ᠬᠤᠲᠠ ᠶᠢᠨ ᠠᠷᠠᠳ ᠲᠤ ᠮᠡᠳᠡᠭᠦᠯᠬᠦ ᠨᠢ ᠣᠷᠣᠯᠭ᠎ᠠ ᠶᠢᠨ ᠰᠠᠶᠢᠵᠢᠷᠠᠯᠲᠠ ᠶᠢᠨ ᠵᠠᠷᠤᠯᠭ᠎ᠠ ᠠᠮᠵᠢᠯᠲᠠ ᠲᠠᠢ ︕ ᠡᠨᠡ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ 《 ᠳᠠᠩᠰᠠᠨ ᠳᠡᠪᠲᠡᠷ 》 ᠢ ᠴᠢᠮ᠎ᠠ ᠳᠤ ᠦᠵᠡᠭᠦᠯᠦᠶ᠎ᠡ
ᠨᠡᠶᠢᠲᠡᠯᠡᠭᠰᠡᠨ ᠴᠠᠭ᠄
2021/4/15
       3 ᠳ᠋ᠤᠭᠠᠷ ᠰᠠᠷ᠎ᠠ ᠶᠢᠨ 31 ᠤ ᠡᠳᠦᠷ᠂ ᠰᠢᠭᠤᠶᠢᠲᠤ ᠣᠷᠣᠨ ᠤ ᠡᠳ᠋ ᠤᠨ ᠵᠠᠰᠠᠭ ᠤᠨ ᠠᠵᠢᠯ ᠤᠨ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠰᠢᠭᠤᠶᠢᠲᠤ ᠣᠷᠣᠨ ᠤ ᠰᠣᠨᠢᠨ ᠮᠡᠳᠡᠭᠡ ᠨᠡᠶᠢᠲᠡᠯᠡᠬᠦ ᠲᠥᠪ ᠲᠤ ᠶᠠᠪᠤᠭᠳᠠᠪᠠ᠃

       ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠰᠣᠨᠢᠨ

ᠮᠡᠳᠡᠭᠡᠨ ᠤ ᠥᠭᠦᠯᠡᠭᠴᠢ 2020 ᠣᠨ ᠤ ᠭᠤᠤᠯ ᠪᠣᠯᠬᠤ ᠡᠳ᠋ ᠤᠨ ᠵᠠᠰᠠᠭ ᠤᠨ ᠠᠵᠢᠯ ᠢ ᠥᠷᠨᠢᠭᠦᠯᠦᠭᠰᠡᠨ

ᠪᠠᠶᠢᠳᠠᠯ ᠵᠢᠴᠢ 2021 ᠣᠨ ᠤ ᠠᠵᠢᠯ ᠤᠨ ᠭᠤᠤᠯᠳᠠᠯᠭ᠎ᠠ ᠲᠠᠢ ᠰᠣᠨᠢᠨ ᠮᠡᠳᠡᠭᠡ ᠨᠡᠶᠢᠲᠡᠯᠡᠬᠦ ᠶᠢᠨ ᠬᠠᠮᠲᠤ᠂

ᠬᠤᠳᠠᠯᠳᠤᠭ᠎ᠠ ᠡᠵᠡᠩᠨᠡᠬᠦ ᠲᠡᠷᠢᠭᠦᠨ ᠤ ᠣᠷᠴᠢᠨ ᠨᠥᠬᠦᠴᠡᠯ ᠢ ᠪᠣᠶ ᠪᠣᠯᠭᠠᠬᠤ᠂ ᠠᠷᠠᠳ ᠤᠨ ᠠᠮᠢᠳᠤᠷᠠᠯ ᠤᠨ

ᠨᠥᠬᠦᠪᠥᠷᠢ ᠣᠯᠭᠤᠬᠤ᠂ ᠪᠦᠬᠦᠨ ᠳᠤ ᠳᠣᠭᠢᠷᠠᠬᠤ ᠺᠠᠷᠲ ᠢ ᠬᠡᠷᠡᠭᠯᠡᠬᠦ ᠵᠡᠷᠭᠡ ᠣᠯᠠᠨ ᠲᠦᠮᠡᠨ ᠤ ᠠᠩᠬᠠᠷᠤᠯ

ᠲᠠᠯᠪᠢᠵᠤ ᠪᠠᠶᠢᠭ᠎ᠠ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃

       ᠪᠤᠭᠤᠲᠤ ᠶᠢᠨ ᠡᠳᠦᠷ ᠤᠨ ᠰᠣᠨᠢᠨ᠂ ᠪᠤᠭᠤᠲᠤ ᠶᠢᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠪᠤᠭᠤᠲᠤ

 ᠶᠢᠨ ᠣᠷᠣᠶ ᠶᠢᠨ ᠰᠣᠨᠢᠨ᠂ ᠪᠤᠭᠤᠲᠤ ᠶᠢᠨ ᠰᠣᠨᠢᠨ ᠮᠡᠳᠡᠭᠡᠨ ᠤ ᠰᠦᠯᠵᠢᠶ᠎ᠡ᠂ ᠰᠢᠭᠤᠶᠢᠲᠤ ᠲᠣᠭᠤᠷᠢᠭ ᠤᠨ ᠬᠠᠮ

ᠵᠠᠭᠤᠴᠢᠯᠠᠭᠤᠷ ᠤᠨ ᠲᠥᠪ᠂ ᠪᠠᠭ᠋ᠠᠷᠠᠯᠲᠤ ᠰᠢᠭᠤᠶᠢᠲᠤ᠂ ᠡᠭᠦᠯᠡᠨ ᠳᠡᠭᠡᠷᠡᠬᠢ ᠰᠢᠭᠤᠶᠢᠲᠤ᠂ ᠰᠢᠭᠤᠶᠢᠲᠤ ᠶᠢᠨ ᠰᠣᠨᠢᠨ

ᠮᠡᠳᠡᠭᠡ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃

       2020 ᠣᠨ ᠳᠤ᠂ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠢᠳᠡᠪᠬᠢᠲᠡᠶ ᠠᠵᠢᠯᠯᠠᠵᠤ᠂ ᠲᠡᠷᠢᠭᠦᠨ

 ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠳᠤ ᠬᠦᠴᠦᠨ ᠨᠡᠮᠡᠷᠢᠯᠡᠵᠦ᠂ ᠦᠶᠯᠡᠴᠢᠯᠡᠭᠡᠨ ᠤ

ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠦᠨᠳᠦ ᠬᠡᠴᠡᠭᠦᠦ ᠪᠠᠶᠢᠳᠠᠯ ᠤᠨ

ᠡᠮᠦᠨ᠎ᠡ ᠳᠠᠷᠤᠯᠲᠠ ᠶᠢ ᠰᠥᠷᠥᠨ ᠤᠷᠤᠭᠰᠢᠯᠠᠵᠤ᠂ ᠡᠳ᠋ ᠤᠨ ᠵᠠᠰᠠᠭ ᠤᠨ ᠠᠵᠢᠯᠯᠠᠭᠠᠨ ᠤᠯᠠᠷᠢᠯ ᠳᠠᠷᠠᠭᠠᠯᠠᠨ

ᠰᠠᠶᠢᠵᠢᠷᠠᠵᠤ᠂ ᠲᠥᠰᠦᠪ ᠢ ᠭᠦᠶᠴᠡᠳᠬᠡᠭᠰᠡᠨ ᠨᠢ ᠶᠡᠷᠦᠩᠬᠡᠶ ᠳᠡᠭᠡᠨ ᠰᠠᠶᠢᠨ ᠪᠠᠶᠢᠵᠤ᠂ ᠡᠯ᠎ᠡ ᠵᠦᠶᠯ ᠤᠨ ᠠᠵᠢᠯ ᠤᠨ

ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠦ᠂ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ

ᠲᠤᠰᠢᠶᠠᠵᠠᠶ᠃

 
ᠢᠷᠡᠯᠲᠡ᠄ ᠰᠢᠭᠤᠶᠢᠲᠤ ᠣᠷᠣᠨ ᠤ ᠰᠣᠨᠢᠨ ᠮᠡᠳᠡᠭᠡ ᠨᠡᠶᠢᠲᠡᠯᠡᠬᠦ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号