ᠬᠤᠲᠠ ᠶᠢᠨ ᠠᠷᠠᠳ ᠲᠤ ᠮᠡᠳᠡᠭᠦᠯᠬᠦ ᠮᠡᠳᠡᠭᠡ ᠵᠠᠩᠭᠢ ᠶᠢᠨ ᠬᠡᠮᠵᠢᠶ᠎ᠡ ᠮᠠᠰᠢ ᠶᠡᠭᠡ︕ ᠠᠷᠠᠳ ᠤᠨ ᠠᠮᠢᠳᠤᠷᠠᠯ᠂ ᠠᠵᠢᠯ ᠣᠯᠭᠤᠯᠲᠠ᠂ ᠴᠢᠳᠠᠪᠤᠷᠢᠲᠠᠨ ᠪᠠ ᠡᠮ ᠡᠮᠨᠡᠯᠭᠡ ᠶᠢᠨ ᠳᠠᠭᠠᠳᠬᠠᠯ ᠳᠤ ᠬᠤᠯᠪᠣᠭᠳᠠᠨ᠎ᠠ
ᠨᠡᠶᠢᠲᠡᠯᠡᠭᠰᠡᠨ ᠴᠠᠭ᠄
2021/4/8
       3 ᠰᠠᠷ᠎ᠠ ᠶᠢᠨ 9᠎ ᠤ ᠡᠳᠦᠷ᠂ ᠰᠢᠭᠤᠶᠢᠲᠤ ᠣᠷᠣᠨ ᠤ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠥᠪᠥᠷ ᠮᠣᠩᠭᠤᠯ ᠤᠨ ᠰᠣᠨᠢᠨ ᠮᠡᠳᠡᠭᠡ ᠨᠡᠶᠢᠲᠡᠯᠡᠬᠦ ᠲᠥᠪ ᠲᠤ ᠶᠠᠪᠤᠭᠳᠠᠪᠠ᠃

       ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ

ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠰᠣᠨᠢᠨ ᠮᠡᠳᠡᠭᠡᠨ ᠤ

ᠥᠭᠦᠯᠡᠭᠴᠢ ᠲᠣᠰ ᠲᠣᠰ ᠲᠣᠰ ᠲᠣᠰ ᠲᠣᠰ ᠲᠣᠰ ᠲᠣᠰ ᠲᠣᠰ ᠲᠣᠰ ᠲᠣᠰ ᠲᠣᠰ ᠤᠨ ᠠᠷᠠᠳ ᠤᠨ ᠠᠮᠢᠳᠤᠷᠠᠯ

᠎ ᠤᠨ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠭᠰᠡᠨ ᠪᠥᠭᠡᠳ

ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠴᠠᠯᠢᠩ ᠥᠷᠢᠲᠦᠬᠦ ᠪᠠ ᠤᠳᠠᠭᠠᠨ ᠴᠢᠨᠠᠷᠲᠠᠶ ᠡᠪᠡᠳᠴᠢᠲᠡᠨ ᠢ

ᠦᠨᠳᠦᠰᠦᠨ ᠠᠴᠠ ᠨᠢ ᠵᠠᠰᠠᠬᠤ ᠡᠮᠴᠢᠯᠡᠭᠡᠨ ᠤ ᠪᠠᠲᠤᠯᠠᠭ᠎ᠠ᠂ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ

ᠲᠠᠩᠰᠠ ᠲᠠᠶᠢᠯᠬᠤ ᠵᠡᠷᠭᠡ ᠣᠯᠠᠨ ᠲᠦᠮᠡᠨ ᠤ ᠠᠩᠬᠠᠷᠤᠨ ᠬᠠᠯᠠᠮᠵᠢᠯᠠᠵᠤ ᠪᠠᠶᠢᠭ᠎ᠠ ᠠᠰᠠᠭᠤᠳᠠᠯ ᠤᠨ ᠲᠤᠬᠠᠶ

ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃

       ᠪᠤᠭᠤᠲᠤ ᠶᠢᠨ ᠡᠳᠦᠷ ᠤᠨ ᠰᠣᠨᠢᠨ᠂ ᠪᠤᠭᠤᠲᠤ ᠶᠢᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠪᠤᠭᠤᠲᠤ

᠎ ᠶᠢᠨ ᠣᠷᠣᠶ ᠶᠢᠨ ᠰᠣᠨᠢᠨ᠂ ᠪᠤᠭᠤᠲᠤ ᠶᠢᠨ ᠰᠣᠨᠢᠨ ᠮᠡᠳᠡᠭᠡᠨ ᠤ ᠰᠦᠯᠵᠢᠶ᠎ᠡ᠂ ᠰᠢᠭᠤᠶᠢᠲᠤ ᠲᠣᠭᠤᠷᠢᠭ ᠤᠨ ᠬᠠᠮ

ᠵᠠᠭᠤᠴᠢᠯᠠᠭᠤᠷ ᠤᠨ ᠲᠥᠪ᠂ ᠪᠠᠭ᠋ᠠᠷᠠᠯᠲᠤ ᠰᠢᠭᠤᠶᠢᠲᠤ᠂ ᠦᠵᠡᠰᠬᠦᠯᠡᠩᠲᠦ ᠰᠢᠭᠤᠶᠢᠲᠤ᠂ ᠰᠢᠭᠤᠶᠢᠲᠤ ᠵᠡᠷᠭᠡ ᠰᠣᠨᠢᠨ

ᠮᠡᠳᠡᠭᠡᠨ ᠤ ᠵᠠᠭᠤᠴᠢᠯᠠᠭᠤᠷ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃

       ᠠᠷᠠᠳ ᠤᠨ ᠠᠮᠢᠳᠤᠷᠠᠯ ᠪᠣᠯ ᠵᠣᠯ ᠵᠢᠷᠭᠠᠯ ᠤᠨ ᠰᠠᠭᠤᠷᠢ᠂ ᠡᠶ᠎ᠡ ᠵᠣᠬᠢᠴᠠᠯ ᠤᠨ ᠦᠨᠳᠦᠰᠦ ᠮᠥᠨ᠃

ᠣᠶᠢᠷ᠎ᠠ ᠶᠢᠨ ᠵᠢᠯ ᠤᠨ ᠲᠤᠷᠰᠢ᠂ ᠰᠢᠭᠤᠶᠢᠲᠤ ᠣᠷᠣᠨ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ

ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ᠂ ᠲᠤᠰᠬᠠᠯ

ᠴᠢᠩᠭ᠎ᠠ ᠪᠠᠶᠢᠭ᠎ᠠ ᠠᠰᠠᠭᠤᠳᠠᠯ ᠠᠴᠠ ᠭᠠᠷᠳᠠᠵᠤ᠂ ᠠᠵᠢᠯ ᠣᠯᠭᠤᠯᠲᠠ᠂ ᠡᠮ ᠡᠮᠨᠡᠯᠭᠡ ᠶᠢᠨ ᠳᠠᠭᠠᠳᠬᠠᠯ ᠵᠡᠷᠭᠡ

ᠬᠦᠷᠢᠶᠡᠨ ᠳᠤ ᠦᠨᠡᠨ ᠪᠣᠳᠠᠲᠠᠶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠠᠪᠴᠤ᠂ ᠣᠷᠳᠣ

ᠬᠤᠭᠤᠴᠠᠭ᠎ᠠ ᠪᠠᠷ ᠪᠠᠷᠢᠮᠲᠠᠯᠠᠵᠤ᠂ ᠰᠠᠭᠤᠷᠢ ᠲᠠᠯᠪᠢᠬᠤ ᠪᠠ ᠠᠯᠤᠰ ᠬᠡᠲᠦ ᠳᠤ ᠠᠰᠢᠭᠲᠠᠶ ᠪᠠᠶᠢᠯᠭᠠᠬᠤ ᠶᠢ

ᠤᠶᠠᠯᠳᠤᠭᠤᠯᠵᠤ᠂ ᠠᠵᠢᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠣᠯᠭᠠᠨ ᠳᠤ ᠬᠠᠷᠢᠭᠤᠯᠲᠠ ᠥᠭᠴᠦ᠂

ᠣᠯᠠᠨ ᠲᠦᠮᠡᠨ ᠳᠤ ᠬᠥᠭᠵᠢᠯᠲᠡ ᠬᠤᠪᠢᠷᠠᠯᠲᠠ ᠶᠢᠨ ᠳᠤᠮᠳᠠ ᠪᠣᠳᠠᠲᠤ ᠠᠰᠢᠭ ᠬᠦᠷᠲᠡᠭᠡᠪᠡ᠃

 
ᠢᠷᠡᠯᠲᠡ᠄ ᠰᠢᠭᠤᠶᠢᠲᠤ ᠣᠷᠣᠨ ᠤ ᠠᠷᠠᠳ ᠤᠨ ᠠᠮᠢᠳᠤᠷᠠᠯ ᠤᠨ ᠬᠦᠷᠢᠶᠡᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号