ᠬᠤᠣᠰ ᠠᠮᠠᠷᠠᠯᠲᠠ ᠶᠢᠨ ᠡᠳᠦᠷ᠂ ᠪᠠᠶᠠᠷ ᠳᠤᠷᠠᠰᠬᠠᠯ ᠤᠨ ᠡᠳᠦᠷ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠲᠢᠩᠬᠢᠮ ᠤᠨ 《 ᠡᠭᠦᠳᠡ ᠪᠠᠨ ᠬᠠᠭᠠᠬᠤ ᠦᠭᠡᠢ 》ᠬᠡᠪ ᠤᠨ ᠶᠣᠰᠣᠭᠠᠷ ᠠᠵᠢᠯᠯᠠᠬᠤ
ᠨᠡᠶᠢᠲᠡᠯᠡᠭᠰᠡᠨ ᠴᠠᠭ᠄
2021/2/22
       2021 ᠣᠨ ᠤ 2 ᠰᠠᠷ᠎ᠠ ᠶᠢᠨ 21 ᠤ ᠡᠳᠦᠷ ᠠᠴᠠ ᠡᠬᠢᠯᠡᠨ᠂ ᠰᠢᠭᠤᠶᠢᠲᠤ ᠲᠣᠭᠤᠷᠢᠭ ᠤᠨ ᠵᠠᠰᠠᠭ  ᠤᠨ ᠶᠠᠪᠤᠳᠠᠯ ᠤᠨ ᠶᠡᠭᠡ ᠲᠢᠩᠬᠢᠮ ᠳᠤ ᠬᠤᠤᠰ ᠠᠮᠠᠷᠠᠯᠲᠠ ᠶᠢᠨ ᠡᠳᠦᠷ᠂ ᠪᠠᠶᠠᠷ ᠳᠤᠷᠠᠰᠬᠠᠯ ᠤᠨ ᠡᠳᠦᠷ 《 ᠡᠭᠦᠳᠡ ᠪᠠᠨ ᠬᠠᠭᠠᠬᠤ ᠥᠬᠡᠶ 》 ᠦᠶᠯᠡᠴᠢᠯᠡᠭᠡ ᠶᠢ ᠡᠬᠢᠯᠡᠨ ᠬᠡᠷᠡᠭᠵᠢᠭᠦᠯᠵᠦ᠂ ᠣᠯᠠᠨ ᠲᠦᠮᠡᠨ ᠤ 《 ᠠᠵᠢᠯᠯᠠᠬᠤ ᠴᠠᠭ ᠲᠤ ᠭᠦᠶᠴᠡᠳᠬᠡᠬᠦ ᠵᠠᠪ ᠥᠬᠡᠶ᠂ ᠠᠮᠠᠷᠠᠬᠤ ᠴᠠᠭ ᠲᠤ ᠭᠦᠶᠴᠡᠳᠬᠡᠬᠦ ᠭᠠᠵᠠᠷ ᠥᠬᠡᠶ 》 ᠡᠪ ᠥᠬᠡᠶ ᠪᠠᠶᠢᠳᠠᠯ  ᠢ ᠰᠢᠶᠳᠪᠦᠷᠢᠯᠡᠪᠡ᠃

       ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠲᠤᠬᠠᠶᠢᠯᠠᠭᠰᠠᠨ ᠠᠵᠢᠯ ᠢ

ᠰᠠᠶᠢᠨ ᠮᠡᠳᠡᠬᠦ ᠠᠵᠢᠯᠲᠠᠨ ᠲᠣᠬᠢᠷᠠᠭᠤᠯᠵᠤ᠂ ᠬᠤᠤᠰ ᠠᠮᠠᠷᠠᠯᠲᠠ ᠶᠢᠨ ᠡᠳᠦᠷ᠂ ᠪᠠᠶᠠᠷ ᠳᠤᠷᠠᠰᠬᠠᠯ ᠤᠨ ᠡᠳᠦᠷ ᠠᠵᠢᠯ

 ᠤᠨ ᠪᠠᠶᠢᠷᠢ ᠡᠭᠡᠯᠵᠢᠯᠡᠭᠦᠯᠦᠨ᠂ ᠣᠯᠠᠨ ᠲᠦᠮᠡᠨ ᠢ ᠪᠠᠲᠤᠯᠠᠵᠤ᠂ ᠠᠵᠤ ᠠᠬᠤᠶᠢᠯᠠᠯ ᠨᠢ ᠠᠵᠢᠯ ᠤᠨ ᠡᠳᠦᠷ ᠲᠠᠢ

ᠠᠳᠠᠯᠢᠬᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠭᠦᠶᠴᠡᠳᠬᠡᠵᠦ᠂ ᠠᠵᠢᠯ ᠤᠨ ᠡᠳᠦᠷ ᠲᠠᠢ

ᠠᠳᠠᠯᠢᠬᠠᠨ ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ᠂ ᠴᠠᠭ ᠬᠤᠶᠢᠰᠢᠯᠠᠭᠤᠯᠤᠨ ᠭᠦᠶᠴᠡᠳᠬᠡᠬᠦ᠂

ᠪᠣᠯᠵᠣᠨ ᠭᠦᠶᠴᠡᠳᠬᠡᠬᠦ᠂ ᠨᠢᠭᠡ ᠯᠡ ᠤᠳᠠᠭ᠎ᠠ ᠳᠤ ᠮᠡᠳᠡᠭᠳᠡᠬᠦ ᠵᠡᠷᠭᠡ ᠬᠠᠮᠢᠶ᠎ᠠ ᠪᠥᠬᠦᠶ ᠦᠶᠯᠡᠴᠢᠯᠡᠭᠡ ᠬᠠᠩᠭᠠᠵᠤ᠂

ᠠᠵᠢᠯ ᠢ 《 ᠡᠭᠦᠳᠡ ᠪᠠᠨ ᠬᠠᠭᠠᠬᠤ ᠥᠬᠡᠶ 》᠂ ᠦᠶᠯᠡᠴᠢᠯᠡᠭᠡ ᠶᠢ 《 ᠦᠨ᠎ᠡ ᠪᠠᠭᠤᠷᠠᠭᠤᠯᠬᠤ ᠥᠬᠡᠶ 》

ᠪᠣᠯᠭᠠᠨ᠎ᠠ᠃ ᠡᠭᠦᠨ ᠤ ᠬᠠᠮᠲᠤ᠂ ᠲᠢᠩᠬᠢᠮ ᠤᠨ ᠡᠯ᠎ᠡ ᠦᠶᠯᠡᠴᠢᠯᠡᠭᠡᠨ ᠤ ᠮᠠᠰᠢᠨ ᠬᠡᠪ ᠢᠶᠠᠷ ᠠᠵᠢᠯᠯᠠᠵᠤ᠂ ᠭᠠᠶᠢᠯᠢ

ᠭᠦᠶᠴᠡᠳᠬᠡᠬᠦ ᠦᠶᠯᠡᠴᠢᠯᠡᠭᠡᠨ ᠤ ᠲᠣᠭᠤᠷᠢᠭ ᠤᠨ ᠲᠥᠬᠦᠭᠡᠷᠦᠮᠵᠢ ᠳᠤ 24 ᠴᠠᠭ ᠤᠨ ᠳᠣᠲᠣᠷ᠎ᠠ ᠪᠠᠷᠢᠮᠲᠠ

ᠭᠤᠶᠤᠴᠢᠯᠠᠨ ᠠᠪᠬᠤ ᠦᠶᠯᠡᠴᠢᠯᠡᠭᠡ ᠬᠠᠩᠭᠠᠵᠤ᠂ ᠴᠠᠬᠢᠯᠭᠠᠨ ᠬᠠᠩᠭᠠᠬᠤ ᠰᠦᠶᠳᠬᠡᠯ ᠲᠤᠰᠢᠶᠠᠬᠤ ᠶᠢ ᠪᠠᠶᠢᠴᠠᠭᠠᠨ

ᠯᠠᠪᠯᠠᠬᠤ ᠲᠥᠬᠦᠭᠡᠷᠦᠮᠵᠢ ᠶᠢ ᠴᠥᠮ ᠬᠡᠪ ᠢᠶᠠᠷ ᠬᠡᠷᠡᠭᠯᠡᠨ᠎ᠡ᠃

       《 ᠰᠢᠨ᠎ᠡ ᠵᠢᠯ ᠰᠢᠨ᠎ᠡ ᠠᠭᠤᠷ ᠠᠮᠢᠰᠬᠤᠯ  ᠂ ᠪᠢᠳᠡ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ

ᠠᠵᠢᠯ ᠳᠠᠭᠠᠨ ᠣᠷᠣᠯᠴᠠᠵᠤ᠂ ᠤᠯᠠᠨ ᠲᠦᠮᠡᠨ ᠳᠤ ᠦᠢᠯᠡᠴᠢᠯᠡᠨ᠎ᠡ᠃ ᠰᠢᠭᠤᠶᠢᠲᠤ ᠣᠷᠣᠨ ᠤ ᠵᠠᠰᠠᠭ ᠤᠨ ᠶᠠᠪᠤᠳᠠᠯ

 ᠤᠨ ᠦᠶᠯᠡᠴᠢᠯᠡᠭᠡᠨ ᠤ ᠲᠥᠪ ᠤᠨ ᠡᠷᠬᠢᠯᠡᠭᠴᠢ ᠺᠧᠤ ᠶᠤᠸᠠᠨ ᠲᠠᠨᠢᠯᠴᠠᠭᠤᠯᠬᠤ ᠳᠠᠭᠠᠨ᠂ ᠵᠠᠰᠠᠭ ᠤᠨ ᠶᠠᠪᠤᠳᠠᠯ ᠤᠨ

ᠦᠶᠯᠡᠴᠢᠯᠡᠭᠡᠨ ᠤ 《 ᠡᠭᠦᠳᠡ ᠪᠠᠨ ᠬᠠᠭᠠᠬᠤ ᠥᠬᠡᠶ 》 ᠪᠠᠶᠢᠬᠤ ᠨᠢ ᠴᠠᠭ ᠢ ᠤᠷᠲᠤᠳᠬᠠᠬᠤ ᠪᠠᠷ ᠪᠠᠷᠠᠬᠤ ᠥᠬᠡᠶ

ᠨᠠᠩ ᠴᠤ ᠦᠶᠯᠡᠴᠢᠯᠡᠭᠡ ᠶᠢ ᠳᠡᠭᠡᠭᠰᠢᠯᠡᠭᠦᠯᠦᠨ᠎ᠡ᠃ ᠬᠤᠤᠰ ᠠᠮᠠᠷᠠᠯᠲᠠ ᠶᠢᠨ ᠡᠳᠦᠷ᠂ ᠪᠠᠶᠠᠷ ᠳᠤᠷᠠᠰᠬᠠᠯ ᠤᠨ ᠡᠳᠦᠷ

ᠪᠠ ᠠᠮᠠᠷᠠᠯᠲᠠ ᠶᠢᠨ ᠡᠳᠦᠷ ᠤᠨ ᠴᠣᠩᠬᠤᠪᠴᠢ ᠶᠢᠨ ᠠᠵᠢᠯᠲᠠᠳ ᠡᠩ ᠤᠨ ᠦᠶ᠎ᠡ ᠲᠠᠢ ᠪᠠᠨ ᠠᠳᠠᠯᠢ ᠪᠠᠷ ᠪᠥᠬᠦ

ᠶᠠᠪᠤᠴᠠ ᠳᠤ ᠢᠨᠢᠶᠡᠮᠰᠦᠭᠯᠡᠵᠦ᠂ ᠥᠨᠳᠥᠷ ᠬᠡᠪ ᠴᠢᠨᠠᠷ ᠪᠥᠬᠦᠶ ᠵᠠᠰᠠᠭ ᠤᠨ ᠶᠠᠪᠤᠳᠠᠯ ᠤᠨ ᠦᠶᠯᠡᠴᠢᠯᠡᠭᠡ ᠬᠠᠩᠭᠠᠵᠤ᠂

ᠭᠠᠵᠠᠷ ᠣᠷᠣᠨ ᠤ ᠣᠯᠠᠨ ᠲᠦᠮᠡᠨ᠂ ᠠᠵᠤ ᠠᠬᠤᠶᠢᠯᠠᠯ ᠤᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠠ ᠵᠣᠯ

ᠵᠢᠷᠭᠠᠯᠲᠤ ᠲᠥᠷᠥᠭᠳᠡᠯ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠭᠠᠵᠠᠷ ᠣᠷᠣᠨ ᠤ ᠲᠡᠷᠢᠭᠦᠨ ᠵᠡᠷᠭᠡ ᠶᠢᠨ

ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠳᠤ ᠬᠦᠴᠦᠨ ᠨᠡᠮᠡᠷᠢᠯᠡᠬᠦ ᠪᠣᠯᠤᠨ᠎ᠠ᠃

       《 ᠪᠢ ᠡᠩ ᠤᠨ ᠴᠠᠭ ᠲᠠᠭᠠᠨ ᠠᠵᠢᠯᠯᠠᠨ᠎ᠠ᠂ ᠵᠥᠪᠬᠡᠨ ᠭᠠᠷᠠᠭ ᠤᠨ ᠰᠡᠭᠦᠯᠴᠢ ᠴᠢᠯᠥᠭᠡ ᠲᠠᠢ᠂

ᠥᠩᠭᠡᠷᠡᠭᠡᠭᠰᠡᠨ ᠦᠦ ᠠᠵᠢᠯ ᠤᠨ ᠡᠳᠦᠷ ᠴᠢᠯᠥᠭᠡ ᠭᠤᠶᠤᠵᠤ ᠠᠵᠢᠯ ᠢᠶᠠᠨ ᠭᠦᠢᠴᠡᠳᠬᠡᠨ᠎ᠡ᠂ ᠤᠳᠤ ᠠᠮᠠᠷᠠᠯᠲᠠ

 ᠶᠢᠨ ᠡᠳᠦᠷ ᠪᠠᠰᠠ ᠬᠢᠵᠦ ᠳᠡᠶᠢᠯᠦᠨ᠎ᠡ᠂ ᠦᠨᠡᠬᠡᠷ ᠳᠥᠭᠦᠮ ᠪᠣᠯᠵᠠᠢ᠃ 2 ᠰᠠᠷ᠎ᠠ ᠶᠢᠨ 21 ᠤ ᠡᠳᠦᠷ ᠭᠠᠷᠠᠭ ᠤᠨ

ᠡᠳᠦᠷ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠨᠢ ᠡᠩ ᠤᠨ ᠡᠳᠦᠷ ᠲᠠᠢ ᠠᠳᠠᠯᠢ ᠪᠠᠷ ᠬᠡᠪ ᠤᠨ

ᠶᠣᠰᠣᠭᠠᠷ ᠠᠵᠢᠯᠯᠠᠵᠤ᠂ 《 ᠵᠠᠰᠠᠭ ᠤᠨ ᠶᠠᠪᠤᠳᠠᠯ ᠤᠨ ᠦᠶᠯᠡᠴᠢᠯᠡᠭᠡ ᠡᠭᠦᠳᠡ ᠪᠠᠨ ᠬᠠᠭᠠᠬᠤ ᠥᠬᠡᠶ 》 ᠭᠡᠬᠦ

ᠴᠢᠮᠡᠭᠡ ᠶᠢ ᠰᠣᠨᠣᠰᠤᠭᠰᠠᠨ ᠬᠤᠲᠠ ᠶᠢᠨ ᠠᠷᠠᠳ ᠴᠧᠩ ᠠᠪᠠᠭ᠋ᠠᠶ ᠲᠤᠰᠬᠠᠶᠢᠯᠠᠨ ᠢᠷᠡᠵᠦ ᠲᠤᠬᠠᠶᠢᠯᠠᠭᠰᠠᠨ ᠠᠵᠢᠯ

 ᠢᠶᠠᠨ ᠭᠦᠶᠴᠡᠳᠬᠡᠵᠦ᠂ ᠠᠵᠢᠯᠲᠠᠨ ᠤ ᠲᠦᠷᠭᠡᠨ ᠪᠥᠭᠡᠳ ᠰᠠᠶᠢᠨ ᠦᠷ᠎ᠡ ᠪᠦᠲᠦᠮᠵᠢ ᠪᠠ ᠣᠪᠣᠷ ᠲᠤ ᠮᠠᠰᠢ

ᠬᠠᠨᠤᠮᠵᠢᠲᠠᠶ ᠦᠨᠡᠯᠡᠯᠲᠡ ᠥᠭᠪᠡ᠃

 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号