ᠰᠢᠭᠤᠶᠢᠲᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠰᠡᠷᠡᠮᠵᠢᠯᠡᠭᠦᠯᠬᠦ ᠬᠥᠮᠦᠵᠢᠯ ᠎ ᠤᠨ ᠬᠡᠷᠡᠭ ᠤᠨ ᠵᠢᠱᠢᠶ᠎ᠡ ᠶᠢ ᠮᠡᠳᠡᠭᠳᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/15
       ᠰᠠᠬᠢᠯᠭ᠎ᠠ ᠪᠠᠲᠤ ᠶᠣᠰᠣ ᠲᠦᠷᠢᠮ ᠢ ᠤᠯᠠᠮ ᠨᠢᠭᠡ ᠠᠯᠬᠤᠮ ᠴᠢᠩᠳᠠᠯᠠᠵᠤ᠂ ᠨᠡᠶᠢᠲᠡᠯᠢᠭ ᠬᠡᠷᠡᠭ ᠢ ᠵᠠᠷᠯᠠᠨ ᠮᠡᠳᠡᠭᠳᠡᠬᠦ ᠶᠢᠨ ᠰᠡᠷᠡᠮᠵᠢᠯᠡᠭᠦᠯᠬᠦ ᠬᠥᠮᠦᠵᠢᠯ ᠢ ᠭᠦᠶᠴᠡᠳ ᠪᠠᠳᠠᠷᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠰᠤᠷᠭᠠᠨ ᠬᠥᠮᠦᠵᠢᠭᠦᠯᠵᠦ ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠬᠤ ᠶᠢᠨ ᠲᠥᠯᠥᠭᠡ᠂ ᠮᠠᠨ ᠤ ᠲᠣᠪᠴᠢᠶ᠎ᠠ 4 ᠰᠠᠷ᠎ᠠ ᠶᠢᠨ 2᠎ ᠤᠨ ᠡᠳᠦᠷ ᠰᠡᠷᠡᠮᠵᠢᠯᠡᠭᠦᠯᠬᠦ ᠬᠥᠮᠦᠵᠢᠯ ᠤᠨ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠬᠦ ᠬᠤᠷᠠᠯ ᠬᠤᠷᠠᠯᠳᠤᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠤᠨ ᠡᠷᠬᠢᠯᠡᠭᠴᠢ ᠠᠴᠠ ᠰᠢᠭᠤᠶᠢᠲᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠯᠪᠠᠨ ᠬᠡᠷ ᠤᠨ ᠪᠠᠭᠤᠯᠭᠠᠭᠰᠠᠨ 《 ᠠᠷᠢᠬᠢ ᠤᠤᠭᠤᠵᠤ ᠲᠡᠷᠭᠡ ᠵᠢᠯᠣᠭᠤᠳᠤᠭᠰᠠᠨ ᠪᠠ ᠰᠣᠭᠲᠣᠭᠤ ᠪᠠᠷ ᠲᠡᠷᠭᠡ ᠵᠢᠯᠣᠭᠤᠳᠤᠭᠰᠠᠨ 4 ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠬᠦ ᠲᠤᠬᠠᠶ 2021 ᠳ᠋ᠦ᠋ᠭᠡᠷ ᠬᠤᠭᠤᠴᠠᠭᠠᠨ ᠤ 1 ᠳ᠋ᠦ᠋ᠭᠡᠷ ᠬᠤᠭᠤᠴᠠᠭᠠᠨ ᠤ ᠮᠡᠳᠡᠭᠳᠡᠯ ᠢ ᠵᠠᠷᠯᠠᠨ ᠮᠡᠳᠡᠭᠳᠡᠪᠡ᠃

       ᠬᠤᠷᠠᠯ ᠳᠡᠭᠡᠷ᠎ᠡ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢᠬᠤᠯᠠᠴᠢᠯᠠᠭᠰᠠᠨ ᠨᠢ᠂ ᠨᠢᠭᠡ ᠳᠤ

ᠪᠥᠬᠦ ᠨᠠᠮ ᠤᠨ ᠭᠡᠰᠢᠭᠦᠨ ᠺᠠᠳ᠋ᠷᠴᠤᠳ ᠰᠣᠭᠲᠣᠭᠤ ᠪᠠᠷ ᠲᠡᠷᠭᠡ ᠵᠢᠯᠣᠭᠤᠳᠬᠤ ᠰᠣᠭᠲᠣᠭᠤ ᠪᠠᠷ ᠲᠡᠷᠭᠡ

ᠵᠢᠯᠣᠭᠤᠳᠬᠤ ᠶᠢᠨ ᠬᠤᠤᠷ ᠬᠥᠨᠥᠭᠡᠯ ᠢ ᠭᠦᠨᠵᠡᠭᠡᠶ ᠲᠠᠨᠢᠵᠤ᠂ ᠭᠤᠷᠢᠳᠠᠬᠤ ᠪᠣᠳᠣᠯ ᠢᠶᠠᠨ ᠤᠬᠠᠮᠰᠠᠷ ᠠᠴᠠ ᠪᠠᠨ

ᠲᠡᠪᠴᠢᠵᠦ᠂ ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ 《

ᠲᠡᠷᠭᠡ ᠵᠢᠯᠣᠭᠤᠳᠪᠠᠯ ᠠᠷᠢᠬᠢ ᠤᠤᠭᠤᠬᠤ ᠥᠬᠡᠶ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠬᠤ ᠥᠬᠡᠶ

》 ᠭᠡᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠬᠤᠷᠢᠭ᠎ᠠ ᠱᠤᠭᠤᠮ ᠢ ᠪᠠᠲᠤ ᠰᠠᠬᠢᠵᠤ᠂ ᠤᠯᠠᠭᠠᠨ ᠱᠤᠭᠤᠮ

᠎ ᠳᠤ ᠬᠠᠯᠳᠠᠬᠤ ᠥᠬᠡᠶ ᠪᠠᠶᠢᠵᠤ᠂ ᠡᠭᠦᠨ ᠢᠶᠠᠷ ᠴᠡᠭᠡᠷᠯᠡᠯ ᠪᠣᠯᠭᠠᠵᠤ᠂ ᠵᠠᠷᠯᠠᠯ ᠳᠠᠬᠢ ᠨᠠᠮ ᠤᠨ ᠭᠡᠰᠢᠭᠦᠨ ᠺᠠᠳ᠋ᠷᠴᠤᠳ

᠎ ᠠᠴᠠ ᠭᠦᠨᠵᠡᠭᠡᠶ ᠰᠤᠷᠭᠠᠮᠵᠢ ᠠᠪᠴᠤ᠂ ᠠᠮᠤᠷ ᠲᠦᠪᠰᠢᠨ ᠪᠣᠯᠪᠠᠰᠤᠨ ᠢᠶᠠᠷ ᠲᠡᠷᠭᠡ ᠵᠢᠯᠣᠭᠤᠳᠬᠤ ᠶᠢ ᠦᠨᠡᠨ ᠬᠦ

ᠪᠡᠶᠡᠯᠡᠭᠦᠯᠬᠦ ᠬᠡᠷᠡᠭᠲᠡᠶ᠃ ᠬᠤᠶᠠᠷ ᠲᠤ᠂ ᠲᠦᠷᠦᠭᠦᠯᠡᠨ ᠥᠪᠡᠷ ᠢ ᠪᠠᠨ ᠰᠠᠶᠢᠲᠤᠷ ᠬᠠᠮᠢᠶᠠᠷᠴᠤ᠂ ᠲᠦᠷᠦᠭᠦᠯᠡᠨ

ᠳᠡᠷᠭᠡᠳᠡᠬᠢ ᠬᠥᠮᠦᠰ ᠢᠶᠠᠨ ᠨᠥᠯᠥᠭᠡᠯᠡᠵᠦ᠂ ᠲᠦᠷᠦᠭᠦᠯᠡᠨ ᠥᠪᠡᠷ ᠤᠨ ᠭᠡᠷ ᠤᠨ ᠬᠥᠮᠦᠰ ᠢᠶᠠᠨ ᠰᠠᠶᠢᠲᠤᠷ

ᠬᠠᠮᠢᠶᠠᠷᠴᠤ᠂ ᠬᠤᠪᠢ ᠪᠡᠶ᠎ᠡ ᠳᠡᠭᠡᠨ ᠬᠠᠷᠢᠭᠤᠴᠠᠬᠤ᠂ ᠵᠣᠬᠢᠶᠠᠨ ᠪᠠᠶᠢᠭᠤᠯᠤᠯᠲᠠ ᠳᠤ ᠬᠠᠷᠢᠭᠤᠴᠠᠬᠤ᠂ ᠭᠡᠷ ᠤᠨ

ᠬᠥᠮᠦᠰ ᠲᠡᠭᠡᠨ ᠬᠠᠷᠢᠭᠤᠴᠠᠬᠤ ᠡᠭᠦᠳᠡᠨ ᠠᠴᠠ ᠲᠦᠷᠦ ᠶᠢᠨ ᠠᠯᠪᠠᠨ ᠲᠤᠰᠢᠶᠠᠯᠲᠠᠨ ᠤ ᠰᠠᠶᠢᠨ ᠰᠠᠶᠢᠬᠠᠨ ᠲᠦᠷᠢ

ᠲᠥᠷᠬᠦ ᠶᠢ ᠦᠨᠡᠨ ᠬᠦ ᠬᠠᠮᠠᠭᠠᠯᠠᠬᠤ ᠬᠡᠷᠡᠭᠲᠡᠢ᠃ ᠭᠤᠷᠪᠠ ᠳᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠲᠤ

ᠬᠢᠬᠦ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠡᠳᠦᠷ ᠲᠣᠳᠣᠮ ᠤᠨ ᠬᠥᠮᠦᠵᠢᠯ᠂ ᠡᠳᠦᠷ ᠲᠣᠳᠣᠮ ᠤᠨ

ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠦᠷᠭᠦᠯᠵᠢ 《 ᠰᠡᠷᠡᠮᠵᠢᠯᠡᠭᠦᠯᠬᠦ ᠳ᠋ᠧᠩ 》᠎ ᠢ ᠠᠰᠠᠭᠠᠵᠤ᠂ 《

ᠪᠣᠭᠤᠮᠢᠯᠠᠬᠤ ᠲᠠᠷᠨᠢ 》᠎ ᠶᠢ ᠰᠠᠶᠢᠲᠤᠷ ᠤᠩᠰᠢᠵᠤ᠂ ᠡᠷᠲᠡᠬᠡᠨ ᠤᠷᠢᠳᠴᠢᠯᠠᠨ ᠰᠠᠨᠠᠭᠤᠯᠵᠤ᠂ ᠡᠳᠦᠷ ᠲᠣᠳᠣᠮ ᠤᠨ

ᠥᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠢᠮᠠᠭᠲᠠ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ

ᠰᠠᠬᠢᠵᠤ᠂ ᠢᠮᠠᠭᠲᠠ ᠡᠭᠦᠨ ᠢᠶᠠᠷ ᠴᠡᠭᠡᠷᠯᠡᠯ ᠪᠣᠯᠭᠠᠵᠤ᠂ ᠢᠮᠠᠭᠲᠠ ᠰᠡᠷᠡᠮᠵᠢ ᠶᠢᠨ ᠬᠤᠩᠬᠤ ᠶᠢ ᠪᠠᠶᠢᠩᠭᠤ

ᠳᠤᠤᠭᠠᠷᠭᠠᠵᠤ᠂ ᠠᠮᠤᠷ ᠲᠦᠪᠰᠢᠨ ᠪᠣᠯᠪᠠᠰᠤᠨ ᠢᠶᠠᠷ ᠵᠢᠯᠣᠭᠤᠳᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ

《 ᠴᠢᠩᠭ᠎ᠠ 》 ᠪᠠᠶᠢᠬᠤ ᠭᠤᠣᠯ ᠬᠦᠭ ᠠᠶᠠᠰ ᠢ ᠪᠠᠲᠤ ᠡᠵᠡᠮᠳᠡᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢ

ᠵᠥᠷᠢᠴᠡᠭᠰᠡᠨ ᠡᠯ᠎ᠡ ᠲᠦᠷᠦᠯ ᠤᠨ ᠠᠰᠠᠭᠤᠳᠠᠯ ᠢ ᠵᠠᠯᠬᠠᠭᠠᠨ ᠰᠢᠢᠳᠬᠡᠬᠦ ᠲᠠᠯ᠎ᠠ ᠪᠠᠷ ᠬᠦᠴᠦᠲᠡᠢ ᠳᠠᠷᠤᠯᠲᠠ

ᠦᠵᠡᠭᠦᠯᠬᠦ ᠪᠠᠶᠢᠳᠠᠯ ᠢᠶᠠᠨ ᠦᠷᠭᠦᠯᠵᠢᠯᠡᠨ ᠪᠠᠲᠤᠯᠠᠬᠤ ᠬᠡᠷᠡᠭᠲᠡᠢ᠃

 
ᠢᠷᠡᠯᠲᠡ᠄ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号