ᠰᠢᠭᠤᠶᠢᠲᠤ ᠵᠡᠭᠡᠯᠢ ᠭᠤᠳᠤᠮᠵᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2021/4/1
       ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠬᠤ ᠶᠢᠨ ᠲᠥᠯᠥᠭᠡ᠂ ᠣᠶᠢᠷ᠎ᠠ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠪᠥᠬᠦ ᠺᠠᠳ᠋ᠷ ᠠᠵᠢᠯᠲᠠᠨ ᠠᠵᠢᠯᠴᠢᠨ ᠨᠠᠮ ᠤᠨ ᠪᠠᠶᠢᠭᠤᠯᠤᠯᠲᠠ  ᠪᠠᠷ ᠳᠡᠮᠵᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ ᠲᠠᠶᠢᠯᠤᠮᠵᠢ ᠬᠢᠪᠠ᠃

       ᠲᠠᠶᠢᠯᠤᠮᠵᠢ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ 《 ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠤᠯᠤᠰ ᠤᠨ ᠬᠠᠮᠲᠤ ᠶᠢᠨ ᠲᠠᠨᠢᠯᠲᠠ᠂

ᠦᠨᠳᠦᠰᠦᠲᠡᠨ ᠤ ᠠᠭᠤᠰᠤᠯᠴᠠᠯ ᠤᠨ ᠰᠡᠳᠬᠢᠯᠭᠡ ᠶᠢᠨ ᠬᠤᠯᠪᠣᠭᠠᠰᠤ᠂ ᠡᠬᠡ ᠤᠯᠤᠰ ᠤᠨ ᠨᠢᠭᠡᠳᠦᠯ ᠦᠨᠳᠦᠰᠦᠲᠡᠨ

 ᠤ ᠪᠦᠯᠬᠦᠮᠳᠡᠯ ᠤᠨ ᠦᠵᠡᠯ ᠰᠠᠨᠠᠭᠠᠨ ᠤ ᠰᠠᠭᠤᠷᠢ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠦᠷᠭᠦᠯᠵᠢᠯᠡᠬᠦ

ᠬᠥᠭᠵᠢᠯᠲᠡ ᠶᠢᠨ ᠬᠦᠴᠦᠨ ᠴᠢᠳᠠᠯ ᠤᠨ ᠡᠬᠢ ᠪᠤᠯᠠᠭ ᠮᠥᠨ᠃ ᠳᠤᠮᠳᠠᠳᠤ ᠶᠢᠨ ᠦᠨᠳᠦᠰᠦᠲᠡᠨ ᠪᠣᠯ ᠨᠢᠭᠡᠨ ᠬᠠᠮᠲᠤ

 ᠶᠢᠨ ᠴᠣᠭᠴᠠ ᠮᠥᠨ; ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠪᠣᠯ ᠳᠤᠮᠳᠠᠳᠤ ᠶᠢᠨ

ᠦᠨᠳᠦᠰᠦᠲᠡᠨ ᠤ ᠬᠠᠶᠢᠷ᠎ᠠ ᠰᠡᠳᠬᠢᠯᠭᠡ ᠶᠢᠨ ᠬᠠᠮᠲᠤ ᠶᠢᠨ ᠴᠣᠭᠴᠠ᠂ ᠳᠤᠮᠳᠠᠳᠤ ᠶᠢᠨ ᠦᠨᠳᠦᠰᠦᠲᠡᠨ ᠤ ᠬᠤᠪᠢ

ᠵᠠᠶᠠᠭᠠᠨ ᠤ ᠬᠠᠮᠲᠤ ᠶᠢᠨ ᠴᠣᠭᠴᠠ᠂ ᠳᠤᠮᠳᠠᠳᠤ ᠶᠢᠨ ᠦᠨᠳᠦᠰᠦᠲᠡᠨ ᠤ ᠤᠯᠤᠰ ᠲᠦᠷᠦ ᠶᠢᠨ ᠬᠠᠮᠲᠤ ᠶᠢᠨ

ᠴᠣᠭᠴᠠ᠂ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠬᠠᠮᠲᠤ ᠶᠢᠨ ᠴᠣᠭᠴᠠ᠂ ᠳᠤᠮᠳᠠᠳᠤ ᠶᠢᠨ

ᠦᠨᠳᠦᠰᠦᠲᠡᠨ ᠤ ᠠᠰᠢᠭ ᠲᠤᠰᠠ ᠶᠢᠨ ᠬᠠᠮᠲᠤ ᠶᠢᠨ ᠴᠣᠭᠴᠠ ᠮᠥᠨ᠃

       ᠲᠣᠰ ᠤᠳᠠᠭᠠᠨ ᠤ ᠰᠤᠷᠤᠯᠴᠠᠯᠭ᠎ᠠ ᠪᠠᠷ ᠳᠡᠮᠵᠢᠨ᠂ ᠪᠥᠬᠦ ᠺᠠᠳ᠋ᠷ ᠠᠵᠢᠯᠲᠠᠨ ᠠᠵᠢᠯᠴᠢᠨ ᠤ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠠᠴᠢ ᠬᠤᠯᠪᠣᠭᠳᠠᠯ

᠂ ᠠᠷᠭ᠎ᠠ ᠵᠠᠮ ᠪᠠ ᠦᠨᠳᠦᠰᠦᠨ ᠱᠠᠭᠠᠷᠳᠠᠯᠭ᠎ᠠ ᠶᠢᠨ ᠲᠤᠬᠠᠶ ᠣᠶᠢᠯᠠᠭᠠᠯᠲᠠ ᠲᠠᠨᠢᠯᠲᠠ ᠶᠢ ᠤᠯᠠᠮ ᠨᠢᠭᠡ ᠠᠯᠬᠤᠮ

ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠦᠨᠳᠦᠰᠦᠲᠡᠨ ᠤ

ᠪᠦᠯᠬᠦᠮᠳᠡᠯ ᠤᠨ ᠤᠬᠠᠮᠰᠠᠷ ᠢ ᠴᠢᠩᠭᠠᠳᠬᠠᠨ᠂ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠭᠦᠨᠵᠡᠭᠡᠶᠢᠷᠡᠭᠦᠯᠵᠦ᠂

ᠬᠦᠴᠦᠨ ᠴᠢᠳᠠᠯ ᠢ ᠨᠢᠭᠲᠠᠷᠠᠭᠤᠯᠤᠨ᠂ ᠬᠠᠮᠲᠤ ᠶᠢᠨ ᠲᠠᠨᠢᠯᠲᠠ ᠶᠢ ᠪᠦᠷᠢᠯᠳᠦᠭᠦᠯᠵᠦ᠂ ᠦᠨᠳᠦᠰᠦᠨ ᠱᠠᠲᠤᠨ ᠤ

ᠰᠠᠭᠤᠷᠢ ᠶᠢ ᠪᠠᠬᠢᠵᠢᠭᠦᠯᠦᠨ᠂ ᠵᠡᠭᠡᠯᠢ ᠭᠤᠳᠤᠮᠵᠢ ᠶᠢ ᠪᠥᠲᠥᠭᠡᠨ ᠪᠠᠶᠢᠭᠤᠯᠬᠤ ᠦᠨᠳᠦᠰᠦᠲᠡᠨ ᠤ ᠪᠦᠯᠬᠦᠮᠳᠡᠯ ᠤᠨ

ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃

 
ᠢᠷᠡᠯᠲᠡ᠄ ᠰᠢᠭᠤᠶᠢᠲᠤ ᠵᠡᠭᠡᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号