ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠡᠪᠯᠡᠯ ᠤᠨ ᠡᠭᠦᠷ ᠨᠠᠮ ᠤᠨ ᠲᠡᠦᠬᠡ ᠶᠢᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/14
       4 ᠰᠠᠷ᠎ᠠ ᠶᠢᠨ 2᠎ ᠤᠨ ᠡᠳᠦᠷ᠂ ᠰᠢᠭᠤᠶᠢᠲᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠡᠪᠯᠡᠯ ᠤᠨ ᠡᠭᠦᠷ ᠠᠴᠠ ᠪᠦᠬᠦ ᠡᠪᠯᠡᠯ ᠤᠨ ᠭᠡᠰᠢᠭᠦᠳ ᠢ ᠵᠣᠬᠢᠶᠠᠨ ᠪᠠᠶᠢᠭᠤᠯᠵᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠲᠤᠰᠬᠠᠢ ᠰᠡᠳᠦᠪᠲᠦ ᠲᠠᠶᠢᠯᠤᠮᠵᠢ ᠶᠢᠨ ᠵᠢᠷᠭᠤᠳᠤᠭᠠᠷ ᠲᠠᠶᠢᠯᠤᠮᠵᠢ 《 ᠨᠠᠮ ᠤᠨ ᠪᠦᠬᠦ ᠤᠯᠤᠰ ᠤᠨ ᠵᠠᠰᠠᠭ ᠤᠨ ᠡᠷᠬᠡ ᠶᠢ ᠪᠤᠯᠢᠶᠠᠨ ᠠᠪᠤᠭᠰᠠᠨ ᠲᠡᠦᠬᠡᠨ ᠲᠤᠷᠰᠢᠯᠭ᠎ᠠ 》᠎ ᠶᠢ ᠲᠥᠪᠯᠡᠷᠡᠭᠦᠯᠦᠨ ᠰᠤᠷᠤᠯᠴᠠᠪᠠ᠃ ᠬᠤᠷᠠᠯ ᠳᠡᠭᠡᠷ᠎ᠡ᠂ ᠣᠯᠠᠨ ᠢᠶᠠᠷ ᠢᠶᠠᠨ ᠨᠠᠮ ᠤᠨ ᠲᠡᠦᠬᠡ ᠶᠢᠨ ᠲᠤᠰᠬᠠᠶ ᠰᠡᠳᠦᠪᠲᠦ ᠲᠠᠶᠢᠯᠤᠮᠵᠢ ᠶᠢ ᠨᠠᠷᠢᠨ ᠬᠢᠨᠠᠮᠠᠭᠠᠶ ᠦᠵᠡᠵᠦ᠂ ᠲᠠᠶᠢᠯᠤᠮᠵᠢ ᠶᠢᠨ ᠠᠭᠤᠯᠭ᠎ᠠ ᠶᠢ ᠶᠠᠷᠢᠯᠴᠠᠨ ᠳ᠋ᠦᠩᠨᠡᠪᠡ᠃

       《 ᠪᠦᠬᠦ ᠤᠯᠤᠰ ᠤᠨ ᠵᠠᠰᠠᠭ ᠤᠨ ᠡᠷᠬᠡ ᠶᠢ ᠪᠤᠯᠢᠶᠠᠨ ᠠᠪᠤᠭᠰᠠᠨ ᠨᠠᠮ ᠤᠨ ᠲᠡᠦᠬᠡᠨ ᠲᠤᠷᠰᠢᠯᠭ᠎ᠠ 》

᠎ ᠨᠢ ᠭᠤᠣᠯᠳᠠᠭᠤ ᠴᠢᠯᠥᠭᠡᠯᠡᠬᠦ ᠲᠠᠶᠢᠨ ᠤ ᠦᠶ᠎ᠡ ᠶᠢᠨ ᠲᠡᠦᠬᠡ ᠪᠠᠷ ᠭᠤᠣᠯᠳᠠᠯᠭ᠎ᠠ ᠪᠣᠯᠭᠠᠵᠤ᠂ ᠨᠠᠮ ᠠᠴᠠ ᠠᠷᠠᠳ

ᠲᠦᠮᠡᠨ ᠢ ᠤᠳᠤᠷᠢᠳᠤᠨ ᠵᠠᠰᠠᠭ ᠤᠨ ᠡᠷᠬᠡ ᠶᠢ ᠪᠤᠯᠢᠶᠠᠨ ᠠᠪᠤᠭᠰᠠᠨ ᠥᠩᠭᠡᠷᠡᠯᠲᠡ ᠶᠢ ᠶᠡᠷᠦᠩᠬᠡᠶᠢᠯᠡᠨ ᠠᠵᠢᠭᠯᠠᠪᠠ᠃

ᠴᠢᠯᠥᠭᠡᠯᠡᠬᠦ ᠲᠡᠶᠢᠠ ᠤ ᠦᠶ᠎ᠡ ᠪᠣᠯ ᠨᠠᠮ ᠤᠨ ᠲᠦᠷᠦ ᠶᠢᠨ ᠪᠤᠳᠦᠯᠭ᠎ᠠ ᠠᠷᠭ᠎ᠠ ᠪᠤᠳᠦᠯᠭ᠎ᠠ ᠶᠢ ᠬᠠᠮᠤᠭ ᠤᠨ ᠠᠮᠵᠢᠯᠲᠠ

᠎ ᠲᠠᠢ ᠬᠡᠷᠡᠭᠯᠡᠭᠰᠡᠨ ᠦᠶ᠎ᠡ ᠮᠥᠨ᠂ ᠨᠠᠮ ᠤᠨ ᠡᠯ᠎ᠡ ᠵᠦᠢᠯ ᠤᠨ ᠴᠢᠳᠠᠪᠤᠷᠢ ᠶᠢ ᠬᠠᠮᠤᠭ ᠤᠨ ᠭᠦᠢᠴᠡᠳ

ᠢᠯᠡᠷᠡᠭᠦᠯᠦᠭᠰᠡᠨ ᠦᠶ᠎ᠡ ᠮᠥᠨ᠂ ᠪᠠᠰᠠ ᠴᠤ ᠮᠠᠨ ᠤ ᠨᠠᠮ ᠳᠤ ᠦᠯᠡᠳᠡᠭᠡᠭᠰᠡᠨ ᠲᠡᠦᠬᠡᠨ ᠲᠤᠷᠰᠢᠯᠭ᠎ᠠ ᠬᠠᠮᠤᠭ ᠤᠨ

ᠪᠠᠶᠠᠯᠢᠭ ᠴᠠᠭ ᠦᠶ᠎ᠡ ᠮᠥᠨ᠃ ᠬᠢᠴᠢᠶᠡᠯ ᠨᠢ ᠭᠤᠣᠯᠳᠠᠭᠤ ᠭᠤᠷᠪᠠᠨ ᠲᠠᠯ᠎ᠠ ᠪᠠᠷ ᠨᠠᠮ ᠤᠨ ᠠᠷᠠᠳ ᠲᠦᠮᠡᠨ ᠢ

ᠤᠳᠤᠷᠢᠳᠤᠨ ᠪᠦᠬᠦ ᠤᠯᠤᠰ ᠤᠨ ᠵᠠᠰᠠᠭ ᠤᠨ ᠡᠷᠬᠡ ᠶᠢ ᠲᠡᠮᠡᠴᠡᠨ ᠣᠯᠤᠭᠰᠠᠨ ᠭᠤᠣᠯ ᠲᠤᠷᠰᠢᠯᠭ᠎ᠠ ᠶᠢ ᠵᠠᠳᠠᠯᠪᠠ᠄

ᠨᠢᠭᠡᠳᠦᠭᠡᠷ ᠲᠤ᠂ ᠬᠦᠴᠦᠷᠬᠡᠭ ᠶᠡᠭᠡ ᠤᠯᠤᠰ ᠲᠦᠷᠦ ᠶᠢᠨ ᠤᠳᠤᠷᠢᠳᠬᠤ ᠬᠦᠴᠦᠨ ᠨᠢ ᠬᠠᠮᠤᠭ ᠤᠨ ᠥᠷᠭᠡᠨ

ᠤᠯᠠᠨ ᠠᠷᠠᠳ ᠤᠨ ᠰᠡᠳᠬᠢᠯ ᠪᠠ ᠠᠷᠠᠳ ᠤᠨ ᠬᠦᠴᠦᠨ ᠢ ᠨᠢᠭᠲᠠᠷᠠᠭᠤᠯᠪᠠ; ᠬᠤᠶᠠᠳᠤᠭᠠᠷ ᠲᠤ᠂ ᠬᠦᠴᠦᠷᠬᠡᠭ ᠶᠡᠭᠡ

ᠴᠡᠷᠢᠭ ᠤᠨ ᠶᠠᠪᠤᠳᠠᠯ ᠤᠨ ᠤᠳᠤᠷᠢᠳᠬᠤ ᠬᠦᠴᠦᠨ ᠨᠢ ᠳᠠᠶᠢᠨ ᠤ ᠪᠠᠶᠢᠳᠠᠯ ᠤᠨ ᠲᠩᠷᠢ ᠭᠠᠵᠠᠷ ᠢ ᠳᠣᠩᠰᠣᠯᠭᠠᠮ᠎ᠠ

ᠡᠷᠭᠢᠯᠲᠡ ᠶᠢ ᠪᠡᠶᠡᠯᠡᠭᠦᠯᠪᠡ; ᠭᠤᠷᠪᠠᠳᠤᠭᠠᠷ ᠲᠤ᠂ ᠬᠦᠴᠦᠷᠬᠡᠭ ᠶᠡᠭᠡ ᠲᠤᠰ ᠪᠡᠶ᠎ᠡ ᠶᠢᠨ ᠪᠠᠶᠢᠭᠤᠯᠤᠯᠲᠠ ᠶᠢᠨ

ᠬᠦᠴᠦᠨ ᠨᠢ ᠠᠯᠢᠪᠠ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠲᠤᠯᠠᠪᠠ᠃

       ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠨᠢ ᠦᠨᠳᠦᠰᠦᠨ ᠱᠠᠲᠤᠨ ᠳᠤ ᠦᠶᠯᠡᠴᠢᠯᠡᠬᠦ᠂

ᠣᠯᠠᠨ ᠲᠦᠮᠡᠨ ᠳᠤ ᠬᠠᠨᠳᠤᠭᠤᠯᠤᠭᠰᠠᠨ ᠠᠷᠠᠳ ᠤᠨ ᠠᠮᠢᠳᠤᠷᠠᠯ ᠤᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂

ᠬᠠᠮᠤᠭ ᠤᠨ ᠥᠷᠭᠡᠨ ᠣᠯᠠᠨ ᠠᠷᠠᠳ ᠤᠨ ᠰᠡᠳᠬᠢᠯ ᠪᠠ ᠠᠷᠠᠳ ᠤᠨ ᠬᠦᠴᠦᠨ ᠢ ᠬᠤᠷᠠᠮᠳᠤᠭᠤᠯᠵᠠᠶ᠂ ᠡᠶᠢᠮᠦ

᠎ ᠠᠴᠠ ᠠᠵᠢᠯᠲᠠᠳ ᠵᠠᠰᠠᠭ ᠤᠨ ᠶᠠᠪᠤᠳᠠᠯ ᠤᠨ ᠦᠶᠯᠡᠴᠢᠯᠡᠭᠡ ᠳᠡᠭᠡᠨ ᠠᠵᠢᠯ ᠤᠨ ᠣᠪᠣᠷ ᠢᠶᠠᠨ ᠲᠥᠪ ᠪᠣᠯᠭᠠᠵᠤ᠂

ᠦᠶᠯᠡᠴᠢᠯᠡᠭᠡᠨ ᠤ ᠬᠦᠴᠦᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠡᠪᠯᠡᠯ ᠤᠨ ᠭᠡᠰᠢᠭᠦᠨ ᠪᠣᠯᠤᠭᠰᠠᠨ ᠤ

ᠬᠤᠪᠢ ᠳᠤ᠂ ᠡᠳᠡᠭᠡᠷ ᠪᠦᠬᠦᠨ ᠢ ᠪᠡᠶᠡᠯᠡᠭᠦᠯᠬᠦ ᠳᠤ ᠨᠠᠮ ᠤᠨ ᠵᠢᠯᠣᠭᠤᠳᠬᠤ ᠦᠵᠡᠯ ᠰᠠᠨᠠᠭ᠎ᠠ ᠶᠢ ᠨᠡᠩ ᠰᠢᠰᠲ᠋ᠧᠮ

᠎ ᠲᠠᠢ᠂ ᠨᠡᠩ ᠭᠦᠨ ᠳᠠᠪᠬᠤᠷᠭ᠎ᠠ ᠠᠴᠠ ᠤᠢᠢᠯᠠᠭᠠᠨ ᠰᠤᠷᠤᠯᠴᠠᠬᠤ ᠬᠡᠷᠡᠭᠲᠡᠢ᠂ ᠤᠴᠢᠷ ᠨᠢ ᠨᠠᠮ ᠤᠨ ᠵᠢᠯᠣᠭᠤᠳᠬᠤ

ᠦᠵᠡᠯ ᠰᠠᠨᠠᠭ᠎ᠠ ᠪᠣᠯ ᠨᠠᠮ ᠤᠨ ᠪᠦᠬᠦ ᠠᠵᠢᠯᠯᠠᠭ᠎ᠠ ᠶᠢ ᠵᠢᠯᠣᠭᠤᠳᠬᠤ ᠤᠨᠤᠯ ᠤᠨ ᠰᠢᠰᠲ᠋ᠧᠮ ᠮᠥᠨ᠂ ᠨᠠᠮ ᠤᠨ

ᠦᠵᠡᠯ ᠰᠠᠨᠠᠭᠠᠨ ᠤ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ

ᠪᠠᠶᠢᠭᠤᠯᠤᠯᠲᠠ ᠪᠠ ᠰᠤᠷᠲᠠᠯ ᠤᠨ ᠪᠠᠶᠢᠭᠤᠯᠤᠯᠲᠠ ᠶᠢᠨ ᠤᠨᠤᠯ ᠤᠨ ᠰᠠᠭᠤᠷᠢ ᠮᠥᠨ᠃ ᠡᠭᠦᠨ ᠤ ᠬᠠᠮᠲᠤ ᠪᠠᠰᠠ

ᠪᠢᠳᠡᠨ ᠤ ᠵᠥᠪ ᠠᠮᠢᠳᠤᠷᠠᠬᠤᠢ ᠶᠢᠨ ᠦᠵᠡᠯᠲᠡ᠂ ᠶᠢᠷᠲᠢᠨᠴᠦ ᠶᠢᠨ ᠦᠵᠡᠯᠲᠡ ᠪᠠ ᠦᠷᠲᠡᠭ ᠤᠨ ᠦᠵᠡᠯᠲᠡ ᠶᠢ

ᠪᠠᠶᠢᠭᠤᠯᠵᠤ᠂ ᠨᠠᠮ ᠤᠨ ᠬᠢᠴᠢᠶᠡᠯ ᠤᠨ ᠰᠤᠷᠤᠯᠴᠠᠯᠭ᠎ᠠ ᠶᠢᠨ ᠴᠢᠯᠥᠭᠡ ᠵᠠᠪ ᠢᠶᠠᠷ ᠢᠶᠠᠨ ᠪᠢᠳᠡᠨ ᠤ ᠮᠡᠳᠡᠯᠭᠡ ᠶᠢᠨ

ᠳᠠᠪᠬᠤᠷᠭ᠎ᠠ ᠪᠠᠨ ᠥᠷᠭᠡᠳᠬᠡᠬᠦ ᠳᠤ ᠨᠡᠩ ᠠᠰᠢᠭᠲᠠᠢ ᠶᠤᠮ᠃

       ᠤᠨᠤᠯ ᠢ ᠪᠣᠳᠠᠲᠠᠢ ᠲᠠᠢ ᠤᠶᠠᠯᠳᠤᠭᠤᠯᠬᠤ ᠪᠣᠯ ᠨᠠᠮ ᠠᠴᠠ ᠪᠢᠳᠡᠨ ᠳᠤ ᠦᠯᠡᠳᠡᠭᠡᠵᠦ ᠥᠭᠭᠦᠭᠰᠡᠨ

ᠰᠢᠯᠢᠳᠡᠭ ᠤᠯᠠᠮᠵᠢᠯᠠᠯ ᠪᠠ ᠡᠷᠬᠢᠮ ᠨᠠᠨᠳᠢᠨ ᠲᠤᠷᠰᠢᠯᠭ᠎ᠠ ᠮᠥᠨ᠃ ᠥᠨᠥᠳᠦᠷ ᠪᠢᠳᠡ ᠠᠮᠵᠢᠯᠲᠠ ᠲᠠᠢ ᠲᠤᠷᠰᠢᠯᠭ᠎ᠠ

᠎ ᠶᠢ ᠰᠢᠩᠭᠡᠭᠡᠨ ᠠᠪᠴᠤ᠂ ᠢᠯᠠᠭᠳᠠᠭᠰᠠᠨ ᠰᠤᠷᠭᠠᠮᠵᠢ ᠪᠠᠨ ᠳ᠋ᠦᠩᠨᠡᠬᠦ ᠶᠢᠨ ᠲᠥᠯᠥᠭᠡ ᠨᠠᠮ ᠤᠨ ᠲᠡᠦᠬᠡ ᠶᠢ

ᠰᠤᠷᠤᠯᠴᠠᠵᠤ ᠪᠠᠶᠢᠨ᠎ᠠ᠃ ᠲᠡᠦᠬᠡ ᠪᠠᠷ ᠭᠦᠶᠴᠡᠳ ᠲᠣᠯᠢ ᠪᠣᠯᠭᠠᠵᠤ᠂ ᠠᠵᠢᠯ ᠤᠨ ᠳᠤᠮᠳᠠᠬᠢ ᠰᠢᠨ᠎ᠡ ᠠᠰᠠᠭᠤᠳᠠᠯ᠂

ᠰᠢᠨ᠎ᠡ ᠵᠥᠷᠢᠴᠡᠯ ᠢ ᠰᠠᠶᠢᠲᠤᠷ ᠰᠢᠶᠳᠪᠦᠷᠢᠯᠡᠬᠦ ᠬᠡᠷᠡᠭᠲᠡᠶ᠃ ᠨᠠᠮ ᠤᠨ ᠲᠡᠦᠬᠡ ᠶᠢ ᠰᠠᠶᠢᠲᠤᠷ ᠰᠤᠷᠤᠯᠴᠠᠵᠤ᠂

ᠥᠩᠭᠡᠷᠡᠭᠰᠡᠨ ᠢ ᠣᠶᠢᠯᠠᠭᠠᠪᠠᠯ ᠰᠠᠶ᠋ᠢ ᠥᠨᠥᠳᠦᠷ ᠢ ᠡᠵᠡᠮᠳᠡᠵᠦ᠂ ᠥᠨᠥᠳᠦᠷ ᠢ ᠡᠵᠡᠮᠳᠡᠪᠡᠯ ᠰᠠᠶ᠋ᠢ ᠢᠷᠡᠭᠡᠳᠦᠢ ᠶᠢ

ᠡᠭᠦᠳᠴᠦ ᠴᠢᠳᠠᠨ᠎ᠠ᠃ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠲᠡᠦᠬᠡ ᠶᠢᠨ ᠪᠤᠤᠬᠢᠶ᠎ᠠ ᠮᠣᠳᠣ ᠶᠢ ᠭᠠᠷᠳᠠᠨ

ᠠᠪᠴᠤ᠂ ᠮᠠᠨ ᠤ ᠡᠨᠡ ᠦᠶ᠎ᠡ ᠶᠢᠨ ᠬᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠲᠡᠦᠬᠡᠲᠦ

ᠡᠭᠦᠷᠭᠡ ᠶᠢ ᠰᠠᠶᠢᠲᠤᠷ ᠬᠢᠵᠦ᠂ ᠨᠠᠮ ᠤᠨ ᠢᠯᠠᠯᠲᠠ ᠶᠢᠨ ᠦᠷ᠎ᠡ ᠪᠦᠲᠦᠭᠡᠯ ᠢ ᠲᠠᠰᠤᠷᠠᠯᠳᠠ ᠦᠭᠡᠢ ᠪᠠᠲᠤᠯᠠᠨ

ᠪᠠᠳᠠᠷᠠᠭᠤᠯᠬᠤ ᠬᠡᠷᠡᠭᠲᠡᠢ᠃

 
ᠢᠷᠡᠯᠲᠡ᠄ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号