᠦ 》 ᠶᠢ ᠣᠯᠤᠭᠰᠠᠨ ᠮᠥᠷᠲᠡᠭᠡᠨ ᠬᠠᠮᠲᠤᠷᠠᠨ ᠰᠢᠯᠭᠠᠨ ᠠᠪᠬᠤ ᠶᠢ ᠥᠩᠭᠡᠷᠡᠭᠦᠯᠦᠭᠰᠡᠨ ᠤ ᠳᠠᠷᠠᠭ᠎ᠠ᠂ ᠨᠠᠶᠢᠳᠠᠨ ᠬᠠᠮᠢᠶᠠᠷᠤᠭᠤᠯᠬᠤ ᠳᠠᠩᠰᠠᠨ ᠡᠷᠦᠬᠡ ᠳᠠᠬᠢ ᠦᠯᠡᠳᠡᠭᠰᠡᠨ ᠪᠡᠯᠡ ᠮᠥᠩᠭᠦ ᠶᠢ ᠪᠦᠬᠦᠨ ᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠳᠤ ᠰᠠᠯᠭᠠᠨ ᠥᠭᠴᠦ᠂ ᠲᠥᠷᠥᠯ ᠵᠦᠶᠯ ᠤᠨ ᠬᠢᠨᠠᠯᠲᠠ ᠬᠠᠮᠢᠶᠠᠷᠤᠯᠲᠠ ᠶᠢ ᠵᠣᠭᠰᠣᠭᠠᠵᠤ ᠪᠣᠯᠤᠨ᠎ᠠ  ᠃ ᠪᠦᠷᠢᠨ ᠵᠠᠰᠠᠵᠤ ᠴᠢᠮᠡᠭᠰᠡᠨ ᠲᠠᠸᠠᠷ ᠤᠨ ᠭᠡᠷ ᠪᠠᠶᠢᠰᠢᠩ ᠢ ᠭᠡᠷ ᠳᠣᠲᠣᠷᠠᠬᠢ ᠵᠠᠰᠠᠵᠤ ᠴᠢᠮᠡᠭᠰᠡᠨ ᠤ ᠳᠠᠷᠠᠭ᠎ᠠ᠂ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ ᠰᠢᠯᠭᠠᠨ ᠠᠪᠬᠤ ᠳᠤ ᠬᠢᠷᠢ ᠲᠡᠩᠴᠡᠪᠡᠯ᠂ ᠪᠠᠷᠢᠯᠭ᠎ᠠ ᠶᠢᠨ ᠲᠠᠯᠠᠪᠠᠶ ᠪᠠᠷ ᠲᠡᠭᠰᠢ ᠳᠥᠷᠪᠡᠯᠵᠢᠨ ᠮᠧᠲᠷ ᠪᠦᠷᠢ ᠳᠤ 700 ᠲᠥᠭᠦᠷᠢᠭ ᠢᠶᠠᠷ ᠬᠢᠨᠠᠨ ᠬᠠᠮᠢᠶᠠᠷᠬᠤ ᠪᠡᠯᠡ ᠮᠥᠩᠭᠦ ᠶᠢ ᠰᠠᠯᠭᠠᠨ ᠥᠭᠭᠦᠨ᠎ᠡ  ᠃ ᠬᠤᠷᠢᠨ ᠬᠤᠶᠠᠳᠤᠭᠠᠷ ᠵᠦᠢᠯ᠂ ᠬᠤᠷᠢᠨ ᠭᠤᠷᠪᠠᠳᠤᠭᠠᠷ ᠵᠦᠢᠯ ᠰᠢᠯᠵᠢᠭᠦᠯᠦᠨ ᠥᠭᠬᠦ ᠵᠣᠭᠤᠰ ᠢ ᠬᠡᠷᠡᠭᠯᠡᠨ᠎ᠡ  ᠃ᠬᠤᠷᠢᠨ ᠬᠤᠶᠠᠳᠤᠭᠠᠷ ᠵᠦᠶᠯ  ᠂  ᠨᠠᠶᠢᠳᠠᠨ ᠬᠠᠮᠢᠶᠠᠷᠤᠭᠤᠯᠤᠭᠰᠠᠨ ᠪᠠᠶᠢᠭᠤᠯᠤᠮᠵᠢ ᠨᠢ ᠨᠠᠶᠢᠳᠠᠨ ᠬᠠᠮᠢᠶᠠᠷᠤᠭᠤᠯᠤᠭᠰᠠᠨ ᠳᠠᠩᠰᠠᠨ ᠡᠷᠦᠬᠡ ᠳᠠᠬᠢ ᠪᠡᠯᠡ ᠮᠥᠩᠭᠦ ᠶᠢ ᠬᠢᠨᠠᠨ ᠬᠠᠮᠢᠶᠠᠷᠬᠤ ᠳᠠᠩᠰᠠᠨ ᠡᠷᠦᠬᠡ ᠳᠤ ᠣᠷᠣᠭᠤᠯᠤᠭᠰᠠᠨ ᠤ ᠳᠠᠷᠠᠭ᠎ᠠ᠂ ᠬᠢᠨᠠᠨ ᠬᠠᠮᠢᠶᠠᠷᠬᠤ ᠳᠠᠩᠰᠠᠨ ᠡᠷᠦᠬᠡ ᠪᠠᠶᠢᠭᠤᠯᠤᠭᠰᠠᠨ ᠪᠠᠩᠬᠢ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠪᠡᠯᠡ ᠮᠥᠩᠭᠦ ᠪᠠᠨ ᠲᠥᠷᠥᠯ ᠵᠦᠶᠯ ᠤᠨ ᠪᠠᠷᠢᠯᠭ᠎ᠠ  ᠶᠢᠨ ᠪᠦᠲᠦᠭᠡᠨ ᠪᠠᠶᠢᠭᠤᠯᠤᠯᠲᠠ ᠳᠤ ᠲᠤᠰᠬᠠᠶ ᠵᠦᠶᠯ ᠢᠶᠠᠷ ᠬᠡᠷᠡᠭᠯᠡᠬᠦ ᠳᠤ ᠬᠢᠨᠠᠯᠲᠠ ᠲᠠᠯᠪᠢᠬᠤ ᠬᠡᠷᠡᠭᠲᠡᠶ  ᠃ ᠬᠤᠷᠢᠨ ᠭᠤᠷᠪᠠᠳᠤᠭᠠᠷ ᠵᠥᠢᠯ  ᠂ ᠪᠠᠶᠢᠰᠢᠩ ᠭᠠᠵᠠᠷ ᠰᠢᠷᠣᠢ ᠶᠢᠨ ᠭᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠨᠢ ᠭᠡᠷ ᠬᠤᠳᠠᠯᠳᠤᠨ ᠠᠪᠤᠭᠴᠢ ᠲᠠᠢ ᠵᠥᠪᠳᠡᠯᠴᠡᠭᠡᠳ ᠰᠠᠨᠠᠯ ᠨᠢᠭᠡᠳᠦᠭᠰᠡᠨ ᠪᠤᠶᠤ ᠬᠦᠴᠦᠨ ᠲᠠᠢ ᠪᠣᠯᠤᠭᠰᠠᠨ ᠬᠠᠤᠯᠢ ᠴᠠᠭᠠᠵᠠ ᠶᠢᠨ ᠪᠢᠴᠢᠭ ᠬᠠᠷ᠎ᠠ ᠶᠢᠨ ᠶᠣᠰᠣᠭᠠᠷ ᠲᠠᠸᠠᠷ ᠤᠨ ᠭᠡᠷ ᠪᠠᠶᠢᠰᠢᠩ ᠢ ᠬᠤᠳᠠᠯᠳᠤᠭᠠᠯᠠᠬᠤ ᠭᠡᠷ᠎ᠡ ᠶᠢ ᠴᠤᠴᠠᠯᠬᠤ ᠪᠠᠷ ᠲᠠᠰᠤᠯᠤᠭᠰᠠᠨ ᠪᠠᠶᠢᠪᠠᠯ᠂ ᠲᠣᠭᠤᠷᠢᠭ ᠤᠨ ᠭᠡᠷ ᠪᠠᠶᠢᠰᠢᠩ ᠭᠠᠵᠠᠷ ᠰᠢᠷᠣᠢ ᠶᠢᠨ ᠭᠦᠷᠦᠩᠭᠡ  ᠶᠢᠨ ᠡᠷᠬᠡ ᠳᠤ ᠬᠦᠷᠴᠦ ᠠᠷᠪᠠᠨ ᠵᠦᠮᠡᠨ ᠤ ᠬᠤᠪᠢ ᠪᠠᠷ ᠲᠠᠸᠠᠷ ᠤᠨ ᠭᠡᠷ ᠪᠠᠶᠢᠰᠢᠩ ᠢ ᠬᠦᠴᠦᠨ ᠦᠭᠡᠢ ᠪᠣᠯᠭᠠᠬᠤ  ᠪᠠᠷ ᠭᠤᠶᠤᠴᠢᠯᠠᠬᠤ ᠬᠡᠷᠡᠭᠲᠡᠢ  ᠃ ᠬᠡᠷ ᠪᠠᠶᠢᠰᠢᠩ ᠬᠤᠳᠠᠯᠳᠤᠨ ᠠᠪᠤᠭᠴᠢ ᠪᠠ ᠵᠢᠭᠡᠯᠡᠯᠭᠡ ᠶᠢᠨ ᠪᠠᠩᠬᠢ ᠨᠢ ᠮᠠᠨ ᠤ ᠣᠷᠣᠨ ᠤ ᠬᠡᠷ ᠬᠥᠷᠥᠩᠭᠡ ᠶᠢᠨ ᠵᠠᠰᠠᠭ ᠵᠠᠬᠢᠷᠭᠠᠨ ᠤ ᠭᠤᠤᠯ ᠵᠢᠷᠤᠭ ᠢ ᠦᠨᠳᠦᠰᠦᠯᠡᠨ ᠠᠳᠠᠯᠢ ᠪᠦᠷᠢᠳᠬᠡᠨ ᠳᠡᠩᠰᠡᠯᠡᠵᠦ ᠬᠦᠴᠦᠨ ᠥᠬᠡᠶ ᠪᠣᠯᠭᠠᠭᠠᠳ ᠦᠷᠭᠦᠯᠵᠢᠯᠡᠨ ᠬᠦᠴᠦᠨ ᠥᠬᠡᠶ ᠪᠣᠯᠭᠠᠵᠤ᠂ ᠬᠢᠨᠠᠯᠲᠠ ᠬᠠᠮᠢᠶᠠᠷᠤᠯᠲᠠ  ᠶᠢᠨ ᠲᠠᠩᠰᠠᠨ ᠡᠷᠦᠬᠡ ᠪᠠᠶᠢᠭᠤᠯᠤᠭᠰᠠᠨ ᠪᠠᠩᠬᠢ ᠳᠤ ᠬᠢᠨᠠᠯᠲᠠ ᠬᠠᠮᠢᠶᠠᠷᠤᠯᠲᠠ ᠶᠢᠨ ᠪᠠᠯᠠ ᠮᠥᠩᠭᠦ   ᠶᠢ ᠭᠤᠶᠤᠴᠢᠯᠠᠨ ᠠᠪᠴᠤ ᠪᠣᠯᠤᠨ᠎ᠠ  ᠃ᠮᠥᠩᠭᠦ ᠶᠢ ᠬᠡᠷ ᠬᠤᠳᠠᠯᠳᠤᠨ ᠠᠪᠤᠭᠴᠢ ᠶᠢᠨ ᠵᠢᠭᠠᠨ ᠲᠣᠭᠲᠠᠭᠠᠭᠰᠠᠨ ᠠᠷᠠᠯᠵᠢᠶᠠᠨ ᠤ ᠪᠠᠯᠠ ᠮᠥᠩᠭᠦ ᠪᠠᠷ ᠳ᠋ᠦᠩᠨᠡᠨ ᠪᠤᠳᠤᠬᠤ ᠬᠤᠪᠢ ᠬᠥᠮᠦᠨ ᠤ ᠲᠠᠩᠰᠠᠨ ᠡᠷᠦᠬᠡ ᠪᠠ ᠵᠢᠭᠡᠯᠡᠯᠭᠡ ᠶᠢᠨ ᠪᠠᠩᠬᠢ ᠶᠢᠨ ᠲᠠᠩᠰᠠᠨ ᠡᠷᠦᠬᠡ ᠳᠤ ᠪᠤᠴᠠᠭᠠᠬᠤ ᠬᠡᠷᠡᠭᠲᠡᠶ  ᠃ᠲᠠᠪᠤᠳᠤᠭᠠᠷ ᠪᠦᠯᠦᠭ ᠬᠢᠨᠠᠯᠲᠠ ᠬᠠᠮᠢᠶᠠᠷᠤᠯᠲᠠ ᠶᠢ ᠵᠣᠭᠰᠣᠭᠠᠬᠤ ᠪᠠ ᠬᠦᠴᠦᠨ ᠥᠬᠡᠶ ᠪᠣᠯᠭᠠᠬᠤ  ᠃ᠬᠤᠷᠢᠨ ᠳᠥᠷᠪᠡᠳᠦᠭᠡᠷ ᠵᠦᠢᠯ ᠬᠢᠨᠠᠨ ᠬᠠᠮᠢᠶᠠᠷᠬᠤ ᠲᠥᠷᠥᠯ ᠵᠦᠶᠯ ᠤᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠴᠤ ᠪᠦᠷᠢᠳᠬᠡᠨ ᠳᠠᠩᠰᠠᠯᠠᠬᠤ ᠠᠵᠢᠯ ᠢ ᠪᠡᠶᠡᠯᠡᠭᠦᠯᠦᠭᠰᠡᠨ ᠪᠥᠭᠡᠳ 《 ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ 》 ᠢ ᠵᠥᠪᠰᠢᠶᠡᠷᠡᠭᠰᠡᠨ ᠱᠠᠭᠠᠷᠳᠠᠯᠭ᠎ᠠ ᠶᠣᠰᠣᠭᠠᠷ ᠪᠦᠬᠦᠨ ᠢ ᠪᠡᠶᠡᠯᠡᠭᠦᠯᠪᠡ  ᠃ᠲᠥᠬᠦᠷᠵᠢᠭᠦᠯᠦᠨ ᠪᠠᠶᠢᠭᠤᠯᠵᠤ ᠪᠠᠷᠠᠭᠠᠳ ᠲᠤᠰᠢᠶᠠᠨ ᠬᠡᠷᠡᠭᠯᠡᠭᠦᠯᠬᠦ ᠨᠥᠬᠦᠴᠡᠯ ᠳᠤ ᠭᠦᠷᠦᠭᠰᠡᠨ ᠤ ᠳᠠᠷᠠᠭ᠎ᠠ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ᠢᠶᠠᠨ ᠠᠪᠴᠤ ᠬᠢᠨᠠᠯᠲᠠ ᠬᠠᠮᠢᠶᠠᠷᠤᠯᠲᠠ ᠶᠢᠨ ᠪᠠᠩᠬᠢ ᠳᠤ ᠬᠢᠨᠠᠯᠲᠠ ᠬᠠᠮᠢᠶᠠᠷᠤᠯᠲᠠ ᠶᠢᠨ ᠲᠠᠩᠰᠠᠨ ᠡᠷᠦᠬᠡ ᠶᠢ ᠬᠦᠴᠦᠨ ᠥᠬᠡᠶ ᠪᠣᠯᠭᠠᠬᠤ ᠪᠠᠷ ᠭᠤᠶᠤᠴᠢᠯᠠᠵᠤ᠂ ᠬᠢᠨᠠᠯᠲᠠ ᠬᠠᠮᠢᠶᠠᠷᠤᠯᠲᠠ ᠶᠢᠨ ᠲᠠᠩᠰᠠᠨ ᠡᠷᠦᠬᠡ ᠪᠠᠶᠢᠭᠤᠯᠤᠭᠰᠠᠨ ᠪᠠᠩᠬᠢ ᠨᠢ 《 ᠠᠷᠠᠳ ᠤᠨ ᠵᠣᠭᠤᠰ ᠤᠨ ᠪᠠᠩᠬᠢ ᠶᠢᠨ ᠳ᠋ᠦᠩᠨᠡᠨ ᠪᠤᠳᠤᠬᠤ ᠲᠠᠩᠰᠠᠨ ᠡᠷᠦᠬᠡ ᠶᠢᠨ ᠬᠠᠮᠢᠶᠠᠷᠤᠯᠲᠠ ᠶᠢᠨ ᠠᠷᠭ᠎ᠠ 》 ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠲᠠᠩᠰᠠᠨ ᠡᠷᠦᠬᠡ  ᠶᠢ ᠬᠦᠴᠦᠨ ᠥᠬᠡᠶ ᠪᠣᠯᠭᠠᠬᠤ ᠭᠠᠷᠳᠠᠮ ᠢ ᠭᠦᠶᠴᠡᠳᠬᠡᠬᠦ ᠬᠡᠷᠡᠭᠲᠡᠶ  ᠃ᠵᠢᠷᠭᠤᠳᠤᠭᠠᠷ ᠪᠦᠯᠦᠭ ᠲᠦᠭᠰᠢᠭᠦᠷᠢ ᠶᠢ ᠰᠢᠶᠳᠪᠦᠷᠢᠯᠡᠬᠦ ᠬᠤᠷᠢᠨ ᠲᠠᠪᠤᠳᠤᠭᠠᠷ ᠵᠦᠢᠯ ᠬᠤᠷᠢᠨ ᠲᠠᠪᠤᠳᠤᠭᠠᠷ ᠵᠦᠶᠯ ᠬᠢᠨᠠᠨ ᠬᠠᠮᠢᠶᠠᠷᠬᠤ ᠲᠥᠷᠥᠯ ᠵᠦᠶᠯ ᠨᠢ ᠳᠤᠮᠳᠠ ᠠᠴᠠ ᠨᠢ ᠪᠦᠲᠦᠭᠡᠨ ᠪᠠᠶᠢᠭᠤᠯᠬᠤ ᠶᠢ  ᠨᠢ ᠵᠣᠭᠰᠣᠭᠠᠭᠰᠠᠨ ᠪᠠᠶᠢᠪᠠᠯ᠂ ᠬᠢᠨᠠᠨ ᠬᠠᠮᠢᠶᠠᠷᠬᠤ ᠳᠠᠩᠰᠠᠨ ᠡᠷᠦᠬᠡ ᠪᠠᠶᠢᠭᠤᠯᠤᠭᠰᠠᠨ ᠪᠠᠩᠬᠢ᠂ ᠨᠠᠶᠢᠳᠠᠨ ᠬᠠᠮᠢᠶᠠᠷᠬᠤ ᠪᠠᠶᠢᠭᠤᠯᠤᠮᠵᠢ ᠨᠢ ᠳᠠᠩᠰᠠᠨ ᠡᠷᠦᠬᠡ ᠶᠢᠨ ᠳᠣᠲᠣᠷᠠᠬᠢ ᠪᠡᠯᠡ ᠮᠥᠩᠭᠦ ᠶᠢ ᠥᠭᠬᠦ ᠪᠠᠨ ᠲᠦᠷ ᠵᠣᠭᠰᠣᠭᠠᠬᠤ ᠬᠡᠷᠡᠭᠲᠡᠶ  ᠃ ᠲᠥᠷᠥᠯ ᠵᠦᠶᠯ ᠤᠨ ᠪᠠᠷᠢᠯᠭ᠎ᠠ ᠶᠢᠨ ᠠᠵᠢᠯ ᠢ ᠰᠡᠷᠭᠦᠭᠡᠭᠰᠡᠨ ᠤ ᠳᠠᠷᠠᠭ᠎ᠠ᠂ ᠬᠢᠨᠠᠯᠲᠠ ᠬᠠᠮᠢᠶᠠᠷᠤᠯᠲᠠ ᠶᠢᠨ ᠲᠠᠩᠰᠠ ᠪᠠᠶᠢᠭᠤᠯᠤᠭᠰᠠᠨ ᠪᠠᠩᠬᠢ᠂ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠨᠢ ᠪᠠᠷᠢᠯᠭ᠎ᠠ  ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠦᠷᠭᠦᠯᠵᠢᠯᠡᠨ ᠲᠣᠭᠲᠠᠭᠠᠯ ᠶᠣᠰᠣᠭᠠᠷ ᠥᠭᠭᠦᠨ᠎ᠡ  ᠃ ᠬᠤᠷᠢᠨ ᠵᠢᠷᠭᠤᠳᠤᠭᠠᠷ ᠵᠦᠢᠯ ᠬᠤᠷᠢᠨ ᠵᠢᠷᠭᠤᠳᠤᠭᠠᠷ ᠵᠦᠢᠯ ᠬᠡᠷᠪᠡ ᠬᠢᠨᠠᠨ ᠬᠠᠮᠢᠶᠠᠷᠬᠤ ᠵᠦᠢᠯᠡᠰ ᠢ ᠪᠦᠳᠦᠭᠡᠨ ᠪᠠᠶᠢᠭᠤᠯᠬᠤ ᠶᠢ ᠨᠢ ᠵᠣᠭᠰᠣᠭᠠᠭᠰᠠᠨ ᠤ ᠲᠠᠷᠠᠭ᠎ᠠ᠂ ᠳᠠᠮᠫᠤᠷᠠᠯ ᠢ ᠢᠯᠭᠠᠷᠠᠭᠤᠯᠤᠨ ᠪᠤᠳᠤᠬᠤ ᠵᠡᠷᠭᠡ ᠵᠢᠷᠤᠮ ᠢᠶᠠᠷ ᠭᠡᠷ ᠪᠠᠶᠢᠰᠢᠩ ᠪᠤᠴᠠᠭᠠᠬᠤ ᠰᠢᠢᠳᠪᠦᠷᠢᠯᠡᠯᠲᠡ ᠬᠢᠵᠦ᠂ ᠨᠠᠶᠢᠳᠠᠯᠭ᠎ᠠ ᠪᠠᠷ ᠬᠠᠮᠢᠶᠠᠷᠬᠤ ᠲᠠᠨᠭᠰᠠᠨ ᠡᠷᠦᠭᠡ ᠳᠤ ᠨᠢᠭᠡᠨᠲᠡ ᠭᠡᠷ ᠪᠠᠶᠢᠰᠢᠩ ᠭᠠᠵᠠᠷ ᠰᠢᠷᠣᠢ ᠶᠢᠨ ᠭᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠳᠤ ᠥᠭᠭᠦᠭᠰᠡᠨ ᠭᠡᠷ ᠪᠠᠶᠢᠰᠢᠩ ᠬᠤᠳᠠᠯᠳᠤᠨ ᠠᠪᠬᠤ ᠪᠡᠯᠡ ᠮᠥᠩᠭᠦ ᠶᠢ ᠭᠡᠷ ᠪᠠᠶᠢᠰᠢᠩ ᠭᠠᠵᠠᠷ ᠰᠢᠷᠣᠢ ᠶᠢᠨ ᠭᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠠᠴᠠ ᠵᠣᠬᠢᠴᠠᠩᠭᠤᠢ ᠭᠡᠷ ᠪᠠᠶᠢᠰᠢᠩ ᠬᠤᠳᠠᠯᠳᠤᠨ ᠠᠪᠤᠭᠴᠢ ᠳᠤ ᠪᠤᠴᠠᠭᠠᠵᠤ᠂ ᠨᠠᠶᠢᠳᠠᠯᠭ᠎ᠠ ᠪᠠᠷ ᠬᠠᠮᠢᠶᠠᠷᠬᠤ ᠲᠠᠨᠭᠰᠠᠨ ᠡᠷᠦᠭᠡ ᠳᠠᠬᠢ ᠦᠯᠡᠳᠡᠭᠰᠡᠨ ᠪᠡᠯᠡ ᠮᠥᠩᠭᠦ ᠶᠢ ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ  ᠠᠴᠠ ᠳᠠᠮᠫᠤᠷᠠᠭᠤᠯᠬᠤ ᠬᠠᠮᠢᠶᠠᠷᠤᠭᠴᠢ ᠳᠤ ᠨᠠᠶᠢᠳᠠᠵᠤ ᠵᠣᠬᠢᠴᠠᠩᠭᠤᠢ ᠭᠡᠷ ᠪᠠᠶᠢᠰᠢᠩ ᠬᠤᠳᠠᠯᠳᠤᠨ ᠠᠪᠤᠭᠴᠢ ᠳᠤ ᠪᠤᠴᠠᠭᠠᠯᠭᠠᠭᠰᠠᠨ ᠤ ᠲᠠᠷᠠᠭ᠎ᠠ᠂ ᠨᠠᠶᠢᠳᠠᠯᠭ᠎ᠠ ᠪᠠᠷ ᠬᠠᠮᠢᠶᠠᠷᠬᠤ ᠶᠢ ᠳᠠᠭᠤᠰᠬᠠᠨ᠎ᠠ  ᠃ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ ᠬᠤᠷᠢᠨ ᠳᠣᠯᠣᠳᠤᠭᠠᠷ ᠵᠦᠢᠯ ᠬᠤᠷᠢᠨ ᠳᠣᠯᠣᠳᠤᠭᠠᠷ ᠵᠦᠶᠯ ᠲᠤᠰ ᠠᠷᠭ᠎ᠠ ᠶᠢᠨ ᠢᠵᠢ ᠪᠦᠷᠢᠳᠦᠭᠦᠯᠬᠦ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢ ᠪᠠᠶᠢᠭᠤᠯᠬᠤ ᠲᠥᠰᠦᠯ᠂ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠬᠤ ᠲᠥᠰᠦᠯ ᠯᠦᠭᠡ ᠵᠡᠷᠭᠡᠪᠡᠷ ᠬᠡᠷᠡᠭᠵᠢᠭᠦᠯᠦᠨ᠎ᠡ  ᠃ ᠬᠤᠷᠢᠨ ᠨᠠᠢᠮᠠᠳᠤᠭᠠᠷ ᠵᠦᠢᠯ ᠬᠤᠷᠢᠨ ᠨᠠᠶᠮᠠᠳᠤᠭᠠᠷ ᠵᠦᠶᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ  ᠃ ᠲᠤᠰ ᠠᠷᠭ᠎ᠠ ᠶᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ  ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号