ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶᠠᠨ ᠤ ᠨᠠᠮ ᠤᠨ ᠡᠭᠦᠷ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠶᠯᠡᠴᠢᠯᠡᠭᠡᠨ ᠤ ᠭᠤᠤᠯ ᠰᠡᠳᠦᠪᠲᠦ ᠨᠠᠮ ᠤᠨ ᠡᠳᠦᠷ  ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/15
       《 ᠭᠤᠷᠪᠠᠨ ᠰᠠᠷ᠎ᠠ ᠶᠢᠨ ᠤᠷᠢᠬᠠᠨ ᠰᠠᠯᠬᠢᠨ᠎ᠠ᠂ ᠯᠧᠢ ᠹᠧᠩ ᠨᠠᠳᠠ ᠲᠠᠢ ᠬᠠᠮᠲᠤ ᠠᠶᠠᠯᠠᠨ᠎ᠠ 》᠃ 2021 ᠣᠨ ᠤ 3 ᠰᠠᠷ᠎ᠠ ᠶᠢᠨ 5 ᠤ ᠡᠳᠦᠷ ᠪᠣᠯ 《 ᠯᠧᠢ ᠹᠧᠩ ᠠᠴᠠ ᠰᠤᠷᠤᠯᠴᠠᠬᠤ ᠡᠳᠦᠷ 》 ᠪᠣᠯᠤᠨ᠎ᠠ᠂ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ 2021 ᠣᠨ ᠤ 3 ᠰᠠᠷ᠎ᠠ ᠶᠢᠨ 3 ᠤ ᠡᠳᠦᠷ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠶᠯᠡᠴᠢᠯᠡᠭᠡᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃

       ᠮᠠᠨ ᠤ ᠲᠣᠪᠴᠢᠶᠠᠨ ᠤ ᠨᠠᠮ ᠤᠨ ᠭᠡᠰᠢᠭᠦᠨ᠂ ᠨᠠᠮ ᠳᠤ ᠣᠷᠣᠬᠤ ᠢᠳᠡᠪᠬᠢᠲᠡᠨ ᠪᠣᠯᠤᠨ ᠺᠠᠳ᠋ᠷ ᠠᠵᠢᠯᠲᠠᠨ

ᠳ᠋ᠠ ᠹᠠ ᠵᠡᠭᠡᠯᠢ ᠭᠤᠳᠤᠮᠵᠢ ᠶᠢᠨ ᠰᠢᠭᠤᠶᠢᠲᠤ ᠨᠡᠶᠢᠭᠡᠮ ᠲᠣᠭᠤᠷᠢᠭ ᠲᠤ ᠬᠦᠷᠴᠦ ᠮᠥᠰᠥ ᠴᠠᠰᠤ ᠶᠢ ᠠᠷᠢᠯᠭᠠᠵᠤ ᠯᠧᠢ

ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠣᠯᠠᠨ ᠢᠶᠠᠷ ᠢᠶᠠᠨ

ᠬᠦᠷᠵᠡ᠂ ᠭᠤᠣᠲᠤᠤ ᠵᠡᠷᠭᠡ ᠪᠠᠭᠠᠵᠢ ᠬᠡᠷᠡᠭᠰᠡᠯ ᠢ ᠠᠳᠬᠤᠵᠤ᠂ ᠮᠥᠰᠥ ᠴᠠᠰᠤ ᠶᠢ ᠠᠷᠢᠯᠭᠠᠬᠤ ᠠᠵᠢᠯᠯᠠᠭ᠎ᠠ

ᠥᠷᠨᠢᠭᠦᠯᠪᠡ᠃ ᠬᠡᠳᠦᠶᠢᠪᠡᠷ ᠠᠭᠤᠷ ᠠᠮᠢᠰᠬᠤᠯ ᠬᠦᠶᠲᠡᠨ᠂ ᠠᠭᠠᠷ ᠤᠨ ᠳᠤᠯᠠᠭᠠᠨ ᠳᠣᠤᠷ᠎ᠠ᠂ ᠮᠠᠰᠢ ᠣᠯᠠᠨ

ᠨᠥᠬᠦᠳ ᠪᠡᠭᠡᠯᠡᠶ ᠵᠡᠭᠦᠭᠰᠡᠨ ᠥᠬᠡᠶ ᠪᠣᠯᠪᠠᠴᠤ ᠣᠯᠠᠨ ᠢᠶᠠᠷ ᠢᠶᠠᠨ ᠴᠥᠮ ᠬᠦᠶᠲᠡᠨ ᠠᠴᠠ ᠠᠶᠤᠬᠤ ᠥᠬᠡᠶ᠂

ᠵᠣᠪᠠᠯᠠᠩ ᠲᠣᠭᠠᠴᠢᠬᠤ ᠥᠬᠡᠶ᠂ ᠬᠠᠬᠢᠷ ᠬᠦᠶᠲᠡᠨ ᠢ ᠰᠥᠷᠴᠦ᠂ ᠬᠠᠯᠠᠭᠤᠨ ᠰᠡᠳᠬᠢᠯᠭᠡ ᠣᠷᠭᠢᠯᠵᠤ᠂ ᠨᠡᠶᠢᠭᠡᠮ

ᠲᠣᠭᠤᠷᠢᠭ ᠲᠠᠬᠢ ᠬᠡᠰᠡᠭ ᠴᠠᠰᠤ ᠮᠥᠰᠥ ᠶᠢ ᠠᠷᠢᠯᠭᠠᠵᠤ᠂ ᠨᠠᠰᠢ ᠴᠠᠰᠢ ᠶᠠᠪᠤᠬᠤ ᠶᠠᠪᠠᠭᠠᠨ ᠬᠥᠮᠦᠨ ᠪᠠ ᠲᠡᠷᠭᠡ

ᠬᠥᠰᠬᠡ ᠳᠤ ᠲᠤᠶᠢᠯ ᠤᠨ ᠶᠡᠭᠡ ᠲᠥᠬᠦᠮ ᠦᠵᠡᠭᠦᠯᠵᠦ᠂ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠲᠤ

ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠭᠰᠠᠨ

ᠪᠠᠶᠢᠨ᠎ᠠ᠃

       ᠡᠨᠡ ᠤᠳᠠᠭᠠᠨ ᠤ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ

 ᠳᠤ᠂ ᠨᠠᠮ ᠤᠨ ᠭᠡᠰᠢᠭᠦᠨ᠂ ᠨᠠᠮ ᠳᠤ ᠣᠷᠣᠬᠤ ᠢᠳᠡᠪᠬᠢᠲᠡᠨ ᠪᠠ ᠺᠠᠳ᠋ᠷ ᠠᠵᠢᠯᠳᠠᠨ ᠠᠵᠢᠯᠴᠢᠨ ᠴᠥᠮ ᠢᠳᠡᠪᠬᠢᠲᠡᠢ

ᠣᠷᠣᠯᠴᠠᠵᠤ᠂ ᠬᠦᠴᠦᠨ ᠴᠢᠳᠠᠯ ᠢᠶᠠᠨ ᠬᠠᠮᠲᠤᠳᠬᠠᠨ᠂ ᠪᠣᠳᠠᠲᠤ ᠠᠵᠢᠯᠯᠠᠭ᠎ᠠ ᠪᠠᠷ ᠢᠶᠠᠨ ᠯᠸᠢ ᠹᠧᠩ ᠤᠨ ᠵᠣᠷᠢᠭ

ᠰᠠᠨᠠᠭ᠎ᠠ ᠶᠢ ᠦᠢᠯᠡᠳᠦᠯᠭᠡᠵᠢᠭᠦᠯᠵᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠭᠠᠷᠭᠠᠭᠰᠠᠨ

ᠪᠠᠶᠢᠨ᠎ᠠ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ

ᠪᠣᠯᠤᠨ ᠬᠤᠲᠠ ᠪᠠᠶᠢᠭᠤᠯᠬᠤ ᠠᠵᠢᠯ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠪᠡ᠃

 
ᠢᠷᠡᠯᠲᠡ᠄ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号