ᠰᠢᠭᠤᠶᠢᠲᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠰᠡᠷᠡᠮᠵᠢᠯᠡᠭᠦᠯᠬᠦ ᠬᠥᠮᠦᠵᠢᠯ  ᠤᠨ ᠬᠡᠷᠡᠭ ᠤᠨ ᠵᠢᠱᠢᠶ᠎ᠡ ᠶᠢ ᠮᠡᠳᠡᠭᠳᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/15
       ᠰᠠᠬᠢᠯᠭ᠎ᠠ ᠪᠠᠲᠤ ᠶᠣᠰᠣ ᠲᠦᠷᠢᠮ ᠢ ᠤᠯᠠᠮ ᠨᠢᠭᠡ ᠠᠯᠬᠤᠮ ᠴᠢᠩᠳᠠᠯᠠᠵᠤ᠂ ᠨᠡᠶᠢᠲᠡᠯᠢᠭ ᠬᠡᠷᠡᠭ ᠢ ᠵᠠᠷᠯᠠᠨ ᠮᠡᠳᠡᠭᠳᠡᠬᠦ ᠶᠢᠨ ᠰᠡᠷᠡᠮᠵᠢᠯᠡᠭᠦᠯᠬᠦ ᠬᠥᠮᠦᠵᠢᠯ ᠢ ᠭᠦᠶᠴᠡᠳ ᠪᠠᠳᠠᠷᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠰᠤᠷᠭᠠᠨ ᠬᠥᠮᠦᠵᠢᠭᠦᠯᠵᠦ ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠬᠤ ᠶᠢᠨ ᠲᠥᠯᠥᠭᠡ᠂ ᠮᠠᠨ ᠤ ᠲᠣᠪᠴᠢᠶ᠎ᠠ 4 ᠰᠠᠷ᠎ᠠ ᠶᠢᠨ 2 ᠤᠨ ᠡᠳᠦᠷ ᠰᠡᠷᠡᠮᠵᠢᠯᠡᠭᠦᠯᠬᠦ ᠬᠥᠮᠦᠵᠢᠯ ᠤᠨ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠬᠦ ᠬᠤᠷᠠᠯ ᠬᠤᠷᠠᠯᠳᠤᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠤᠨ ᠡᠷᠬᠢᠯᠡᠭᠴᠢ ᠠᠴᠠ ᠰᠢᠭᠤᠶᠢᠲᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠯᠪᠠᠨ ᠬᠡᠷ ᠤᠨ ᠪᠠᠭᠤᠯᠭᠠᠭᠰᠠᠨ 《 ᠠᠷᠢᠬᠢ ᠤᠤᠭᠤᠵᠤ ᠲᠡᠷᠭᠡ ᠵᠢᠯᠣᠭᠤᠳᠤᠭᠰᠠᠨ ᠪᠠ ᠰᠣᠭᠲᠣᠭᠤ ᠪᠠᠷ ᠲᠡᠷᠭᠡ ᠵᠢᠯᠣᠭᠤᠳᠤᠭᠰᠠᠨ 4 ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠬᠦ ᠲᠤᠬᠠᠶ 2021 ᠳ᠋ᠦ᠋ᠭᠡᠷ ᠬᠤᠭᠤᠴᠠᠭᠠᠨ ᠤ 1 ᠳ᠋ᠦ᠋ᠭᠡᠷ ᠬᠤᠭᠤᠴᠠᠭᠠᠨ ᠤ ᠮᠡᠳᠡᠭᠳᠡᠯ ᠢ ᠵᠠᠷᠯᠠᠨ ᠮᠡᠳᠡᠭᠳᠡᠪᠡ᠃

       ᠬᠤᠷᠠᠯ ᠳᠡᠭᠡᠷ᠎ᠡ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢᠬᠤᠯᠠᠴᠢᠯᠠᠭᠰᠠᠨ ᠨᠢ᠂ ᠨᠢᠭᠡ ᠳᠤ

ᠪᠥᠬᠦ ᠨᠠᠮ ᠤᠨ ᠭᠡᠰᠢᠭᠦᠨ ᠺᠠᠳ᠋ᠷᠴᠤᠳ ᠰᠣᠭᠲᠣᠭᠤ ᠪᠠᠷ ᠲᠡᠷᠭᠡ ᠵᠢᠯᠣᠭᠤᠳᠬᠤ ᠰᠣᠭᠲᠣᠭᠤ ᠪᠠᠷ ᠲᠡᠷᠭᠡ

ᠵᠢᠯᠣᠭᠤᠳᠬᠤ ᠶᠢᠨ ᠬᠤᠤᠷ ᠬᠥᠨᠥᠭᠡᠯ ᠢ ᠭᠦᠨᠵᠡᠭᠡᠶ ᠲᠠᠨᠢᠵᠤ᠂ ᠭᠤᠷᠢᠳᠠᠬᠤ ᠪᠣᠳᠣᠯ ᠢᠶᠠᠨ ᠤᠬᠠᠮᠰᠠᠷ ᠠᠴᠠ ᠪᠠᠨ

ᠲᠡᠪᠴᠢᠵᠦ᠂ ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ 《

ᠲᠡᠷᠭᠡ ᠵᠢᠯᠣᠭᠤᠳᠪᠠᠯ ᠠᠷᠢᠬᠢ ᠤᠤᠭᠤᠬᠤ ᠥᠬᠡᠶ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠬᠤ ᠥᠬᠡᠶ

》 ᠭᠡᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠬᠤᠷᠢᠭ᠎ᠠ ᠱᠤᠭᠤᠮ ᠢ ᠪᠠᠲᠤ ᠰᠠᠬᠢᠵᠤ᠂ ᠤᠯᠠᠭᠠᠨ ᠱᠤᠭᠤᠮ

 ᠳᠤ ᠬᠠᠯᠳᠠᠬᠤ ᠥᠬᠡᠶ ᠪᠠᠶᠢᠵᠤ᠂ ᠡᠭᠦᠨ ᠢᠶᠠᠷ ᠴᠡᠭᠡᠷᠯᠡᠯ ᠪᠣᠯᠭᠠᠵᠤ᠂ ᠵᠠᠷᠯᠠᠯ ᠳᠠᠬᠢ ᠨᠠᠮ ᠤᠨ ᠭᠡᠰᠢᠭᠦᠨ ᠺᠠᠳ᠋ᠷᠴᠤᠳ

 ᠠᠴᠠ ᠭᠦᠨᠵᠡᠭᠡᠶ ᠰᠤᠷᠭᠠᠮᠵᠢ ᠠᠪᠴᠤ᠂ ᠠᠮᠤᠷ ᠲᠦᠪᠰᠢᠨ ᠪᠣᠯᠪᠠᠰᠤᠨ ᠢᠶᠠᠷ ᠲᠡᠷᠭᠡ ᠵᠢᠯᠣᠭᠤᠳᠬᠤ ᠶᠢ ᠦᠨᠡᠨ ᠬᠦ

ᠪᠡᠶᠡᠯᠡᠭᠦᠯᠬᠦ ᠬᠡᠷᠡᠭᠲᠡᠶ᠃ ᠬᠤᠶᠠᠷ ᠲᠤ᠂ ᠲᠦᠷᠦᠭᠦᠯᠡᠨ ᠥᠪᠡᠷ ᠢ ᠪᠠᠨ ᠰᠠᠶᠢᠲᠤᠷ ᠬᠠᠮᠢᠶᠠᠷᠴᠤ᠂ ᠲᠦᠷᠦᠭᠦᠯᠡᠨ

ᠳᠡᠷᠭᠡᠳᠡᠬᠢ ᠬᠥᠮᠦᠰ ᠢᠶᠠᠨ ᠨᠥᠯᠥᠭᠡᠯᠡᠵᠦ᠂ ᠲᠦᠷᠦᠭᠦᠯᠡᠨ ᠥᠪᠡᠷ ᠤᠨ ᠭᠡᠷ ᠤᠨ ᠬᠥᠮᠦᠰ ᠢᠶᠠᠨ ᠰᠠᠶᠢᠲᠤᠷ

ᠬᠠᠮᠢᠶᠠᠷᠴᠤ᠂ ᠬᠤᠪᠢ ᠪᠡᠶ᠎ᠡ ᠳᠡᠭᠡᠨ ᠬᠠᠷᠢᠭᠤᠴᠠᠬᠤ᠂ ᠵᠣᠬᠢᠶᠠᠨ ᠪᠠᠶᠢᠭᠤᠯᠤᠯᠲᠠ ᠳᠤ ᠬᠠᠷᠢᠭᠤᠴᠠᠬᠤ᠂ ᠭᠡᠷ ᠤᠨ

ᠬᠥᠮᠦᠰ ᠲᠡᠭᠡᠨ ᠬᠠᠷᠢᠭᠤᠴᠠᠬᠤ ᠡᠭᠦᠳᠡᠨ ᠠᠴᠠ ᠲᠦᠷᠦ ᠶᠢᠨ ᠠᠯᠪᠠᠨ ᠲᠤᠰᠢᠶᠠᠯᠲᠠᠨ ᠤ ᠰᠠᠶᠢᠨ ᠰᠠᠶᠢᠬᠠᠨ ᠲᠦᠷᠢ

ᠲᠥᠷᠬᠦ ᠶᠢ ᠦᠨᠡᠨ ᠬᠦ ᠬᠠᠮᠠᠭᠠᠯᠠᠬᠤ ᠬᠡᠷᠡᠭᠲᠡᠢ᠃ ᠭᠤᠷᠪᠠ ᠳᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠲᠤ

ᠬᠢᠬᠦ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠡᠳᠦᠷ ᠲᠣᠳᠣᠮ ᠤᠨ ᠬᠥᠮᠦᠵᠢᠯ᠂ ᠡᠳᠦᠷ ᠲᠣᠳᠣᠮ ᠤᠨ

ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠦᠷᠭᠦᠯᠵᠢ 《 ᠰᠡᠷᠡᠮᠵᠢᠯᠡᠭᠦᠯᠬᠦ ᠳ᠋ᠧᠩ 》 ᠢ ᠠᠰᠠᠭᠠᠵᠤ᠂ 《

ᠪᠣᠭᠤᠮᠢᠯᠠᠬᠤ ᠲᠠᠷᠨᠢ 》 ᠶᠢ ᠰᠠᠶᠢᠲᠤᠷ ᠤᠩᠰᠢᠵᠤ᠂ ᠡᠷᠲᠡᠬᠡᠨ ᠤᠷᠢᠳᠴᠢᠯᠠᠨ ᠰᠠᠨᠠᠭᠤᠯᠵᠤ᠂ ᠡᠳᠦᠷ ᠲᠣᠳᠣᠮ ᠤᠨ

ᠥᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠢᠮᠠᠭᠲᠠ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ

ᠰᠠᠬᠢᠵᠤ᠂ ᠢᠮᠠᠭᠲᠠ ᠡᠭᠦᠨ ᠢᠶᠠᠷ ᠴᠡᠭᠡᠷᠯᠡᠯ ᠪᠣᠯᠭᠠᠵᠤ᠂ ᠢᠮᠠᠭᠲᠠ ᠰᠡᠷᠡᠮᠵᠢ ᠶᠢᠨ ᠬᠤᠩᠬᠤ ᠶᠢ ᠪᠠᠶᠢᠩᠭᠤ

ᠳᠤᠤᠭᠠᠷᠭᠠᠵᠤ᠂ ᠠᠮᠤᠷ ᠲᠦᠪᠰᠢᠨ ᠪᠣᠯᠪᠠᠰᠤᠨ ᠢᠶᠠᠷ ᠵᠢᠯᠣᠭᠤᠳᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ

《 ᠴᠢᠩᠭ᠎ᠠ 》 ᠪᠠᠶᠢᠬᠤ ᠭᠤᠣᠯ ᠬᠦᠭ ᠠᠶᠠᠰ ᠢ ᠪᠠᠲᠤ ᠡᠵᠡᠮᠳᠡᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢ

ᠵᠥᠷᠢᠴᠡᠭᠰᠡᠨ ᠡᠯ᠎ᠡ ᠲᠦᠷᠦᠯ ᠤᠨ ᠠᠰᠠᠭᠤᠳᠠᠯ ᠢ ᠵᠠᠯᠬᠠᠭᠠᠨ ᠰᠢᠢᠳᠬᠡᠬᠦ ᠲᠠᠯ᠎ᠠ ᠪᠠᠷ ᠬᠦᠴᠦᠲᠡᠢ ᠳᠠᠷᠤᠯᠲᠠ

ᠦᠵᠡᠭᠦᠯᠬᠦ ᠪᠠᠶᠢᠳᠠᠯ ᠢᠶᠠᠨ ᠦᠷᠭᠦᠯᠵᠢᠯᠡᠨ ᠪᠠᠲᠤᠯᠠᠬᠤ ᠬᠡᠷᠡᠭᠲᠡᠢ᠃

 
ᠢᠷᠡᠯᠲᠡ᠄ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号