ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/2/9
       2021 ᠣᠨ ᠤ 2 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠰᠢᠭᠤᠶᠢᠲᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠬᠤᠷᠠᠯ ᠢ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠳ᠋ᠦᠩ ᠱᠤ᠋ ᠰᠢᠶᠦ᠋ᠩ ᠨᠥᠬᠦᠷ ᠡᠷᠭᠢᠯᠡᠵᠦ᠂ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠵᠣᠬᠢᠶᠠᠨ ᠪᠠᠶᠢᠭᠤᠯᠵᠤ ᠪᠥᠲᠥᠭᠡᠨ ᠪᠠᠶᠢᠭᠤᠯᠬᠤ ᠲᠠᠰᠤᠭ ᠤᠨ ᠳᠡᠳ᠋ ᠡᠷᠬᠢᠯᠡᠭᠴᠢ ᠳ᠋ᠦ᠋ ᠵᠢᠩ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠴᠧᠨ ᠱᠤ᠋ ᠵᠢᠶᠦ᠋ᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃

       ᠬᠤᠷᠠᠯ ᠳᠡᠭᠡᠷ᠎ᠡ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠳ᠋ᠦᠩ

ᠱᠤ᠋ ᠰᠢᠶᠦ᠋ᠩ ᠨᠥᠬᠦᠷ ᠤᠳᠤᠷᠢᠳᠬᠤ ᠪᠠᠭ ᠢ ᠲᠥᠯᠥᠭᠡᠯᠡᠨ ᠬᠠᠷᠭᠤᠭᠤᠯᠤᠨ ᠪᠠᠶᠢᠴᠠᠭᠠᠪᠠ᠃ ᠳ᠋ᠦᠩ ᠱᠤ᠋ ᠰᠢᠶᠦ᠋ᠩ

ᠨᠥᠬᠦᠷ ᠲᠦᠷᠦᠭᠦᠯᠡᠨ᠂ ᠤᠳᠤᠷᠢᠳᠬᠤ ᠪᠠᠭ ᠤᠨ ᠪᠦᠷᠢᠯᠳᠦᠬᠦᠨ ᠨᠢᠭᠡᠳ ᠨᠢᠭᠡ ᠪᠠᠷ ᠬᠤᠪᠢ ᠬᠥᠮᠦᠨ ᠤ

ᠬᠠᠷᠭᠤᠭᠤᠯᠤᠨ ᠪᠠᠶᠢᠴᠠᠭᠠᠯᠲᠠ ᠬᠢᠵᠦ᠂ ᠥᠪᠡᠷ ᠤᠨ ᠰᠢᠭᠦᠮᠵᠢᠯᠡᠯ ᠬᠢᠵᠦ᠂ ᠪᠤᠰᠤᠳ ᠪᠦᠷᠢᠯᠳᠦᠬᠦᠨ ᠨᠢ ᠲᠡᠭᠦᠨ ᠳᠤ

ᠰᠢᠭᠦᠮᠵᠢᠯᠡᠬᠦ ᠰᠠᠨᠠᠯ ᠳᠤᠷᠠᠳᠴᠤ᠂ ᠤᠳᠤᠷᠢᠳᠬᠤ ᠪᠠᠭ ᠤᠨ ᠪᠦᠷᠢᠯᠳᠦᠬᠦᠨ ᠰᠢᠭᠦᠮᠵᠢᠯᠡᠬᠦ ᠰᠠᠨᠠᠯ ᠤᠨ ᠲᠤᠬᠠᠢ ᠣᠪᠣᠷ

 ᠢᠶᠠᠨ ᠢᠯᠡᠳᠬᠡᠪᠡ᠃

       ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠵᠣᠬᠢᠶᠠᠨ ᠪᠠᠶᠢᠭᠤᠯᠬᠤ ᠲᠠᠰᠤᠭ

 ᠤᠨ ᠳᠡᠳ᠋ ᠡᠷᠬᠢᠯᠡᠭᠴᠢ ᠳ᠋ᠦ᠋ ᠵᠢᠩ ᠲᠣᠰ ᠤᠳᠠᠭᠠᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ

ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠦᠨᠡᠯᠡᠯᠲᠡ ᠬᠢᠵᠦ᠂ ᠨᠢᠭᠡ ᠳᠤ᠂ 《

ᠡᠬᠢᠯᠡᠯᠲᠡ 》 ᠶᠢᠨ ᠤᠬᠠᠮᠰᠠᠷ ᠢ ᠪᠠᠲᠤ ᠪᠣᠶ ᠪᠣᠯᠭᠠᠵᠤ᠂ 《 ᠪᠣᠭᠤᠮᠲᠠ ᠥᠩᠭᠡᠷᠡᠬᠦ 》 ᠡᠷᠴᠢ ᠰᠤᠯᠠᠷᠠᠬᠤ

ᠦᠵᠡᠯ ᠰᠠᠨᠠᠭ᠎ᠠ ᠶᠢ ᠰᠡᠷᠭᠡᠶᠢᠯᠡᠬᠦ ᠬᠡᠷᠡᠭᠲᠡᠶ ; ᠬᠤᠶᠠᠷ ᠲᠤ᠂ ᠳᠣᠲᠣᠭᠠᠳᠤ ᠬᠥᠳᠡᠯᠭᠡᠬᠦ ᠬᠦᠴᠦᠨ ᠢ ᠤᠯᠠᠮ

ᠴᠢᠨᠠᠭᠰᠢᠳᠠ ᠴᠢᠩᠭᠠᠳᠬᠠᠵᠤ᠂ ᠤᠳᠤᠷᠢᠳᠬᠤ ᠺᠠᠳ᠋ᠷ ᠤᠨ ᠳᠠᠭᠠᠭᠤᠯᠬᠤ ᠦᠢᠯᠡᠳᠦᠯ ᠢ ᠦᠷᠭᠦᠯᠵᠢᠯᠡᠨ ᠰᠠᠶᠢᠲᠤᠷ

ᠪᠠᠳᠠᠷᠠᠭᠤᠯᠬᠤ ᠬᠡᠷᠡᠭᠲᠡᠢ ; ᠭᠤᠷᠪᠠ ᠳᠤ 《 ᠬᠠᠳᠠᠭᠠᠰᠤ ᠬᠠᠳᠠᠬᠤ 》 ᠵᠣᠷᠢᠭ ᠰᠠᠨᠠᠭ᠎ᠠ ᠪᠠᠷ ᠴᠡᠭᠴᠡᠯᠡᠨ

ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ ᠢ ᠭᠦᠨᠵᠡᠭᠡᠶ ᠰᠠᠶᠢᠲᠤᠷ ᠠᠳᠬᠤᠬᠤ ᠬᠡᠷᠡᠭᠲᠡᠶ᠃ ᠲᠣᠮᠢᠯᠠᠨ

ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠴᠧᠨ ᠱᠤ᠋

ᠵᠢᠶᠦ᠋ᠨ ᠡᠨᠡ ᠤᠳᠠᠭ᠎ᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ

ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠭᠦᠢᠴᠡᠳ ᠨᠤᠲᠠᠯᠠᠭᠰᠠᠨ ᠪᠥᠭᠡᠳ ᠦᠨᠡᠯᠡᠯᠲᠡ ᠬᠢᠵᠦ᠂ ᠲᠣᠭᠤᠷᠢᠨ

ᠪᠠᠶᠢᠴᠠᠭᠠᠬᠤ ᠶᠠᠪᠤᠴᠠ ᠳᠤ ᠵᠠᠷᠢᠮ ᠠᠰᠠᠭᠤᠳᠠᠯ ᠢ ᠢᠯᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ

ᠲᠣᠪᠴᠢᠶ᠎ᠠ ᠴᠤ ᠨᠠᠷᠢᠨ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠥᠭᠡᠳ ᠲᠤᠰ ᠤᠳᠠᠭ᠎ᠠ

 ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ

ᠬᠤᠷᠠᠯ ᠳᠤ ᠰᠠᠨᠠᠯ ᠰᠠᠨᠠᠭᠤᠯᠭ᠎ᠠ ᠥᠭᠴᠡᠢ ᠭᠡᠵᠦ ᠵᠢᠭᠠᠵᠤ ᠭᠠᠷᠭᠠᠪᠠ᠃

       ᠡᠴᠦᠰ ᠲᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠳ᠋ᠦᠩ ᠱᠤ᠋

ᠰᠢᠶᠦ᠋ᠩ ᠲᠣᠰ ᠤᠳᠠᠭ᠎ᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ

ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷ᠎ᠡ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠤᠳᠤᠷᠢᠳᠬᠤ ᠪᠠᠭ ᠤᠨ

ᠪᠦᠷᠢᠯᠳᠦᠬᠦᠨ ᠴᠥᠮ ᠰᠢᠭᠤᠳ ᠭᠤᠤᠯ ᠰᠡᠳᠦᠪ ᠲᠤ ᠬᠠᠨᠳᠤᠵᠤ᠂ ᠲᠣᠭᠤᠷᠢᠭᠤᠯᠵᠤ ᠲᠣᠭᠰᠢᠭᠤᠯᠬᠤ ᠥᠬᠡᠶ᠂

ᠵᠣᠷᠢᠭᠲᠠᠶ ᠪᠠᠷ ᠥᠪᠡᠷ ᠢ ᠪᠠᠨ ᠵᠠᠳᠠᠯᠵᠤ᠂ ᠠᠰᠠᠭᠤᠳᠠᠯ ᠢ ᠰᠢᠶᠳᠪᠦᠷᠢᠯᠡᠬᠦ ᠳᠡᠭᠡᠨ ᠴᠢᠳᠠᠮᠠᠭᠠᠶ ᠪᠠᠶᠢᠵᠤ᠂ ᠣᠪᠣᠷ ᠢᠶᠠᠨ

ᠲᠥᠪ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠴᠦ ᠦᠨᠡᠨ ᠬᠦ ᠬᠡᠷᠡᠭᠵᠢᠭᠦᠯᠦᠭᠦᠰᠢᠲᠡᠶ ᠪᠠᠶᠢᠵᠤ᠂

ᠨᠢᠭᠤᠷ ᠤᠯᠠᠶᠢᠯᠭᠠᠨ ᠬᠥᠯᠥᠰᠥ ᠭᠠᠷᠭᠠᠬᠤ ᠦᠷ᠎ᠡ ᠪᠦᠲᠦᠮᠵᠢ ᠣᠯᠵᠤ᠂ ᠰᠢᠭᠦᠮᠵᠢᠯᠡᠯ ᠢᠶᠠᠷ ᠪᠦᠯᠬᠦᠮᠳᠡᠯ ᠢ

ᠠᠬᠢᠭᠤᠯᠬᠤ ᠵᠣᠷᠢᠯᠭ᠎ᠠ ᠳᠠᠭᠠᠨ ᠬᠦᠷᠴᠦ ᠴᠢᠳᠠᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃

       ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠳ᠋ᠦᠩ ᠱᠤ᠋ ᠰᠢᠶᠦ᠋ᠩ

ᠨᠥᠬᠦᠷ᠂ ᠨᠢᠭᠡ ᠳᠤ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ 《 ᠲᠦᠷᠪᠡᠨ ᠤᠬᠠᠮᠰᠠᠷ 》 ᠢ ᠪᠠᠲᠤ

ᠪᠤᠢ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ

᠂ ᠨᠠᠮ ᠤᠨ ᠲᠥᠪ ᠬᠤᠷᠢᠶᠠᠨ ᠤ ᠡᠷᠬᠡ ᠰᠦᠷ ᠢ ᠡᠷᠡᠰ ᠬᠠᠮᠠᠭᠠᠯᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ᠂

ᠤᠯᠤᠰ ᠲᠦᠷᠦ᠂ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ

ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ ; ᠬᠤᠶᠠᠷ ᠲᠤ ᠲᠣᠪᠣᠶᠢᠮ᠎ᠠ

ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ

ᠰᠠᠶᠢᠲᠤᠷ ᠬᠢᠬᠦ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂ ᠠᠰᠠᠭᠤᠳᠠᠯ ᠢ ᠨᠢᠭᠡᠳ ᠨᠢᠭᠡ

 ᠪᠠᠷ ᠴᠡᠭᠴᠡᠯᠡᠨ ᠰᠠᠶᠢᠵᠢᠷᠠᠭᠤᠯᠵᠤ᠂ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ; ᠭᠤᠷᠪᠠ

 ᠳᠤ᠂ 《 ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ 》 ᠶᠢ ᠦᠨᠡᠨ ᠬᠦ ᠰᠠᠶᠢᠲᠤᠷ ᠭᠦᠢᠴᠡᠳᠬᠡᠵᠦ᠂ ᠨᠠᠮ

 ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ᠨᠠᠮ ᠤᠨ ᠳᠣᠲᠣᠭᠠᠳᠤ ᠶᠢᠨ

ᠬᠢᠨᠠᠯᠲᠠ ᠶᠢ ᠴᠢᠩᠭᠠᠳᠬᠠᠵᠤ᠂ 《 ᠲᠦᠷᠪᠡᠨ ᠰᠤᠷᠲᠠᠯ 》 ᠢ ᠴᠥᠬᠦᠷᠡᠰᠢ ᠦᠭᠡᠢ ᠵᠠᠯᠠᠷᠠᠭᠤᠯᠵᠤ᠂ ᠪᠦᠬᠦ ᠲᠠᠯ᠎ᠠ

 ᠪᠠᠷ ᠨᠠᠮ ᠢ ᠴᠢᠩᠭ᠎ᠠ ᠵᠠᠰᠠᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠤᠷᠲᠠᠯ ᠴᠢᠬᠡᠴᠢ ᠣᠪᠣᠷ

ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃

 
ᠢᠷᠡᠯᠲᠡ᠄ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号