ᠬᠤᠲᠠ ᠶᠢᠨ ᠠᠷᠠᠳ ᠲᠤ ᠴᠠᠭ ᠲᠤᠬᠠᠶ ᠳᠤᠨᠢ ᠮᠡᠳᠡᠭᠦᠯᠬᠦ︕ ᠡᠷᠬᠡ ᠰᠦᠷ︕ ᠰᠢᠨ᠎ᠡ ᠶᠢ ᠡᠭᠦᠳᠬᠦ︕ ᠨᠢᠭᠡ ᠵᠢᠯ ᠤᠨ 16 ᠲᠠᠯᠠᠪᠤᠷ ᠰᠣᠨᠢᠨ ᠮᠡᠳᠡᠭᠡ ᠨᠡᠶᠢᠲᠡᠯᠡᠬᠦ ᠬᠤᠷᠠᠯ ᠨᠢ ᠰᠢᠭᠤᠶᠢᠲᠤ ᠣᠷᠣᠨ ᠤ ᠰᠢᠨ᠎ᠡ ᠬᠥᠭᠵᠢᠯᠲᠡ ᠶᠢᠨ ᠰᠢᠨ᠎ᠡ ᠳᠦᠷᠰᠦ ᠪᠠᠶᠢᠳᠠᠯ ᠢ ᠭᠡᠷᠡᠴᠢᠯᠡᠪᠡ
ᠨᠡᠶᠢᠲᠡᠯᠡᠭᠰᠡᠨ ᠴᠠᠭ᠄
2021/4/1
       2020 ᠣᠨ ᠳᠤ᠂ ᠰᠢᠭᠤᠶᠢᠲᠤ ᠣᠷᠣᠨ ᠤ ᠰᠣᠨᠢᠨ ᠮᠡᠳᠡᠭᠡ ᠨᠡᠶᠢᠲᠡᠯᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ 《 ᠰᠠᠶᠢᠨ ᠳᠠᠭᠤᠨ 》 ᠲᠠᠰᠤᠷᠠᠯᠳᠠ ᠦᠭᠡᠢ ᠳᠠᠭᠤᠷᠢᠰᠪᠠ᠃        ᠡᠨᠡ ᠨᠢᠭᠡ ᠵᠢᠯ ᠳᠤ᠂ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠡᠯ᠎ᠡ ᠲᠠᠯ᠎ᠠ ᠶᠢᠨ ᠬᠦᠴᠦᠨ ᠢ ᠢᠳᠡᠪᠬᠢᠲᠡᠢ ᠲᠠᠶᠢᠴᠢᠯᠠᠵᠥ᠂ ᠰᠣᠨᠢᠨ ᠮᠡᠳᠡᠭᠡ ᠨᠡᠶᠢᠲᠡᠯᠡᠬᠦ ᠬᠡᠯᠪᠡᠷᠢ ᠶᠢᠨ ᠰᠢᠨ᠎ᠡ ᠶᠢ ᠡᠭᠦᠳᠴᠦ᠂ ᠰᠣᠨᠢᠨ ᠮᠡᠳᠡᠭᠡ ᠨᠡᠶᠢᠲᠡᠯᠡᠬᠦ ᠬᠤᠷᠠᠯ ᠢ ᠠᠰᠢᠭᠯᠠᠨ ᠡᠷᠬᠡ ᠰᠦᠷᠲᠦ ᠳᠠᠭᠤᠨ ᠢ ᠨᠢᠭᠡᠳᠦᠯᠲᠡᠢ ᠲᠥᠯᠥᠪᠵᠢᠭᠦᠯᠵᠦ᠂ ᠨᠡᠶᠢᠭᠡᠮ ᠨᠡᠶᠢᠲᠡ ᠶᠢᠨ ᠬᠠᠯᠠᠮᠵᠢᠯᠠᠨ ᠠᠩᠬᠠᠷᠴᠤ ᠪᠠᠶᠢᠭ᠎ᠠ ᠭᠤᠣᠯᠳᠠᠯᠭ᠎ᠠ ᠲᠠᠢ᠂ ᠬᠠᠯᠠᠮᠰᠢᠯ ᠠᠵᠢᠯ ᠢ ᠴᠠᠭ ᠲᠤᠬᠠᠢ ᠳᠤᠨᠢ ᠨᠡᠶᠢᠲᠡᠯᠡᠵᠦ᠂ ᠰᠢᠭᠤᠶᠢᠲᠤ ᠣᠷᠣᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ 《 ᠰᠠᠶᠢᠨ ᠰᠣᠨᠢᠨ ᠮᠡᠳᠡᠭᠡ 》᠂ 《 ᠰᠠᠶᠢᠨ ᠦᠯᠢᠭᠡᠷ 》 ᠢ ᠪᠠᠶᠢᠩᠭᠤ ᠳᠠᠮᠵᠢᠭᠤᠯᠪᠠ᠃ ᠪᠦᠷᠢᠳᠬᠡᠯ ᠢ ᠦᠨᠳᠦᠰᠦᠯᠡᠪᠡᠯ᠂ 2020 ᠣᠨ ᠳᠤ ᠪᠥᠬᠦ ᠣᠷᠣᠨ ᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠢ ᠨᠡᠶᠢᠲᠡ 16 ᠲᠠᠯᠠᠪᠤᠷ᠂ 24 ᠭᠠᠵᠠᠷ ᠣᠷᠣᠨ᠂ ᠰᠠᠯᠠᠭ᠎ᠠ ᠮᠥᠴᠢᠷ ᠨᠢᠭᠡᠴᠡ ᠵᠢᠴᠢ ᠬᠦᠷᠢᠶᠡᠯᠡᠩ ᠲᠣᠭᠤᠷᠢᠭ᠂ ᠦᠵᠡᠮᠵᠢ ᠶᠢᠨ ᠣᠷᠣᠨ᠂ ᠠᠵᠤ ᠠᠬᠤᠶᠢᠯᠠᠯ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠪᠠ ᠨᠡᠶᠢᠭᠡᠮ ᠤᠨ ᠬᠠᠯᠠᠮᠰᠢᠯ ᠠᠰᠠᠭᠤᠳᠠᠯ ᠳᠤ ᠴᠠᠭ ᠲᠤᠬᠠᠶ  ᠳᠤᠨᠢ ᠬᠠᠷᠢᠭᠤᠯᠲᠠ ᠥᠭᠪᠡ᠃

       2020 ᠣᠨ ᠳᠤ᠂ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠥᠬᠦ ᠣᠷᠣᠨ ᠤ ᠰᠣᠨᠢᠨ

ᠮᠡᠳᠡᠭᠡ ᠨᠡᠶᠢᠲᠡᠯᠡᠬᠦ ᠠᠵᠢᠯ ᠢ ᠣᠷᠣᠨ ᠤ ᠨᠠᠮ ᠤᠨ ᠬᠤᠷᠢᠶ᠎ᠠ᠂ ᠣᠷᠣᠨ ᠤ ᠵᠠᠰᠠᠭ ᠤᠨ ᠣᠷᠳᠣᠨ ᠤ ᠠᠵᠢᠯ ᠤᠨ

ᠶᠡᠭᠡ ᠲᠠᠯ᠎ᠠ ᠳᠤ ᠠᠭᠤᠰᠤᠯᠴᠠᠭᠤᠯᠵᠤ᠂ ᠪᠥᠬᠦ ᠣᠷᠣᠨ ᠤ ᠭᠤᠤᠯ ᠠᠵᠢᠯ ᠤᠨ ᠶᠡᠭᠡ ᠬᠠᠨᠳᠤᠰᠢ ᠶᠢᠨ ᠳᠤᠮᠳᠠ

ᠵᠥᠪᠯᠡᠬᠦ ᠵᠦᠶᠯ ᠤᠨ ᠪᠠᠶᠢᠷᠢᠯᠠᠭᠤᠯᠤᠯᠲᠠ ᠶᠢ ᠰᠠᠶᠢᠲᠤᠷ ᠠᠳᠬᠤᠵᠤ᠂ ᠰᠣᠨᠢᠨ ᠮᠡᠳᠡᠭᠡ ᠨᠡᠶᠢᠲᠡᠯᠡᠬᠦ ᠰᠡᠳᠦᠪ

ᠰᠣᠩᠭᠤᠬᠤ ᠵᠥᠪᠳᠡᠯᠴᠡᠭᠡ ᠶᠢ ᠲᠦᠷᠦᠭᠦᠯᠡᠨ 20 ᠤᠳᠠᠭ᠎ᠠ ᠥᠷᠨᠢᠭᠦᠯᠵᠦ᠂ ᠴᠢᠬᠤᠯᠠ ᠠᠵᠢᠯ᠂ ᠴᠢᠬᠤᠯᠠ ᠶᠡᠭᠡ

ᠠᠵᠢᠯᠯᠠᠭ᠎ᠠ᠂ ᠠᠷᠠᠳ ᠤᠨ ᠠᠮᠢᠳᠤᠷᠠᠯ ᠤᠨ ᠬᠠᠯᠠᠮᠰᠢᠯ ᠴᠡᠭ ᠵᠡᠷᠭᠡ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ

᠂ 《 ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ 》᠂ 《

ᠪᠥᠬᠦ ᠣᠷᠣᠨ ᠪᠦᠰᠡ ᠶᠢᠨ ᠵᠢᠭᠤᠯᠴᠢᠯᠠᠯ ᠵᠢᠴᠢ ᠭᠤᠤᠯᠳᠠᠯᠭ᠎ᠠ ᠲᠠᠢ ᠰᠣᠶᠣᠯ ᠤᠨ ᠠᠵᠢᠯ ᠤᠨ ᠪᠠᠶᠢᠳᠠᠯ 》᠂ 《

〈 ᠠᠰᠠᠷᠠᠭᠴᠢ ᠮᠠᠶ᠋ᠢᠭ 〉 ᠤᠨ ᠦᠶᠯᠡᠴᠢᠯᠡᠭᠡ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ

ᠪᠠᠶᠢᠳᠠᠯ 》᠂ 《 ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ

ᠤᠯᠬᠤ 》 ᠵᠡᠷᠭᠡ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠢ ᠰᠡᠳᠦᠵᠦ᠃

       2020 ᠣᠨ ᠤ 7 ᠰᠠᠷ᠎ᠠ ᠶᠢᠨ 2 ᠤᠨ ᠡᠳᠦᠷ᠂ ᠰᠢᠨ᠎ᠡ ᠲᠣᠭᠤᠷᠢᠭ ᠤᠨ ᠠᠷᠠᠳ ᠤᠨ ᠠᠮᠢᠳᠤᠷᠠᠯ ᠢ

ᠪᠠᠲᠤᠯᠠᠨ ᠰᠠᠶᠢᠵᠢᠷᠠᠭᠤᠯᠬᠤ ᠪᠠ ᠡᠯ᠎ᠡ ᠵᠦᠶᠯ ᠤᠨ ᠠᠵᠢᠯ ᠦᠶᠯᠡᠰ ᠤᠨ ᠲᠠᠰ ᠳᠡᠪᠰᠢᠬᠦ ᠠᠵᠢᠯ ᠤᠨ ᠪᠠᠶᠢᠳᠠᠯ ᠢ

ᠨᠡᠶᠢᠲᠡᠯᠡᠪᠡ; 2020 ᠣᠨ ᠤ 11 ᠰᠠᠷ᠎ᠠ ᠶᠢᠨ 11 ᠤ ᠡᠳᠦᠷ᠂ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ

ᠣᠷᠣᠨ ᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠ ᠡᠯ᠎ᠡ ᠵᠦᠶᠯ ᠤᠨ ᠠᠵᠢᠯ ᠦᠶᠯᠡᠰ ᠢ ᠲᠠᠰ

ᠳᠡᠪᠰᠢᠭᠦᠯᠬᠦ ᠠᠵᠢᠯ ᠤᠨ ᠪᠠᠶᠢᠳᠠᠯ ᠢ ᠨᠡᠶᠢᠲᠡᠯᠡᠪᠡ; 2020 ᠣᠨ ᠤ 12 ᠰᠠᠷ᠎ᠠ ᠶᠢᠨ 2 ᠤᠨ ᠡᠳᠦᠷ᠂ ᠳ᠋ᠠᠳᠧ

ᠾᠧᠩ ᠵᠡᠭᠡᠯᠢ ᠭᠤᠳᠤᠮᠵᠢ ᠶᠢᠨ ᠭᠤᠤᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠢ ᠨᠡᠶᠢᠲᠡᠯᠡᠪᠡ᠃

 
ᠢᠷᠡᠯᠲᠡ᠄ ᠪᠠᠭ᠋ᠠᠷᠠᠯᠲᠤ ᠰᠢᠭᠤᠶᠢᠲᠤ ᠣᠷᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号