ᠰᠢᠭᠤᠶᠢᠲᠤ ᠵᠡᠭᠡᠯᠢ ᠭᠤᠳᠤᠮᠵᠢ ᠶᠢᠨ ᠲᠤᠰᠬᠠᠶ ᠰᠡᠳᠦᠪᠲᠦ ᠰᠤᠷᠤᠯᠴᠠᠯᠭ᠎ᠠ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠲᠤᠬᠠᠶ 》
ᠨᠡᠶᠢᠲᠡᠯᠡᠭᠰᠡᠨ ᠴᠠᠭ᠄
2021/4/15
       ᠣᠶᠢᠷ᠎ᠠ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠪᠥᠬᠦ ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠤ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠲᠤᠬᠠᠶ 》 ᠭᠡᠬᠦ ᠨᠣᠮ ᠢ ᠲᠥᠪᠯᠡᠷᠡᠭᠦᠯᠦᠨ ᠥᠪᠡᠷ ᠎ ᠢᠶᠠᠨ ᠰᠤᠷᠤᠯᠴᠠᠭᠤᠯᠪᠠ᠃ ᠡᠨᠡ ᠤᠳᠠᠭ᠎ᠠ ᠶᠢᠨ ᠰᠤᠷᠤᠯᠴᠠᠯᠭ᠎ᠠ ᠳᠤ ᠭᠤᠣᠯᠳᠠᠭᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠲᠣᠭᠤᠷᠢᠨ ᠳᠤ ᠨᠡᠶᠢᠲᠡᠯᠡᠭᠰᠡᠨ ᠠᠯᠢ ᠤᠯᠠᠨ ᠴᠢᠬᠤᠯᠠ ᠥᠭᠦᠯᠡᠯᠲᠡ ᠶᠢ ᠰᠤᠷᠤᠯᠴᠠᠵᠤ᠂ ᠮᠠᠨ ᠤ ᠨᠠᠮ ᠎ ᠤᠨ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠥᠬᠦᠷᠡᠰᠢ ᠦᠭᠡᠢ ᠲᠡᠮᠡᠴᠡᠭᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠰᠢᠰᠲ᠋ᠧᠮ ᠲᠠᠢ ᠡᠷᠭᠢᠴᠡᠭᠦᠯᠵᠦ᠂ ᠨᠠᠮ ᠤᠨ ᠡᠯ᠎ᠡ ᠲᠡᠦᠬᠡᠨ ᠴᠠᠭ ᠦᠶ᠎ᠡ ᠎ ᠳᠤ ᠡᠭᠦᠳᠦᠭᠰᠡᠨ ᠤᠨᠤᠯ ᠤᠨ ᠦᠷ᠎ᠡ ᠪᠦᠲᠦᠭᠡᠯ᠂ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ᠂ ᠴᠣᠭᠴᠠᠯᠠᠭᠰᠠᠨ ᠠᠭᠤᠤ ᠶᠡᠭᠡ ᠵᠣᠷᠢᠭ ᠰᠠᠨᠠᠭ᠎ᠠ ᠶᠢ ᠭᠦᠨᠵᠡᠭᠡᠢ ᠳ᠋ᠦᠩᠨᠡᠪᠡ᠃ ᠡᠳᠡᠭᠡᠷ ᠴᠢᠬᠤᠯᠠ ᠥᠭᠦᠯᠡᠯᠲᠡ ᠨᠢ ᠤᠳᠬ᠎ᠠ ᠰᠠᠨᠠᠭ᠎ᠠ ᠭᠦᠨ᠂ ᠠᠭᠤᠯᠤᠭᠳᠠᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠭᠦᠨ ᠭᠦᠨᠵᠡᠭᠡᠢ ᠪᠠᠶᠢᠵᠤ᠂ ᠨᠠᠮ ᠎ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠵᠦ᠂ ᠲᠡᠦᠬᠡ ᠶᠢᠨ ᠲᠤᠷᠰᠢᠯᠭ᠎ᠠ ᠶᠢ ᠨᠡᠩ ᠰᠠᠶᠢᠨ ᠳ᠋ᠦᠩᠨᠡᠵᠦ᠂ ᠲᠡᠦᠬᠡ ᠶᠢᠨ ᠵᠢᠮ᠎ᠡ ᠶᠣᠰᠣ ᠶᠢ ᠲᠠᠨᠢᠵᠤ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠰᠢᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠤᠯᠬᠤ ᠳᠤ ᠴᠢᠬᠤᠯᠠ ᠶᠡᠭᠡ ᠵᠢᠯᠣᠭᠤᠳᠬᠤ ᠠᠴᠢ ᠬᠤᠯᠪᠣᠭᠳᠠᠯ ᠲᠠᠢ ᠶᠤᠮ᠃

       ᠣᠯᠠᠨ ᠢᠶᠠᠷ ᠢᠶᠠᠨ᠂ ᠲᠡᠦᠬᠡ ᠪᠣᠯ ᠬᠠᠮᠤᠭ ᠤᠨ ᠰᠠᠶᠢᠨ ᠰᠤᠷᠬᠤ ᠪᠢᠴᠢᠭ ᠮᠥᠨ᠂ ᠲᠡᠦᠬᠡ ᠪᠣᠯ ᠬᠠᠮᠤᠭ

᠎ ᠤᠨ ᠰᠠᠶᠢᠨ ᠪᠠᠭᠰᠢ ᠮᠥᠨ᠂ ᠨᠠᠮ ᠤᠨ ᠲᠥᠪ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ ᠭᠦᠨᠵᠡᠭᠡᠶ

ᠲᠤᠭᠤᠰᠢᠯᠠᠭᠤᠯᠵᠤ᠂ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠲᠤᠬᠠᠶ ᠥᠭᠦᠯᠡᠬᠦ ᠨᠢ 》

ᠪᠣᠯ ᠮᠠᠨ ᠤ ᠺᠠᠳ᠋ᠷ ᠠᠵᠢᠯᠲᠠᠨ ᠠᠵᠢᠯᠴᠢᠨ ᠨᠢᠭᠡᠪᠦᠷᠢ ᠶᠢᠨ ᠵᠠᠪᠠᠯ ᠰᠤᠷᠬᠤ ᠬᠢᠴᠢᠶᠡᠯ ᠮᠥᠨ᠂ ᠪᠢᠳᠡ ᠰᠤᠷᠤᠯᠴᠠᠬᠤ

᠎ ᠪᠠᠷ ᠳᠡᠮᠵᠢᠨ ᠲᠡᠦᠬᠡ ᠰᠤᠷᠤᠯᠴᠠᠵᠤ ᠶᠣᠰᠣ ᠤᠴᠢᠷ ᠢ ᠮᠡᠳᠡᠬᠦ᠂ ᠲᠡᠦᠬᠡ ᠰᠤᠷᠤᠯᠴᠠᠵᠤ ᠢᠲᠡᠭᠡᠯ ᠵᠣᠷᠢᠭ ᠢᠶᠠᠨ

ᠨᠡᠮᠡᠭᠳᠡᠭᠦᠯᠬᠦ᠂ ᠲᠡᠦᠬᠡ ᠰᠤᠷᠤᠯᠴᠠᠵᠤ ᠶᠣᠰᠣ ᠮᠣᠷᠠᠯ ᠢ ᠡᠷᠬᠢᠮᠯᠡᠬᠦ᠂ ᠲᠡᠦᠬᠡ ᠰᠤᠷᠤᠯᠴᠠᠵᠤ ᠬᠦᠴᠦᠯᠡᠨ ᠬᠢᠬᠦ ᠶᠢ

ᠪᠡᠶᠡᠯᠡᠭᠦᠯᠵᠦ᠂ 《 ᠳᠥᠷᠪᠡᠨ ᠤᠬᠠᠮᠰᠠᠷ 》᠎ ᠢᠶᠠᠨ ᠲᠠᠰᠤᠷᠠᠯᠲᠠ ᠥᠬᠡᠶ ᠴᠢᠩᠭᠠᠳᠬᠠᠵᠤ᠂ 《 ᠳᠥᠷᠪᠡᠨ ᠢᠲᠡᠭᠡᠯ

》᠎ ᠢᠶᠠᠨ ᠪᠠᠲᠤᠳᠬᠠᠵᠤ᠂ 《 ᠬᠤᠶᠠᠷ ᠢ ᠬᠠᠮᠠᠭᠠᠯᠠᠬᠤ 》᠎ ᠶᠢ ᠪᠡᠶᠡᠯᠡᠭᠦᠯᠵᠦ᠂ ᠨᠠᠮ ᠢᠶᠠᠨ ᠳᠠᠭᠠᠵᠤ᠂ ᠨᠠᠮ ᠤᠨ

ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠬᠤ ᠬᠡᠷᠡᠭᠲᠡᠶ ᠭᠡᠵᠦ ᠢᠯᠡᠳᠬᠡᠵᠡᠭᠡᠪᠡ᠃ ᠤᠯᠤᠰ ᠲᠥᠷᠥ ᠶᠢᠨ

ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ

ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠲᠠᠢ ᠪᠠᠨ ᠵᠣᠬᠢᠴᠠᠭᠰᠠᠨ ᠤᠯᠤᠰ

ᠲᠥᠷᠥ ᠶᠢᠨ ᠴᠢᠳᠠᠪᠤᠷᠢ᠂ ᠠᠵᠢᠯ ᠤᠨ ᠲᠦᠪᠰᠢᠨ᠂ ᠲᠡᠮᠡᠴᠡᠯ ᠤᠨ ᠴᠢᠳᠠᠪᠤᠷᠢ ᠪᠠᠨ ᠪᠥᠬᠦ ᠲᠠᠯ᠎ᠠ ᠪᠠᠷ

ᠳᠡᠭᠡᠭᠰᠢᠯᠡᠭᠦᠯᠵᠦ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ

ᠬᠡᠷᠡᠭᠲᠡᠶ᠃

 
ᠢᠷᠡᠯᠲᠡ᠄ ᠰᠢᠭᠤᠶᠢᠲᠤ ᠵᠡᠭᠡᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号