ᠣᠶᠢᠷ᠎ᠠ ᠳᠤ᠂ ᠰᠢᠭᠤᠶᠢᠲᠤ ᠵᠡᠭᠡᠯᠢ ᠭᠤᠳᠤᠮᠵᠢ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠵᠡᠭᠡᠯᠢ ᠭᠤᠳᠤᠮᠵᠢ ᠶᠢᠨ | ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠶᠠ ᠮᠢᠨ ᠬᠤᠷᠠᠯ ᠡᠷᠭᠢᠯᠡᠵᠦ᠂ ᠤᠳᠤᠷᠢᠳᠬᠤ ᠪᠠᠭ ᠤᠨ | ᠪᠦᠷᠢᠯᠳᠦᠬᠦᠨ᠂ ᠨᠡᠶᠢᠭᠡᠮ ᠲᠣᠭᠤᠷᠢᠭ ᠤᠨ 《 ᠬᠤᠶᠠᠷ ᠵᠥᠪᠯᠡᠯ 》 ᠤᠨ ᠤᠳᠤᠷᠢᠳᠬᠤ ᠪᠠᠭ᠂ ᠪᠥᠬᠦ ᠺᠠᠳ᠋ᠷ | ᠠᠵᠢᠯᠲᠠᠨ ᠠᠵᠢᠯᠴᠢᠨ ᠬᠤᠷᠠᠯ ᠳᠤ ᠣᠷᠣᠯᠴᠠᠪᠠ᠃ | | | | | ᠬᠤᠷᠠᠯ ᠠᠴᠠ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ | ᠲᠦᠭᠡᠮᠡᠯᠵᠢᠭᠦᠯᠬᠦ ᠪᠣᠯ ᠬᠠᠤᠯᠢ ᠳᠤ ᠲᠣᠭᠲᠠᠭᠠᠭᠰᠠᠨ ᠤᠯᠤᠰ ᠤᠨ ᠠᠵᠢᠯ ᠡᠷᠬᠡ ᠪᠣᠯᠤᠨ᠎ᠠ᠂ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠨ ᠬᠡᠷᠡᠭᠯᠡᠬᠦ ᠪᠣᠯ ᠦᠨᠳᠦᠰᠦᠲᠡᠨ ᠨᠦᠭᠦᠳ ᠤᠨ ᠠᠷᠠᠳ ᠢᠷᠭᠡᠨ | ᠤ ᠬᠠᠮᠲᠤ ᠶᠢᠨ ᠬᠠᠷᠢᠭᠤᠴᠠᠯᠭ᠎ᠠ ᠪᠣᠯᠤᠨ᠎ᠠ᠃ ᠦᠨᠳᠦᠰᠦᠲᠡᠨ ᠤ ᠭᠠᠵᠠᠷ ᠣᠷᠣᠨ ᠤ ᠡᠯ᠎ᠡ ᠱᠠᠲᠤᠨ ᠤ ᠡᠯ᠎ᠡ ᠲᠦᠷᠦᠯ | ᠤᠨ ᠰᠤᠷᠭᠠᠨ ᠬᠥᠮᠦᠵᠢᠯ ᠢ ᠰᠠᠶᠢᠲᠤᠷ ᠬᠢᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠰᠤᠷᠭᠠᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ 》 ᠨᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ | ᠨᠢᠭᠡᠲᠡᠢ ᠵᠥᠪᠰᠢᠶᠡᠷᠡᠯ ᠪᠠ ᠥᠷᠭᠡᠨ ᠳᠡᠯᠭᠡᠷ ᠬᠦᠷᠢᠶᠡᠯᠡᠯ ᠢ ᠣᠯᠤᠭᠰᠠᠨ ᠪᠠᠶᠢᠨ᠎ᠠ᠃ ᠪᠢᠳᠡ ᠦᠵᠡᠯ ᠰᠠᠨᠠᠭ᠎ᠠ ᠪᠠ | ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ | ᠤᠯᠠᠮ ᠨᠢᠭᠡ ᠠᠯᠬᠤᠮ ᠨᠢᠭᠡᠳᠬᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠨ | ᠬᠡᠷᠡᠭᠯᠡᠬᠦ ᠶᠢᠨ ᠴᠢᠬᠤᠯᠠ ᠴᠢᠨᠠᠷ ᠪᠠ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ | ᠢᠶᠠᠨ ᠴᠢᠩᠭᠠᠳᠬᠠᠬᠤ ᠬᠡᠷᠡᠭᠲᠡᠢ᠃ ᠦᠨᠳᠦᠰᠦᠲᠡᠨ ᠨᠦᠭᠦᠳ ᠤᠨ ᠺᠠᠳ᠋ᠷ ᠢᠯᠠᠩᠭᠤᠶ᠎ᠠ ᠴᠥᠭᠡᠨ ᠲᠣᠭᠠᠲᠤ | ᠦᠨᠳᠦᠰᠦᠲᠡᠨ ᠤ ᠺᠠᠳ᠋ᠷ ᠤᠨ ᠬᠥᠲᠥᠯᠥᠨ ᠳᠠᠭᠠᠭᠤᠯᠬᠤ ᠪᠠ ᠵᠢᠱᠢᠶ᠎ᠡ ᠦᠵᠡᠭᠦᠯᠬᠦ ᠦᠶᠯᠡᠳᠦᠯ ᠢ ᠭᠦᠶᠴᠡᠳ | ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠠᠶᠢᠴᠢᠯᠠᠨ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠥᠰᠥᠭ ᠪᠢᠴᠢᠭ ᠢ ᠤᠬᠠᠮᠰᠠᠷ ᠠᠴᠠ ᠪᠠᠨ ᠰᠠᠶᠢᠲᠤᠷ ᠰᠤᠷᠤᠯᠴᠠᠨ ᠬᠡᠷᠡᠭᠯᠡᠵᠦ᠂ ᠦᠨᠳᠦᠰᠦᠲᠡᠨ | ᠨᠦᠭᠦᠳ ᠤᠨ ᠣᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ | ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠲᠤᠬᠠᠶ ᠮᠡᠳᠡᠷᠡᠮᠵᠢ ᠶᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ᠃ | ᠲᠣᠰ ᠤᠳᠠᠭᠠᠨ ᠤ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢᠶᠠᠷ ᠳᠡᠮᠵᠢᠨ᠂ ᠵᠡᠭᠡᠯᠢ ᠭᠤᠳᠤᠮᠵᠢ | ᠶᠢᠨ ᠨᠠᠮ ᠤᠨ ᠭᠡᠰᠢᠭᠦᠨ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠ ᠦᠵᠡᠯ ᠰᠠᠨᠠᠭ᠎ᠠ ᠲᠠᠨᠢᠯᠲᠠ ᠪᠠᠨ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠲᠤᠬᠠᠶ | ᠴᠢᠬᠤᠯᠠ ᠥᠭᠦᠯᠡᠯᠲᠡ ᠪᠠ ᠳᠡᠭᠡᠳᠦ ᠱᠠᠲᠤᠨ ᠤ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ | ᠲᠤᠬᠠᠶ ᠣᠶᠢᠯᠠᠭᠠᠯᠲᠠ ᠲᠠᠨᠢᠯᠲᠠ ᠪᠠᠨ ᠭᠦᠨᠵᠡᠭᠡᠶᠢᠷᠡᠭᠦᠯᠵᠦ᠂ ᠲᠠᠷᠠᠭᠠᠴᠢ ᠶᠢᠨ ᠠᠯᠬᠤᠮ ᠳᠤ ᠬᠠᠷᠭᠤᠭᠤᠯᠤᠨ | ᠪᠠᠶᠢᠴᠠᠭᠠᠬᠤ ᠶᠢ ᠰᠠᠶᠢᠲᠤᠷ ᠬᠢᠬᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠲᠤᠰᠬᠠᠶ ᠰᠡᠳᠦᠪᠲᠦ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠳᠤ ᠪᠠᠲᠤ ᠪᠠᠬᠢ ᠣᠨᠣᠯ ᠤᠨ ᠰᠠᠭᠤᠷᠢ ᠶᠢ ᠲᠠᠯᠪᠢᠵᠤ | ᠥᠭᠴᠡᠶ᠃ | |