ᠨᠡᠶᠢᠭᠡᠮ ᠲᠣᠭᠤᠷᠢᠭ ᠢ ᠪᠠᠷᠠᠯᠠᠬᠤᠶ᠎ᠠ᠄ ᠴᠠᠭᠠᠨ ᠰᠠᠷ᠎ᠠ ᠶᠢᠨ ᠬᠤᠣᠰ ᠤᠶᠠᠩᠭ᠎ᠠ ᠬᠦᠷᠭᠡᠵᠦ ᠭᠤᠣᠨᠢ ᠪᠡᠯᠪᠡᠰᠦᠨ ᠨᠠᠰᠤᠲᠠᠨ ᠤ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2021/2/22
       ᠴᠠᠭᠠᠨ ᠰᠠᠷ᠎ᠠ ᠪᠣᠯ ᠬᠡᠷ ᠬᠤᠲᠠᠯᠠᠭᠠᠷ ᠢᠶᠠᠨ ᠴᠤᠭᠯᠠᠷᠠᠬᠤ ᠴᠢᠬᠤᠯᠠ ᠴᠠᠭ ᠮᠥᠴᠡ ᠮᠥᠨ᠂ ᠮᠠᠨ ᠤ ᠤᠯᠤᠰ  ᠤᠨ ᠤᠯᠠᠮᠵᠢᠯᠠᠯᠲᠤ ᠴᠢᠬᠤᠯᠠ ᠪᠠᠶᠠᠷ ᠤᠨ ᠡᠳᠦᠷ ᠮᠥᠨ᠂ ᠬᠠᠷᠢᠶ᠎ᠠ ᠣᠷᠣᠨ ᠤ ᠪᠠᠨ ᠥᠨᠥᠴᠢᠨ ᠪᠡᠯᠪᠡᠰᠦᠨ ᠨᠠᠰᠤᠲᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠥᠯᠵᠡᠶ ᠪᠡᠯᠭᠡ ᠲᠠᠢ᠂ ᠪᠠᠶᠠᠷ ᠬᠥᠷ ᠲᠠᠢ᠂ ᠥᠯᠵᠡᠶ ᠪᠡᠯᠭᠡ ᠲᠠᠢ ᠴᠠᠭᠠᠨ ᠰᠠᠷ᠎ᠠ ᠶᠢᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠬᠤ ᠠᠵᠢᠯᠲᠠᠳ ᠬᠠᠷᠢᠶ᠎ᠠ ᠣᠷᠣᠨ ᠤ ᠪᠠᠨ ᠥᠨᠥᠴᠢᠨ ᠪᠡᠯᠪᠡᠰᠦᠨ ᠨᠠᠰᠤᠲᠠᠳ ᠲᠤ ᠴᠠᠭᠠᠨ ᠰᠠᠷ᠎ᠠ ᠶᠢᠨ ᠬᠤᠣᠰ ᠤᠶᠠᠩᠭ᠎ᠠ ᠨᠠᠭᠠᠵᠤ ᠵᠥᠩᠨᠡᠯ ᠳᠡᠪᠰᠢᠭᠦᠯᠵᠦ ᠪᠠᠶᠢᠨ᠎ᠠ᠃

       ᠠᠵᠢᠯᠲᠠᠳ ᠰᠠᠶᠢᠨ ᠰᠠᠶᠢᠬᠠᠨ ᠬᠦᠰᠡᠯ ᠵᠥᠩᠨᠡᠯ ᠢᠶᠠᠨ ᠪᠢᠴᠢᠭᠰᠡᠨ ᠴᠠᠭᠠᠨ ᠰᠠᠷ᠎ᠠ ᠶᠢᠨ ᠬᠤᠣᠰ ᠤᠶᠠᠩᠭ᠎ᠠ

 ᠪᠠᠨ ᠭᠤᠣᠨᠢ ᠪᠡᠯᠪᠡᠰᠦᠨ ᠨᠠᠰᠤᠲᠠᠨ ᠤ ᠬᠡᠷ ᠲᠤ ᠬᠦᠷᠭᠡᠵᠦ᠂ ᠲᠡᠳᠡᠨ ᠳᠤ 《 ᠬᠠᠪᠤᠷ 》 ᠤᠨ ᠵᠥᠩᠨᠡᠯ

ᠬᠦᠷᠭᠡᠭᠰᠡᠨ ᠪᠥᠭᠡᠳ ᠲᠡᠳᠡᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠣᠶᠢᠷ᠎ᠠ ᠶᠢᠨ ᠬᠤᠭᠤᠴᠠᠭᠠᠨ ᠤ

ᠠᠮᠢᠳᠤᠷᠠᠯ ᠤᠨ ᠪᠠᠶᠢᠳᠠᠯ᠂ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠵᠡᠷᠭᠡ ᠶᠢ ᠣᠶᠢᠯᠠᠭᠠᠵᠤ᠂ ᠬᠠᠯᠠᠭᠤᠨ

ᠳᠤᠯᠠᠭᠠᠨ ᠪᠠᠶᠠᠷ ᠤᠨ ᠡᠳᠦᠷ ᠤᠨ ᠠᠭᠤᠷ ᠠᠮᠢᠰᠬᠤᠯ ᠨᠡᠮᠡᠷᠢᠯᠡᠭᠰᠡᠨ ᠪᠠᠶᠢᠨ᠎ᠠ᠃

       ᠲᠣᠰ ᠤᠳᠠᠭᠠᠨ ᠤ ᠠᠵᠢᠯᠯᠠᠭ᠎ᠠ ᠥᠷᠨᠢᠭᠦᠯᠬᠦ ᠪᠠᠷ ᠳᠡᠮᠵᠢᠨ᠂ ᠬᠠᠷᠢᠶ᠎ᠠ ᠣᠷᠣᠨ ᠤ ᠥᠨᠥᠴᠢᠨ ᠪᠡᠯᠪᠡᠰᠦᠨ

ᠨᠠᠰᠤᠲᠠᠨ ᠳᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠦᠭᠰᠡᠨ ᠪᠥᠭᠡᠳ ᠲᠡᠳᠡᠨ ᠳᠤ ᠴᠠᠭᠠᠨ ᠰᠠᠷ᠎ᠠ ᠶᠢᠨ ᠭᠦᠨ

ᠵᠤᠵᠠᠭᠠᠨ ᠦᠨᠦᠷ ᠠᠮᠲᠠ ᠶᠢ ᠤᠷᠢᠳᠴᠢᠯᠠᠨ ᠮᠡᠳᠡᠷᠡᠭᠦᠯᠵᠦ᠂ ᠪᠠᠶᠠᠷ ᠤᠨ ᠡᠳᠦᠷ ᠤᠨ ᠪᠠᠶᠠᠷ ᠢ ᠲᠡᠳᠡᠨ ᠤ ᠳᠡᠷᠭᠡᠳᠡ

ᠬᠦᠷᠭᠡᠭᠰᠡᠨ ᠤ ᠬᠠᠮᠲᠤ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠲᠠᠢ ᠬᠠᠮᠲᠤ ᠪᠠᠷ ᠠᠭᠤᠰᠤᠯᠴᠠᠬᠤ ᠶᠢ ᠠᠬᠢᠭᠤᠯᠵᠤ᠂

ᠨᠡᠶᠢᠭᠡᠮ ᠲᠣᠭᠤᠷᠢᠭ ᠪᠠ ᠰᠠᠭᠤᠭᠠᠯᠢ ᠠᠷᠠᠳ ᠤᠨ ᠬᠤᠭᠤᠷᠣᠨᠳᠣᠬᠢ ᠵᠠᠶ ᠶᠢ ᠨᠡᠮᠡᠭᠳᠡᠭᠦᠯᠵᠡᠶ᠃

 
ᠢᠷᠡᠯᠲᠡ᠄ ᠰᠢᠭᠤᠶᠢᠲᠤ ᠵᠡᠭᠡᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号