ᠤᠯᠤᠰ ᠠᠴᠠ ᠨᠢᠭᠤᠴᠠ ᠶᠢ ᠬᠠᠮᠠᠭᠠᠯᠠᠬᠤ ᠡᠷᠬᠡᠲᠦ ᠠᠷᠠᠳ ᠨᠢᠭᠡᠪᠦᠷᠢ ᠶᠢᠨ ᠡᠭᠦᠷᠭᠡ ᠮᠥᠨ ᠨᠢᠭᠤᠴᠠ ᠶᠢ ᠬᠠᠮᠠᠭᠠᠯᠠᠬᠤ ᠲᠤᠬᠠᠢ ᠵᠢᠵᠢᠭ ᠮᠡᠳᠡᠯᠭᠡ ᠴᠢ ᠬᠡᠳᠦᠶ ᠮᠡᠳᠡᠬᠦ ᠪᠣᠢ︖
ᠨᠡᠶᠢᠲᠡᠯᠡᠭᠰᠡᠨ ᠴᠠᠭ᠄
2021/12/9
ᠤᠯᠤᠰ ᠠᠴᠠ ᠨᠢᠭᠤᠴᠠ ᠶᠢ ᠬᠠᠮᠠᠭᠠᠯᠠᠬᠤ ᠡᠷᠬᠡᠲᠦ ᠠᠷᠠᠳ ᠨᠢᠭᠡᠪᠦᠷᠢ ᠶᠢᠨ ᠡᠭᠦᠷᠭᠡ ᠮᠥᠨ  ᠨᠢᠭᠤᠴᠠ ᠶᠢ ᠬᠠᠮᠠᠭᠠᠯᠠᠬᠤ ᠲᠤᠬᠠᠢ ᠵᠢᠵᠢᠭ ᠮᠡᠳᠡᠯᠭᠡ ᠴᠢ ᠬᠡᠳᠦᠶ ᠮᠡᠳᠡᠬᠦ ᠪᠣᠢ︖ ᠨᠠᠢᠷᠠᠭᠤᠯᠤᠭᠴᠢ ᠶᠢ ᠳᠠᠭᠠᠵᠤ ᠬᠠᠮᠲᠤ ᠰᠤᠷᠤᠯᠴᠠᠭᠠᠷᠠᠢ 01 ᠶᠠᠭᠤ ᠶᠢ ᠤᠯᠤᠰ ᠤᠨ ᠨᠢᠭᠤᠴᠠ ᠭᠡᠬᠦ ᠪᠤᠢ︖ ᠤᠯᠤᠰ ᠤᠨ ᠨᠢᠭᠤᠴᠠ ᠪᠣᠯ ᠤᠯᠤᠰ ᠣᠷᠣᠨ ᠤ ᠠᠮᠤᠷ ᠲᠦᠪᠰᠢᠨ ᠪᠠ ᠠᠰᠢᠭ ᠲᠤᠰᠠ ᠳᠤ ᠬᠤᠯᠪᠣᠭᠳᠠᠬᠤ᠂ ᠬᠠᠤᠯᠢ  ᠳᠤ ᠲᠣᠭᠲᠠᠭᠠᠭᠰᠠᠨ ᠵᠢᠷᠤᠮ ᠢᠶᠠᠷ ᠲᠣᠭᠲᠠᠭᠠᠵᠤ᠂ ᠵᠣᠬᠢᠬᠤ ᠬᠤᠭᠤᠴᠠᠭᠠᠨ ᠤ ᠳᠣᠲᠣᠷ᠎ᠠ ᠵᠥᠪᠬᠡᠨ ᠵᠣᠬᠢᠬᠤ ᠬᠡᠪᠴᠢᠶᠡᠨ ᠤ ᠬᠥᠮᠦᠰ ᠲᠤ ᠮᠡᠳᠡᠭᠦᠯᠬᠦ ᠵᠦᠢᠯᠡᠰ ᠪᠣᠯᠤᠨ᠎ᠠ  ᠃ 02 ᠵᠡᠷᠭᠡ ᠳᠡᠰ ᠢ ᠬᠡᠷᠬᠢᠨ ᠬᠤᠪᠢᠶᠠᠷᠢᠯᠠᠬᠤ ᠪᠤᠶ︖ ᠤᠯᠤᠰ ᠤᠨ ᠨᠢᠭᠤᠴᠠ ᠶᠢᠨ ᠵᠡᠷᠭᠡ ᠳᠡᠰ ᠢ 《 ᠲᠠᠰᠤ ᠨᠢᠭᠤᠴᠠ 》 《 ᠴᠢᠬᠤᠯᠠ ᠨᠢᠭᠤᠴᠠ 》 《 ᠨᠢᠭᠤᠴᠠ 》 ᠭᠡᠵᠦ ᠭᠤᠷᠪᠠᠨ ᠳᠡᠰ ᠬᠤᠪᠢᠶᠠᠨ᠎ᠠ  ᠃ 《 ᠲᠠᠰᠤ ᠨᠢᠭᠤᠴᠠ 》᠄ ᠡᠨᠡ ᠪᠣᠯ ᠤᠯᠤᠰ ᠤᠨ ᠬᠠᠮᠤᠭ ᠤᠨ ᠴᠢᠬᠤᠯᠠ ᠨᠢᠭᠤᠴᠠ ᠮᠥᠨ᠂ ᠵᠠᠳᠠᠷᠠᠭᠤᠯᠪᠠᠯ ᠤᠯᠤᠰ ᠤᠨ ᠠᠮᠤᠷ ᠲᠦᠪᠰᠢᠨ ᠪᠠ ᠠᠰᠢᠭ ᠲᠤᠰᠠ ᠳᠤ ᠣᠨᠴᠠᠭᠠᠢ ᠬᠦᠨᠳᠦ ᠨᠣᠴᠢᠲᠠᠢ ᠬᠤᠬᠢᠷᠠᠯ ᠤᠴᠠᠷᠠᠭᠤᠯᠬᠤ ᠪᠣᠯᠤᠨ᠎ᠠ  ᠃ ᠲᠠᠰᠤ ᠨᠢᠭᠤᠴᠠ ᠶᠢᠨ ᠳᠡᠰ ᠨᠢ 30 ᠵᠢᠯ ᠠᠴᠠ ᠬᠡᠲᠦᠷᠡᠬᠦ ᠦᠭᠡᠢ  ᠃ 《 ᠨᠢᠭᠤᠴᠠ 》᠄ ᠤᠯᠤᠰ ᠤᠨ ᠴᠢᠬᠤᠯᠠ ᠨᠢᠭᠤᠴᠠ ᠮᠥᠨ᠂ ᠵᠠᠳᠠᠷᠠᠭᠤᠯᠪᠠᠯ ᠤᠯᠤᠰ ᠤᠨ ᠠᠮᠤᠷ ᠲᠦᠪᠰᠢᠨ ᠪᠠ ᠠᠰᠢᠭ ᠲᠤᠰᠠ ᠳᠤ ᠬᠦᠨᠳᠦ ᠨᠣᠴᠢᠲᠠᠢ ᠬᠤᠬᠢᠷᠠᠯ ᠤᠴᠠᠷᠠᠭᠤᠯᠬᠤ ᠪᠣᠯᠤᠨ᠎ᠠ  ᠃ ᠴᠢᠬᠤᠯᠠ ᠨᠢᠭᠤᠴᠠ ᠶᠢᠨ ᠲᠡᠰ ᠢ 20 ᠵᠢᠯ ᠠᠴᠠ ᠬᠡᠲᠦᠷᠡᠭᠦᠯᠬᠦ ᠦᠭᠡᠢ  ᠃ 《 ᠨᠢᠭᠤᠴᠠ 》᠄ ᠤᠯᠤᠰ ᠤᠨ ᠡᠩ ᠤᠨ ᠨᠢᠭᠤᠴᠠ ᠮᠥᠨ᠂ ᠵᠠᠳᠠᠷᠠᠭᠤᠯᠪᠠᠯ ᠤᠯᠤᠰ ᠤᠨ ᠠᠮᠤᠷ ᠲᠦᠪᠰᠢᠨ ᠪᠠ ᠠᠰᠢᠭ ᠲᠤᠰᠠ ᠳᠤ ᠬᠤᠬᠢᠷᠠᠯ ᠤᠴᠠᠷᠠᠭᠤᠯᠬᠤ ᠪᠣᠯᠤᠨ᠎ᠠ  ᠃ ᠨᠢᠭᠤᠴᠠ ᠶᠢᠨ ᠲᠡᠰ ᠨᠢ 10 ᠵᠢᠯ ᠠᠴᠠ ᠬᠡᠲᠦᠷᠡᠬᠦ ᠦᠭᠡᠢ  ᠃03 ᠦᠨᠳᠦᠰᠦᠨ ᠬᠡᠪᠴᠢᠶ᠎ᠡ ᠳᠤ ᠶᠠᠭᠤ ᠶᠠᠭᠤ ᠪᠠᠶᠢᠬᠤ ᠪᠤᠶ︖ 《 ᠨᠢᠭᠤᠴᠠ ᠶᠢ ᠬᠠᠮᠠᠭᠠᠯᠠᠬᠤ ᠬᠠᠤᠯᠢ 》 ᠳᠤ ᠤᠯᠤᠰ ᠤᠨ ᠨᠢᠭᠤᠴᠠ ᠳᠤ ᠳᠣᠣᠷᠠᠬᠢ ᠮᠡᠲᠦ ᠨᠢᠭᠤᠴᠠ ᠵᠦᠢᠯᠡᠰ ᠪᠠᠭᠲᠠᠨ᠎ᠠ ᠭᠡᠵᠦ ᠲᠣᠭᠲᠠᠭᠠᠵᠠᠶ᠄ ( 1 ) ᠲᠦᠷᠦ ᠶᠢᠨ ᠬᠡᠷᠡᠭ ᠶᠠᠪᠤᠳᠠᠯ ᠤᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠳᠠᠬᠢ ᠨᠢᠭᠤᠴᠠ ᠵᠦᠢᠯ ᠤᠳ︔ ( 2 ) ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠪᠠ ᠵᠡᠪᠰᠡᠭᠲᠦ ᠬᠦᠴᠦᠨ ᠤ ᠠᠵᠢᠯᠯᠠᠭ᠎ᠠ ᠶᠢᠨ ᠳᠤᠮᠳᠠᠬᠢ ᠨᠢᠭᠤᠴᠠ ᠵᠦᠢᠯ ᠤᠳ︔ ( 3 ) ᠭᠠᠳᠠᠭᠠᠳᠤ ᠬᠠᠷᠢᠯᠴᠠᠭ᠎ᠠ ᠪᠠ ᠭᠠᠳᠠᠭᠠᠳᠤ ᠶᠠᠪᠤᠳᠠᠯ ᠤᠨ ᠠᠵᠢᠯᠯᠠᠭ᠎ᠠ ᠶᠢᠨ ᠨᠢᠭᠤᠴᠠ ᠵᠦᠢᠯᠡᠰ ᠵᠢᠴᠢ ᠭᠠᠳᠠᠭᠠᠳᠤ ᠳᠤ ᠨᠢᠭᠤᠴᠠ ᠶᠢ ᠬᠠᠮᠠᠭᠠᠯᠠᠬᠤ ᠡᠭᠦᠷᠭᠡ ᠶᠢ ᠡᠭᠦᠷᠭᠡᠯᠡᠬᠦ ᠵᠦᠢᠯᠡᠰ︔ ( 4 ) ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠳᠤᠮᠳᠠᠬᠢ ᠨᠢᠭᠤᠴᠠ ᠵᠦᠢᠯ ᠤᠳ︔ ( 5 ) ᠰᠢᠨᠵᠢᠯᠡᠬᠦ ᠤᠬᠠᠭᠠᠨ ᠮᠡᠷᠭᠡᠵᠢᠯ ᠤᠨ ᠳᠣᠲᠣᠷᠠᠬᠢ ᠨᠢᠭᠤᠴᠠ ᠵᠦᠢᠯ ᠤᠳ︔ ( 6 ) ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠠᠵᠢᠯᠯᠠᠭ᠎ᠠ ᠪᠠ ᠡᠷᠡᠭᠦᠦ ᠶᠢᠨ ᠶᠠᠯᠠᠲᠤ ᠬᠡᠷᠡᠭ ᠢ ᠨᠡᠬᠡᠮᠵᠢᠯᠡᠨ ᠪᠠᠶᠢᠴᠠᠭᠠᠬᠤ ᠶᠠᠪᠤᠴᠠ ᠳᠠᠬᠢ ᠨᠢᠭᠤᠴᠠ ᠵᠦᠢᠯ ᠤᠳ︔ ( 7 ) ᠤᠯᠤᠰ ᠤᠨ ᠨᠢᠭᠤᠴᠠ ᠶᠢ ᠬᠠᠮᠠᠭᠠᠯᠠᠬᠤ ᠠᠵᠢᠯ ᠤᠨ ᠰᠠᠯᠠᠭ᠎ᠠ ᠮᠥᠴᠢᠷ ᠠᠴᠠ ᠲᠣᠭᠲᠠᠭᠠᠭᠰᠠᠨ ᠪᠤᠰᠤᠳ ᠬᠠᠮᠠᠭᠠᠯᠠᠬᠤ ᠶᠣᠰᠣᠲᠠᠢ ᠤᠯᠤᠰ ᠤᠨ ᠨᠢᠭᠤᠴᠠ ᠵᠦᠢᠯ ᠤᠳ  ᠃ ᠲᠦᠷᠦ ᠶᠢᠨ ᠨᠠᠮ ᠤᠨ ᠨᠢᠭᠤᠴᠠ ᠵᠦᠢᠯᠡᠰ ᠨᠢ ᠤᠯᠤᠰ ᠤᠨ ᠨᠢᠭᠤᠴᠠ ᠶᠢᠨ ᠤᠯᠠᠨ ᠡᠯᠧᠮᠧᠨ᠋ᠲ ᠲᠤ ᠨᠡᠶᠢᠴᠡᠭᠰᠡᠨ ᠪᠠᠶᠢᠪᠠᠯ᠂ ᠤᠯᠤᠰ ᠤᠨ ᠨᠢᠭᠤᠴᠠ ᠳᠤ ᠲᠣᠭᠠᠴᠠᠭᠳᠠᠨ᠎ᠠ  ᠃ 04 ᠨᠢᠭᠤᠴᠠ ᠶᠢ ᠬᠠᠮᠠᠭᠠᠯᠠᠬᠤ ᠠᠴᠢᠶᠠᠯᠠᠪᠤᠷᠢ ᠭᠡᠵᠦ ᠶᠠᠭᠤ ᠶᠠᠭᠤ ᠪᠠᠶᠢᠳᠠᠭ ᠪᠤᠢ︖ ᠨᠢᠭᠤᠴᠠ ᠳᠤ ᠬᠤᠯᠪᠣᠭᠳᠠᠬᠤ ᠠᠴᠢᠶᠠᠯᠠᠭᠴᠢ ᠭᠡᠳᠡᠭ ᠨᠢ ᠦᠰᠦᠭ ᠪᠢᠴᠢᠭ᠂ ᠲᠤᠭ᠎ᠠ ᠪᠠᠷᠢᠮᠲᠠ᠂ ᠲᠡᠮᠳᠡᠭ᠂ ᠵᠢᠷᠤᠭ ᠳᠦᠷᠰᠦ᠂ ᠵᠢᠷᠤᠭ ᠳᠦᠷᠰᠦ᠂ ᠳᠠᠭᠤ ᠴᠢᠮᠡᠭᠡ ᠵᠡᠷᠭᠡ ᠠᠷᠭ᠎ᠠ ᠮᠠᠶ᠋ᠢᠭ ᠢᠶᠠᠷ ᠤᠯᠤᠰ ᠤᠨ ᠨᠢᠭᠤᠴᠠ ᠮᠡᠳᠡᠭᠡ ᠵᠠᠩᠭᠢ  ᠶᠢ ᠲᠡᠮᠳᠡᠭᠯᠡᠭᠰᠡᠨ ᠴᠠᠭᠠᠰᠤᠨ ᠵᠠᠭᠤᠴᠢ᠂ ᠭᠡᠷᠡᠯ ᠵᠠᠭᠤᠴᠢ᠂ ᠴᠠᠬᠢᠯᠭᠠᠨ ᠰᠣᠷᠢᠨᠵᠢᠨ ᠵᠠᠭᠤᠴᠢ ᠵᠡᠷᠭᠡ ᠡᠯ᠎ᠡ ᠲᠦᠷᠦᠯ  ᠤᠨ ᠡᠳ᠋ ᠪᠣᠳᠠᠰ ᠢ ᠵᠢᠭᠠᠵᠤ ᠪᠠᠶᠢᠨ᠎ᠠ  ᠃05 ᠰᠢᠯᠵᠢᠮᠡᠯ ᠬᠠᠳᠠᠭᠠᠯᠠᠬᠤ ᠵᠠᠭᠤᠴᠢ ᠶᠢ ᠰᠣᠯᠪᠢᠴᠠᠭᠤᠯᠤᠨ ᠬᠡᠷᠡᠭᠯᠡᠵᠦ ᠪᠣᠯᠬᠤ ᠦᠭᠡᠶ  ᠃ᠰᠢᠯᠵᠢᠮᠡᠯ ᠬᠠᠳᠠᠭᠠᠯᠠᠬᠤ ᠵᠠᠭᠤᠴᠢ ᠳᠤ᠄ U ᠳ᠋ᠠᠶᠢᠰᠺ᠂ ᠭᠠᠷ ᠤᠲᠠᠰᠤ᠂ ᠳ᠋ᠢᠵᠢᠲ᠋ᠠᠯ ᠵᠢᠷᠤᠭ ᠤᠨ ᠮᠠᠰᠢᠨ᠂ MP 3᠂ MP 4 ᠵᠡᠷᠭᠡ ᠬᠠᠳᠠᠭᠠᠯᠠᠬᠤ ᠴᠢᠳᠠᠮᠵᠢ ᠲᠠᠢ ᠡᠯᠧᠺᠲᠷᠣᠨ ᠦᠢᠯᠡᠳᠬᠦᠨ ᠪᠠᠭᠲᠠᠨ᠎ᠠ  ᠃ ᠰᠢᠯᠵᠢᠮᠡᠯ ᠬᠠᠳᠠᠭᠠᠯᠠᠬᠤ ᠵᠠᠭᠤᠴᠢ ᠶᠢ ᠨᠢᠭᠤᠴᠠ ᠳᠤ ᠬᠤᠯᠪᠣᠭᠳᠠᠬᠤ ᠺᠣᠮᠫᠢᠦ᠋ᠲ᠋ᠧᠷ ᠪᠣᠯᠤᠨ ᠨᠢᠭᠤᠴᠠ ᠳᠤ ᠦᠯᠦ ᠬᠤᠯᠪᠣᠭᠳᠠᠬᠤ ᠺᠣᠮᠫᠢᠦ᠋ᠲ᠋ᠧᠷ ᠤᠨ ᠬᠤᠭᠤᠷᠣᠨᠳᠣ ᠰᠣᠯᠪᠢᠴᠠᠭᠤᠯᠤᠨ ᠬᠡᠷᠡᠭᠯᠡᠪᠡᠯ᠂ ᠨᠢᠭᠤᠴᠠ ᠳᠤ ᠬᠤᠯᠪᠣᠭᠳᠠᠬᠤ ᠺᠣᠮᠫᠢᠦ᠋ᠲ᠋ᠧᠷ ᠢ ᠲᠠᠩᠨᠠᠭᠤᠯ ᠤᠨ ᠨᠢᠭᠤᠴᠠ ᠬᠤᠯᠠᠭᠠᠶᠢᠯᠠᠬᠤ ᠫᠷᠤᠭ᠍ᠷᠠᠮ ᠳᠤ ᠣᠷᠣᠭᠤᠯᠬᠤ ᠪᠤᠶᠤ ᠺᠣᠮᠫᠢᠦ᠋ᠲ᠋ᠧᠷ ᠤᠨ ᠸᠢᠷᠦ᠋ᠰ ᠲᠤ ᠬᠠᠯᠳᠠᠪᠤᠷᠢᠯᠠᠬᠤ ᠪᠣᠯᠤᠯᠴᠠᠭ᠎ᠠ ᠲᠤᠶᠢᠯ ᠤᠨ ᠶᠡᠭᠡ ᠪᠠᠶᠢᠳᠠᠭ  ᠃ ᠰᠢᠯᠵᠢᠮᠡᠯ ᠵᠠᠭᠤᠴᠢ ᠨᠢ ᠨᠢᠭᠤᠴᠠᠯᠠᠬᠤ ᠸᠢᠷᠦ᠋ᠰ ᠲᠤ ᠬᠠᠯᠳᠠᠪᠤᠷᠢᠯᠠᠭᠳᠠᠮᠠᠭᠴᠠ᠂ ᠢᠨᠲ᠋ᠧᠷ ᠰᠦᠯᠵᠢᠶ᠎ᠡ ᠶᠢ ᠬᠤᠯᠪᠣᠭᠰᠠᠨ ᠺᠣᠮᠫᠢᠦ᠋ᠲ᠋ᠧᠷ ᠢ ᠳᠠᠬᠢᠨ ᠵᠠᠯᠭᠠᠭᠰᠠᠨ ᠦᠶ᠎ᠡ ᠳᠤ᠂ ᠨᠢᠭᠤᠴᠠᠯᠠᠬᠤ ᠫᠷᠤᠭ᠍ᠷᠠᠮ ᠨᠢ U ᠳ᠋ᠠᠶᠢᠰᠺ ᠳᠡᠭᠡᠷᠡᠬᠢ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢ ᠢᠨᠲ᠋ᠧᠷ ᠰᠦᠯᠵᠢᠶᠡᠨ ᠳᠡᠭᠡᠷᠡᠬᠢ ᠲᠣᠭᠲᠠᠭᠰᠠᠨ ᠰᠢᠦᠳᠠᠨ ᠬᠠᠶᠢᠷᠴᠠᠭ ᠲᠤ ᠲᠦᠷᠭᠡᠨ ᠶᠠᠪᠤᠭᠤᠯᠵᠤ᠂ ᠨᠢᠭᠤᠴᠠ ᠬᠤᠯᠠᠭᠠᠶᠢᠯᠠᠭᠴᠢ ᠨᠢ ᠳᠠᠷᠤᠢ ᠨᠢᠭᠤᠴᠠ ᠳᠤ ᠬᠤᠯᠪᠣᠭᠳᠠᠬᠤ ᠺᠣᠮᠫᠢᠦ᠋ᠲ᠋ᠧᠷ ᠳᠡᠭᠡᠷᠡᠬᠢ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢ ᠣᠯᠳᠠᠭ  ᠃ 06 ᠤᠯᠤᠰ ᠤᠨ ᠨᠢᠭᠤᠴᠠ ᠶᠢ ᠬᠡᠷᠬᠢᠨ ᠳᠠᠮᠵᠢᠭᠤᠯᠬᠤ ᠪᠤᠢ? ᠢᠨᠲ᠋ᠧᠷ ᠰᠦᠯᠵᠢᠶ᠎ᠡ᠂ ᠲᠣᠭᠲᠠᠮᠠᠯ ᠳ᠋ᠢᠶᠠᠩᠬᠤᠸᠠ ᠶᠢᠨ ᠲᠣᠣᠷ ᠰᠦᠯᠵᠢᠶ᠎ᠡ᠂ ᠰᠢᠯᠵᠢᠮᠡᠯ ᠮᠡᠳᠡᠭᠡ ᠬᠤᠯᠪᠣᠭᠠᠨ ᠤ ᠲᠣᠣᠷ ᠰᠦᠯᠵᠢᠶ᠎ᠡ᠂ ᠷᠠᠳᠢᠣ᠋ ᠨᠡᠪᠲᠡᠷᠡᠭᠦᠯᠭᠡ ᠲᠧᠯᠸᠢᠰ ᠤᠨ ᠲᠣᠣᠷ ᠰᠦᠯᠵᠢᠶ᠎ᠡ ᠵᠡᠷᠭᠡ ᠤᠯᠠᠨ ᠨᠡᠶᠢᠲᠡ ᠶᠢᠨ ᠮᠡᠳᠡᠭᠡ ᠵᠠᠩᠭᠢ ᠶᠢᠨ ᠲᠣᠣᠷ ᠰᠦᠯᠵᠢᠶ᠎ᠡ ᠵᠢᠴᠢ ᠨᠢᠭᠤᠴᠠ ᠶᠢ ᠬᠠᠮᠠᠭᠠᠯᠠᠬᠤ ᠠᠷᠭ᠎ᠠ ᠬᠡᠮᠵᠢᠶ᠎ᠡ ᠦᠭᠡᠢ ᠤᠲᠠᠰᠤᠲᠤ ᠪᠠ ᠤᠲᠠᠰᠤ ᠦᠭᠡᠢ ᠮᠡᠳᠡᠭᠡ ᠬᠤᠯᠪᠣᠭ᠎ᠠ ᠨᠢ ᠴᠥᠮ ᠳᠠᠮᠵᠢᠭᠤᠯᠬᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠠᠷᠭ᠎ᠠ ᠦᠭᠡᠢ ᠪᠠᠶᠢᠵᠤ᠂ ᠤᠯᠤᠰ ᠤᠨ ᠨᠢᠭᠤᠴᠠ ᠶᠢ ᠳᠠᠮᠵᠢᠭᠤᠯᠬᠤ ᠳᠤ ᠬᠡᠷᠡᠭᠯᠡᠵᠦ ᠪᠣᠯᠬᠤ ᠦᠭᠡᠢ᠂ ᠵᠣᠬᠢᠴᠠᠩᠭᠤᠢ ᠲᠡᠰ ᠤᠨ ᠨᠢᠭᠤᠴᠠ ᠶᠢ ᠬᠠᠮᠠᠭᠠᠯᠠᠬᠤ ᠠᠷᠭ᠎ᠠ ᠬᠡᠮᠵᠢᠶ᠎ᠡ ᠲᠠᠢ ᠤᠲᠠᠰᠤᠲᠤ ᠪᠠ ᠤᠲᠠᠰᠤ ᠦᠭᠡᠢ ᠮᠡᠳᠡᠭᠡ ᠬᠤᠯᠪᠣᠭᠠᠨ  ᠤ ᠲᠥᠬᠦᠭᠡᠷᠦᠮᠵᠢ᠂ ᠪᠡᠯᠡᠳᠬᠡᠮᠵᠢ ᠶᠢ ᠬᠡᠷᠡᠭᠯᠡᠬᠦ ᠬᠡᠷᠡᠭᠲᠡᠢ  ᠃07 ᠨᠢᠭᠤᠴᠠ ᠶᠢ ᠬᠠᠮᠠᠭᠠᠯᠠᠬᠤ ᠬᠠᠤᠯᠢ ᠶᠢᠨ ᠴᠠᠭᠠᠵᠠᠯᠠᠬᠤ ᠴᠢᠨᠠᠷᠲᠠᠢ ᠲᠣᠭᠲᠠᠭᠠᠯ 1 . ᠤᠯᠤᠰ ᠤᠨ ᠨᠢᠭᠤᠴᠠ ᠶᠢ ᠬᠠᠤᠯᠢ ᠪᠤᠰᠤ ᠪᠠᠷ ᠪᠠᠭᠤᠯᠭᠠᠬᠤ᠂ ᠬᠤᠷᠠᠮᠳᠤᠭᠤᠯᠬᠤ᠂ ᠬᠠᠳᠠᠭᠠᠯᠠᠬᠤ ᠶᠢ ᠴᠠᠭᠠᠵᠠᠯᠠᠨ᠎ᠠ︔ 2 . ᠢᠨᠲ᠋ᠧᠷ ᠰᠦᠯᠵᠢᠶ᠎ᠡ ᠵᠢᠴᠢ ᠪᠤᠰᠤᠳ ᠤᠯᠠᠨ ᠨᠡᠶᠢᠲᠡ ᠶᠢᠨ ᠮᠡᠳᠡᠭᠡ ᠵᠠᠩᠭᠢ ᠶᠢᠨ ᠲᠣᠣᠷ ᠰᠦᠯᠵᠢᠶ᠎ᠡ ᠪᠤᠶᠤ ᠨᠢᠭᠤᠴᠠ ᠶᠢ ᠬᠠᠮᠠᠭᠠᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠤᠲᠠᠰᠤᠲᠤ ᠪᠠ ᠷᠠᠳᠢᠣ᠋ ᠬᠤᠯᠪᠣᠭ᠎ᠠ ᠪᠠᠷ ᠤᠯᠤᠰ  ᠤᠨ ᠨᠢᠭᠤᠴᠠ ᠶᠢ ᠳᠠᠮᠵᠢᠭᠤᠯᠬᠤ ᠶᠢ ᠴᠠᠭᠠᠵᠠᠯᠠᠨ᠎ᠠ︔ 3 . ᠬᠤᠪᠢ ᠬᠥᠮᠦᠨ ᠤ ᠬᠠᠷᠢᠯᠴᠠᠭ᠎ᠠ ᠪᠠ ᠵᠠᠬᠢᠳᠠᠯ ᠴᠢᠮᠡᠭᠡᠨ ᠳᠤ ᠤᠯᠤᠰ ᠤᠨ ᠨᠢᠭᠤᠴᠠ ᠲᠠᠢ ᠬᠤᠯᠪᠣᠭᠳᠠᠬᠤ ᠶᠢ ᠴᠠᠭᠠᠵᠠᠯᠠᠨ᠎ᠠ  ᠃ 08    ᠨᠢᠭᠤᠴᠠ ᠶᠢ ᠵᠠᠳᠠᠷᠠᠭᠤᠯᠪᠠᠯ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ  ᠃《 ᠨᠢᠭᠤᠴᠠ ᠶᠢ ᠬᠠᠮᠠᠭᠠᠯᠠᠬᠤ ᠬᠠᠤᠯᠢ 》 ᠶᠢᠨ ᠳᠥᠷᠪᠡᠳᠦᠭᠡᠷ ᠪᠦᠯᠦᠭ ᠬᠠᠤᠯᠢ ᠶᠢᠨ ᠬᠠᠷᠢᠭᠤᠴᠠᠯᠭ᠎ᠠ ᠪᠠ ᠰᠢᠨ᠎ᠡ 《 ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ 》 ᠳᠤ᠄ 《 ᠨᠢᠭᠤᠴᠠ ᠶᠢ ᠬᠠᠮᠠᠭᠠᠯᠠᠬᠤ ᠬᠠᠤᠯᠢ 》 ᠶᠢᠨ ᠲᠣᠭᠲᠠᠭᠠᠯ ᠢ ᠵᠥᠷᠢᠴᠡᠵᠦ᠂ ᠤᠯᠤᠰ ᠤᠨ ᠨᠢᠭᠤᠴᠠ ᠶᠢ ᠵᠣᠷᠢᠭᠤᠳᠠ ᠪᠤᠶᠤ ᠠᠳᠡᠯ ᠠᠴᠠ ᠪᠤᠯᠵᠦ ᠵᠠᠳᠠᠷᠠᠭᠤᠯᠤᠭᠠᠳ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠭᠤᠷᠪᠠᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠥᠳᠡᠯᠮᠦᠷᠢᠯᠡᠭᠦᠯᠬᠦ ᠪᠠᠷ ᠰᠢᠳᠬᠡᠨ᠎ᠡ  ᠃09 ᠠᠷᠠᠳ ᠢᠷᠭᠡᠨ ᠨᠢᠭᠤᠴᠠ ᠶᠢ ᠬᠠᠮᠠᠭᠠᠯᠠᠬᠤ ᠡᠭᠦᠷᠭᠡ ᠶᠢ ᠬᠡᠷᠬᠢᠨ ᠭᠦᠢᠴᠡᠳᠬᠡᠬᠦ ᠪᠤᠢ? 《 ᠨᠢᠭᠤᠴᠠ ᠶᠢ ᠬᠠᠮᠠᠭᠠᠯᠠᠬᠤ ᠬᠠᠤᠯᠢ 》 ᠳᠠᠬᠢ ᠨᠢᠭᠤᠴᠠ ᠶᠢ ᠬᠠᠮᠠᠭᠠᠯᠠᠬᠤ ᠲᠦᠷᠢᠮ ᠤᠨ ᠲᠤᠬᠠᠢ ᠲᠣᠭᠲᠠᠭᠠᠯ ᠪᠣᠯ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠤ ᠤᠯᠤᠰ ᠤᠨ ᠨᠢᠭᠤᠴᠠ ᠶᠢ ᠬᠠᠮᠠᠭᠠᠯᠠᠬᠤ ᠲᠠᠯ᠎ᠠ ᠪᠠᠷ ᠡᠷᠬᠡᠪᠰᠢ ᠭᠠᠷᠭᠠᠬᠤ ᠪᠠ ᠴᠠᠭᠠᠵᠠᠯᠠᠬᠤ ᠬᠡᠷᠡᠭᠲᠡᠢ ᠦᠢᠯᠡ ᠠᠵᠢᠯᠯᠠᠭ᠎ᠠ ᠶᠢᠨ ᠵᠢᠷᠤᠮᠵᠢᠯ ᠮᠥᠨ  ᠃ 1 . ᠨᠢᠭᠤᠴᠠ ᠳᠤ ᠬᠤᠯᠪᠣᠭᠳᠠᠬᠤ ᠺᠣᠮᠫᠢᠦ᠋ᠲ᠋ᠧᠷ᠂ ᠬᠠᠳᠠᠭᠠᠯᠠᠬᠤ ᠲᠥᠬᠦᠭᠡᠷᠦᠮᠵᠢ ᠶᠢ ᠢᠨᠲ᠋ᠧᠷ ᠰᠦᠯᠵᠢᠶ᠎ᠡ ᠵᠢᠴᠢ ᠪᠤᠰᠤᠳ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠰᠦᠯᠵᠢᠶ᠎ᠡ ᠳᠤ ᠵᠠᠯᠭᠠᠵᠤ ᠣᠷᠣᠭᠤᠯᠤᠨ᠎ᠠ︔ 2 . ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠳᠠᠯ ᠤᠨ ᠳᠣᠣᠷ᠎ᠠ᠂ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢᠨ ᠰᠢᠰᠲ᠋ᠧᠮ ᠳᠤ ᠢᠨᠲ᠋ᠧᠷ ᠰᠦᠯᠵᠢᠶ᠎ᠡ ᠵᠢᠴᠢ ᠪᠤᠰᠤᠳ ᠤᠯᠠᠨ ᠨᠡᠶᠢᠲᠡ ᠶᠢᠨ ᠮᠡᠳᠡᠭᠡ ᠵᠠᠩᠭᠢ ᠶᠢᠨ ᠰᠦᠯᠵᠢᠶᠡᠨ ᠤ ᠬᠤᠭᠤᠷᠣᠨᠳᠣ ᠮᠡᠳᠡᠭᠡ ᠵᠠᠩᠭᠢ ᠶᠢᠨ ᠰᠣᠯᠢᠯᠴᠠᠭ᠎ᠠ ᠬᠢᠨ᠎ᠠ︔ 3 . ᠨᠢᠭᠤᠴᠠ ᠳᠤ ᠦᠯᠦ ᠬᠤᠯᠪᠣᠭᠳᠠᠬᠤ ᠺᠣᠮᠫᠢᠦ᠋ᠲ᠋ᠧᠷ᠂ ᠬᠠᠳᠠᠭᠠᠯᠠᠭᠤᠷ ᠲᠣᠨᠤᠭ ᠲᠥᠬᠦᠭᠡᠷᠦᠮᠵᠢ ᠶᠢ ᠬᠡᠷᠡᠭᠯᠡᠨ ᠤᠯᠤᠰ ᠤᠨ ᠨᠢᠭᠤᠴᠠ ᠮᠡᠳᠡᠭᠡ ᠵᠠᠩᠭᠢ ᠶᠢ ᠬᠠᠳᠠᠭᠠᠯᠠᠵᠤ᠂ ᠰᠢᠢᠳᠪᠦᠷᠢᠯᠡᠬᠦ︔ 4 ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢᠨ ᠰᠢᠰᠲ᠋ᠧᠮ ᠤᠨ ᠠᠶᠤᠯᠭᠦᠢ ᠶᠢᠨ ᠮᠡᠷᠭᠡᠵᠢᠯ ᠤᠨ ᠫᠷᠤᠭ᠍ᠷᠠᠮ᠂ ᠬᠠᠮᠢᠶᠠᠷᠤᠯᠲᠠ ᠶᠢᠨ ᠫᠷᠤᠭ᠍ᠷᠠᠮ ᠢ ᠳᠤᠷ᠎ᠠ ᠪᠠᠷ ᠢᠶᠠᠨ ᠪᠠᠭᠤᠯᠭᠠᠵᠤ ᠠᠪᠬᠤ᠂ ᠲᠡᠭᠦᠨ ᠳᠤ ᠵᠠᠰᠠᠪᠤᠷᠢ ᠣᠷᠣᠭᠤᠯᠬᠤ︔ 5 ᠠᠶᠤᠯᠭᠦᠢ ᠶᠢᠨ ᠮᠡᠷᠭᠡᠵᠢᠯ ᠢᠶᠠᠷ ᠰᠢᠢᠳᠪᠦᠷᠢᠯᠡᠭᠰᠡᠨ ᠦᠭᠡᠢ ᠪᠠᠷ ᠤᠬᠤᠷᠢᠨ ᠭᠠᠷᠴᠤ ᠬᠡᠷᠡᠭᠯᠡᠭᠰᠡᠨ ᠨᠢᠭᠤᠴᠠ ᠳᠤ ᠬᠤᠯᠪᠣᠭᠳᠠᠬᠤ ᠺᠣᠮᠫᠢᠦ᠋ᠲ᠋ᠧᠷ᠂ ᠨᠢᠭᠤᠴᠠ ᠳᠤ ᠬᠤᠯᠪᠣᠭᠳᠠᠬᠤ ᠬᠠᠳᠠᠭᠠᠯᠠᠬᠤ ᠲᠤᠨᠤᠭ ᠲᠥᠬᠦᠭᠡᠷᠦᠮᠵᠢ ᠶᠢ ᠪᠤᠰᠤᠳ ᠬᠡᠷᠡᠭᠴᠡᠭᠡ ᠳᠤ ᠬᠡᠷᠡᠭᠯᠡᠬᠦ︔ 6 . ᠤᠯᠤᠰ ᠤᠨ ᠨᠢᠭᠤᠴᠠ ᠶᠢᠨ ᠠᠴᠢᠶᠠᠯᠠᠪᠤᠷᠢ ᠶᠢ ᠬᠠᠤᠯᠢ ᠪᠤᠰᠤ ᠪᠠᠷ ᠣᠯᠤᠭᠰᠠᠨ ᠪᠠ ᠡᠵᠡᠮᠰᠢᠭᠰᠡᠨ︔ 7 . ᠤᠯᠤᠰ ᠤᠨ ᠨᠢᠭᠤᠴᠠ ᠶᠢᠨ ᠠᠴᠢᠶᠠᠯᠠᠪᠤᠷᠢ ᠶᠢ ᠬᠤᠳᠠᠯᠳᠤᠭᠠᠯᠠᠬᠤ᠂ ᠳᠠᠮᠵᠢᠭᠤᠯᠤᠨ ᠬᠦᠷᠭᠡᠬᠦ ᠪᠤᠶᠤ ᠳᠤᠷ᠎ᠠ  ᠪᠠᠷ ᠢᠶᠠᠨ ᠤᠰᠠᠳᠬᠠᠬᠤ︔ 8 . ᠡᠩ ᠤᠨ ᠰᠢᠦᠳᠠᠨ᠂ ᠲᠦᠷᠭᠡᠨ ᠬᠦᠷᠭᠡᠯᠲᠡ ᠵᠡᠷᠭᠡ ᠨᠢᠭᠤᠴᠠ ᠶᠢ ᠬᠠᠮᠠᠭᠠᠯᠠᠬᠤ ᠠᠷᠭ᠎ᠠ ᠬᠡᠮᠵᠢᠶ᠎ᠡ ᠥᠬᠡᠶ ᠠᠷᠭ᠎ᠠ ᠵᠠᠮ ᠢᠶᠠᠷ ᠤᠯᠤᠰ ᠤᠨ ᠨᠢᠭᠤᠴᠠ ᠶᠢᠨ ᠠᠴᠢᠶᠠᠯᠠᠪᠤᠷᠢ ᠶᠢ ᠳᠠᠮᠵᠢᠭᠤᠯᠤᠨ᠎ᠠ︔ 9 . ᠤᠯᠤᠰ ᠤᠨ ᠨᠢᠭᠤᠴᠠ ᠠᠴᠢᠶᠠᠯᠠᠪᠤᠷᠢ ᠶᠢ ᠰᠢᠦᠳᠠᠨ ᠢᠶᠠᠷ ᠢᠯᠡᠭᠡᠬᠦ᠂ ᠨᠠᠶᠢᠳᠠᠨ ᠲᠡᠭᠡᠭᠡᠪᠦᠷᠢᠯᠡᠵᠦ ᠬᠢᠯᠢ ᠠᠴᠠ ᠭᠠᠷᠭᠠᠬᠤ︔ 10 . ᠬᠤᠯᠪᠣᠭᠳᠠᠯ ᠪᠥᠬᠦᠶ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠥᠬᠡᠶ ᠪᠠᠷ ᠤᠯᠤᠰ ᠤᠨ ᠨᠢᠭᠤᠴᠠ ᠶᠢᠨ ᠠᠴᠢᠶᠠᠯᠠᠪᠤᠷᠢ ᠶᠢ ᠬᠢᠯᠢ ᠪᠠᠷ ᠠᠪᠴᠤ ᠭᠠᠷᠬᠤ᠂ ᠳᠠᠮᠵᠢᠭᠤᠯᠬᠤ  ᠃ ᠦᠨᠡᠨ ᠳᠡᠭᠡᠨ ᠵᠥᠪᠬᠡᠨ ᠤᠯᠤᠰ ᠤᠨ ᠨᠢᠭᠤᠴᠠ ᠲᠡᠳᠦᠢ ᠪᠢᠰᠢ ᠶᠤᠮ  ᠃ᠡᠳᠦᠷ ᠲᠤᠲᠤᠮ ᠤᠨ ᠠᠮᠢᠳᠤᠷᠠᠯ ᠳᠤᠮᠳᠠ ᠪᠢᠳᠡ ᠡᠯ᠎ᠡ ᠵᠦᠶᠯ ᠤᠨ ᠨᠢᠭᠤᠴᠠ ᠲᠠᠢ ᠬᠦᠷᠦᠯᠴᠡᠬᠦ ᠪᠣᠯᠤᠨ᠎ᠠ  ᠃ᠵᠢᠱᠢᠶᠡᠯᠡᠪᠡᠯ ᠠᠵᠢᠯ ᠤᠨ ᠨᠢᠭᠤᠴᠠ᠂ ᠬᠤᠳᠠᠯᠳᠤᠭᠠᠨ ᠤ ᠨᠢᠭᠤᠴᠠ ᠵᠡᠷᠭᠡ ᠪᠢᠳᠡ ᠢᠳᠡᠪᠬᠢᠲᠡᠢ ᠬᠥᠳᠡᠯᠦᠯᠴᠡᠶ᠎ᠡ ᠤᠬᠠᠮᠰᠠᠷ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ  ᠃ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠬᠡᠷᠡᠭᠲᠡᠶ  ᠃ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ  ᠴᠤᠭᠴᠠᠯᠠᠶ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠃
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号