ᠰᠢᠭᠤᠶᠢᠲᠤ ᠵᠡᠭᠡᠯᠢ ᠭᠤᠳᠤᠮᠵᠢ ᠴᠠᠭᠠᠨ ᠰᠠᠷ᠎ᠠ ᠠᠴᠠ ᠡᠮᠦᠨ᠎ᠡ ᠠᠬᠠᠮᠠᠳ ᠨᠠᠮ ᠤᠨ ᠭᠡᠰᠢᠭᠦᠨ᠂ ᠬᠦᠴᠢᠷᠳᠡᠯᠲᠡᠢ ᠨᠠᠮ ᠤᠨ ᠭᠡᠰᠢᠭᠦᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2021/2/8
       ᠴᠠᠭᠠᠨ ᠰᠠᠷ᠎ᠠ ᠣᠶᠢᠷᠠᠲᠤᠯ᠎ᠠ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠬᠠᠷᠢᠶ᠎ᠠ ᠣᠷᠣᠨ ᠤ ᠠᠬᠠᠮᠠᠳ ᠨᠠᠮ ᠤᠨ ᠭᠡᠰᠢᠭᠦᠨ ᠪᠣᠯᠤᠨ ᠠᠮᠢᠳᠤᠷᠠᠯ ᠨᠢ ᠬᠦᠴᠢᠷᠳᠡᠯᠲᠡᠢ ᠨᠠᠮ ᠤᠨ ᠭᠡᠰᠢᠭᠦᠨ ᠢ ᠪᠠᠶᠠᠷ ᠬᠦᠷ ᠲᠠᠢ᠂ ᠦᠯᠵᠡᠢ ᠪᠡᠯᠭᠡ ᠲᠠᠢ᠂ ᠪᠠᠶᠠᠷ ᠪᠠᠶᠠᠰᠬᠤᠯᠠᠩ ᠲᠠᠢ ᠴᠠᠭᠠᠨ ᠰᠠᠷ᠎ᠠ ᠶᠢ ᠥᠩᠭᠡᠷᠡᠭᠦᠯᠬᠦ  ᠶᠢᠨ ᠲᠥᠯᠥᠭᠡ᠂ 2 ᠰᠠᠷ᠎ᠠ ᠶᠢᠨ 8 ᠤ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠶᠠ ᠮᠢᠨ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ ᠢ ᠳᠠᠭᠠᠭᠤᠯᠵᠤ᠂ ᠬᠠᠷᠢᠶ᠎ᠠ ᠣᠷᠣᠨ ᠤ ᠠᠬᠠᠮᠠᠳ ᠨᠠᠮ ᠤᠨ ᠭᠡᠰᠢᠭᠦᠨ ᠪᠣᠯᠤᠨ ᠠᠮᠢᠳᠤᠷᠠᠯ ᠨᠢ ᠬᠦᠴᠢᠷᠳᠡᠯᠲᠡᠢ ᠨᠠᠮ ᠤᠨ ᠭᠡᠰᠢᠭᠦᠨ ᠢ ᠡᠷᠬᠢᠨ ᠦᠵᠡᠵᠦ ᠲᠣᠬᠤᠨᠢᠭᠤᠯᠤᠭᠰᠠᠨ ᠪᠥᠭᠡᠳ ᠴᠠᠭᠠᠨ ᠰᠠᠷ᠎ᠠ ᠠᠴᠠ ᠡᠮᠦᠨᠡᠬᠢ ᠮᠡᠨᠳᠦᠴᠢᠯᠡᠯ ᠪᠣᠯᠤᠨ ᠵᠥᠩᠨᠡᠯ ᠳᠡᠪᠰᠢᠭᠦᠯᠵᠡᠢ᠃

       ᠰᠡᠳᠬᠢᠯ ᠳᠤᠯᠠᠭᠠᠴᠠᠭᠤᠯᠵᠤ ᠬᠦᠢᠲᠡᠨ ᠢ ᠬᠥᠭᠡᠭᠡᠵᠦ᠂ ᠦᠨᠡᠨ ᠰᠡᠳᠬᠢᠯ ᠠᠴᠠ ᠪᠠᠨ ᠢᠷᠦᠭᠡᠯ ᠬᠦᠷᠭᠡᠨ᠎ᠡ᠃

ᠨᠢᠭᠡ ᠡᠷᠦᠬᠡ ᠨᠠᠮ ᠤᠨ ᠭᠡᠰᠢᠭᠦᠨ ᠤ ᠭᠡᠷ ᠲᠤ ᠬᠦᠷᠬᠦ ᠪᠦᠷᠢ᠂ ᠪᠠᠭ ᠤᠨ ᠪᠦᠷᠢᠯᠳᠦᠬᠦᠨ ᠨᠡᠷ ᠤᠯᠠᠨ ᠲᠠᠢ ᠳᠣᠲᠣᠨᠣ

 ᠪᠠᠷ ᠶᠠᠷᠢᠯᠴᠠᠵᠤ᠂ ᠬᠠᠯᠠᠮᠵᠢᠯᠠᠨ ᠠᠰᠠᠭᠤᠵᠤ᠂ ᠲᠡᠳᠡᠨ ᠤ ᠭᠡᠷ ᠪᠦᠯᠢ ᠶᠢᠨ ᠪᠠᠶᠢᠳᠠᠯ ᠪᠣᠯᠤᠨ ᠪᠡᠶ᠎ᠡ ᠶᠢᠨ ᠪᠠᠶᠢᠳᠠᠯ ᠢ

ᠨᠠᠷᠢᠨ ᠣᠶᠢᠯᠠᠭᠠᠵᠤ᠂ ᠲᠡᠳᠡᠨ ᠤ ᠬᠦᠰᠡᠯ᠂ ᠪᠤᠳᠤᠯ᠂ ᠬᠡᠷᠡᠭᠴᠡᠭᠡ ᠶᠢ ᠰᠣᠨᠣᠰᠴᠤ᠂ ᠲᠡᠳᠡᠨ ᠢ ᠪᠡᠶ᠎ᠡ ᠪᠠᠨ

ᠬᠢᠴᠢᠶᠡᠵᠦ᠂ ᠢᠳᠡᠪᠬᠢᠲᠡᠢ ᠪᠠᠶᠠᠰᠤᠩᠭᠤᠢ ᠪᠠᠶᠢᠭᠠᠷᠠᠢ ᠭᠡᠵᠦ ᠵᠣᠷᠢᠭᠵᠢᠭᠤᠯᠪᠠ᠃ ᠡᠭᠦᠨ ᠤ ᠬᠠᠮᠲᠤ ᠲᠡᠳᠡᠨ ᠳᠤ ᠡᠪᠦᠯ

 ᠤᠨ ᠤᠯᠠᠷᠢᠯ ᠤᠨ ᠳᠤᠯᠠᠭᠠᠯᠠᠭ᠎ᠠ ᠶᠢ ᠰᠠᠶᠢᠲᠤᠷ ᠬᠢᠵᠦ᠂ ᠴᠠᠬᠢᠯᠭᠠᠨ ᠭᠠᠯ ᠤᠨ ᠠᠮᠤᠷ ᠲᠦᠪᠰᠢᠨ ᠢ ᠠᠩᠬᠠᠷᠬᠤ

ᠬᠡᠷᠡᠭᠲᠡᠶ ᠭᠡᠵᠦ ᠵᠠᠬᠢᠪᠠ᠃ ᠠᠬᠠᠮᠠᠳ ᠨᠠᠮ ᠤᠨ ᠭᠡᠰᠢᠭᠦᠨ ᠤ ᠬᠡᠷ ᠲᠤ᠂ ᠲᠡᠳᠡᠨ ᠤ ᠨᠡᠶᠢᠭᠡᠮ ᠲᠣᠭᠤᠷᠢᠭ ᠤᠨ ᠠᠵᠢᠯ ᠢ

ᠳᠡᠮᠵᠢᠵᠦ ᠬᠠᠮᠵᠢᠯᠴᠠᠭᠰᠠᠭᠠᠷ ᠢᠷᠡᠭᠰᠡᠨ ᠵᠢᠴᠢ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ

ᠢᠯᠡᠳᠬᠡᠵᠦ᠂ ᠲᠡᠳᠡᠨ ᠤ ᠬᠡᠪ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠡᠪ ᠬᠠᠮᠲᠤᠴᠤᠳ ᠤᠨ ᠰᠢᠯᠢᠳᠡᠭ

ᠵᠠᠩ ᠴᠢᠨᠠᠷ ᠢ ᠤᠯᠠᠮᠵᠢᠯᠠᠨ ᠵᠠᠯᠭᠠᠮᠵᠢᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠭ᠎ᠠ ᠳᠣᠤᠷ᠎ᠠ ᠨᠠᠮ

 ᠤᠨ ᠭᠡᠰᠢᠭᠦᠨ ᠤ ᠵᠢᠱᠢᠶᠡᠴᠢ ᠳᠠᠭᠠᠭᠤᠯᠤᠭᠴᠢ ᠶᠢᠨ ᠦᠶᠯᠡᠳᠦᠯ ᠢ ᠢᠳᠡᠪᠬᠢᠲᠡᠶ ᠪᠠᠳᠠᠷᠠᠭᠤᠯᠵᠤ᠂ ᠬᠡᠷ ᠪᠦᠯᠢ ᠶᠢᠨ

ᠳᠤᠮᠳᠠ ᠰᠠᠶᠢᠨ ᠳᠠᠭᠠᠭᠤᠯᠤᠭᠴᠢ ᠪᠣᠯᠵᠣ᠂ ᠣᠯᠠᠨ ᠲᠦᠮᠡᠨ ᠤ ᠳᠤᠮᠳᠠ ᠰᠠᠶᠢᠨ ᠦᠶᠯᠡᠴᠢᠯᠡᠭᠴᠢ ᠪᠣᠯᠵᠣ᠂ ᠨᠡᠶᠢᠭᠡᠮ

 ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠶᠢ ᠬᠦᠰᠡᠪᠡ᠃

       ᠲᠣᠰ ᠤᠳᠠᠭᠠᠨ ᠤ ᠰᠤᠷᠪᠤᠯᠵᠢᠯᠠᠨ ᠲᠣᠬᠤᠨᠢᠭᠤᠯᠬᠤ ᠠᠵᠢᠯᠯᠠᠭ᠎ᠠ ᠨᠢ ᠠᠬᠠᠮᠠᠳ ᠨᠠᠮ ᠤᠨ ᠭᠡᠰᠢᠭᠦᠨ᠂

ᠬᠦᠴᠢᠷᠳᠡᠯᠲᠡᠶ ᠨᠠᠮ ᠤᠨ ᠭᠡᠰᠢᠭᠦᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠵᠥᠩᠨᠡᠯ ᠳᠡᠪᠰᠢᠭᠦᠯᠦᠭᠰᠡᠨ ᠢᠶᠠᠷ

ᠪᠠᠷᠠᠬᠤ ᠥᠬᠡᠶ᠂ ᠨᠠᠩ ᠴᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ

ᠲᠡᠳᠡᠨ ᠤ ᠰᠡᠳᠬᠢᠯ ᠳᠤ ᠬᠦᠷᠭᠡᠵᠦ᠂ ᠠᠬᠠᠮᠠᠳ ᠨᠠᠮ ᠤᠨ ᠭᠡᠰᠢᠭᠦᠳ ᠲᠤ ᠨᠠᠮ ᠤᠨ ᠵᠣᠬᠢᠶᠠᠨ ᠪᠠᠶᠢᠭᠤᠯᠤᠯᠲᠠ ᠶᠢᠨ

ᠬᠦᠨᠳᠦᠳᠬᠡᠯ ᠪᠠ ᠬᠠᠯᠠᠮᠵᠢᠯᠠᠯ ᠢ ᠦᠨᠡᠨ ᠬᠦ ᠮᠡᠳᠡᠷᠡᠭᠦᠯᠬᠦ ᠶᠢᠨ ᠬᠠᠮᠲᠤ ᠨᠡᠶᠢᠭᠡᠮ ᠲᠣᠭᠤᠷᠢᠭ ᠤᠨ ᠬᠦᠴᠢᠷᠳᠡᠯᠲᠡᠶ

ᠣᠯᠠᠨ ᠲᠦᠮᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠵᠦ᠂ ᠵᠣᠯ

ᠵᠢᠷᠭᠠᠯᠲᠤ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ

ᠪᠠᠶᠢᠨ᠎ᠠ᠃

 
ᠢᠷᠡᠯᠲᠡ᠄ ᠰᠢᠭᠤᠶᠢᠲᠤ ᠵᠡᠭᠡᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号