ᠰᠠᠭᠤᠭᠠᠯᠢ ᠠᠷᠠᠳ ᠲᠤ ᠨᠠᠩ ᠰᠠᠶᠢᠨ ᠣᠨᠣᠰᠢᠯᠠᠨ ᠡᠮᠨᠡᠬᠦ ᠦᠶᠯᠡᠴᠢᠯᠡᠭᠡ ᠪᠠ ᠡᠷᠡᠭᠦᠯ ᠮᠡᠨᠳᠦ ᠶᠢᠨ | ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠬᠦᠷᠲᠡᠭᠡᠬᠦ ᠶᠢᠨ ᠲᠥᠯᠥᠭᠡ᠂ ᠣᠶᠢᠷ᠎ᠠ ᠳᠤ᠂ ᠨᠡᠶᠢᠭᠡᠮ ᠲᠣᠭᠤᠷᠢᠭ ᠤᠨ | ᠬᠢᠨ ᠬᠠᠷᠢᠶ᠎ᠠ ᠣᠷᠣᠨ ᠤ ᠰᠠᠭᠤᠭᠠᠯᠢ ᠠᠷᠠᠳ ᠢ ᠵᠣᠬᠢᠶᠠᠨ ᠪᠠᠶᠢᠭᠤᠯᠵᠤ ᠥᠪᠥᠷ ᠮᠣᠩᠭᠤᠯ ᠤᠨ ᠥᠮᠡᠨ ᠢ ᠡᠰᠡᠷᠭᠦᠴᠡᠬᠦ | ᠨᠡᠶᠢᠭᠡᠮᠯᠢᠭ ᠪᠣᠯᠤᠨ ᠪᠤᠭᠤᠲᠤ ᠬᠤᠲᠠ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠬᠠᠮᠲᠤᠷᠠᠨ 《 ᠥᠮᠡᠨ ᠢ | ᠡᠰᠡᠷᠭᠦᠴᠡᠬᠦ ᠵᠠᠮ ᠢ ᠭᠡᠷᠡᠯᠲᠦᠭᠦᠯᠵᠦ᠂ ᠡᠷᠡᠭᠦᠯ ᠡᠩᠬᠡ ᠳᠤᠮᠳᠠᠳᠤ ᠤᠯᠤᠰ ᠬᠠᠪᠤᠳᠠᠷ ᠢ ᠰᠢᠭᠰᠢᠨ ᠪᠠᠶᠢᠴᠠᠭᠠᠬᠤ | ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ( ᠰᠢᠭᠤᠶᠢᠲᠤ ᠥᠷᠲᠡᠭᠡ ) ᠳᠤ ᠬᠦᠴᠦᠨ ᠨᠡᠮᠡᠷᠢᠯᠡᠵᠦ᠂ ᠬᠤᠪᠢᠰᠬᠠᠯ ᠤᠨ | ᠬᠠᠭᠤᠴᠢᠨ ᠰᠠᠭᠤᠷᠢᠨ ᠭᠠᠵᠠᠷ ᠤᠨ ᠰᠠᠭᠤᠭᠠᠯᠢ ᠠᠷᠠᠳ ᠲᠤ ᠴᠤ ᠠᠷᠠᠳ ᠲᠤ ᠲᠥᠬᠦᠮ ᠦᠵᠡᠭᠦᠯᠬᠦ ᠡᠮᠴᠢᠯᠡᠭᠡᠨ ᠤ | ᠦᠶᠯᠡᠴᠢᠯᠡᠭᠡ ᠬᠦᠷᠲᠡᠭᠡᠬᠦ ᠶᠢ ᠬᠦᠰᠡᠵᠦ ᠪᠠᠶᠢᠨ᠎ᠠ᠃ | | | | | ᠬᠤᠲᠠ ᠶᠢᠨ ᠬᠠᠪᠤᠳᠠᠷ ᠤᠨ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠳ ᠠᠯᠪᠠᠨ ᠵᠢᠷᠤᠮ ᠤᠨ | ᠡᠮᠴᠢᠯᠡᠭᠡᠨ ᠤ ᠵᠥᠪᠯᠡᠯᠭᠡ ᠥᠭᠬᠦ᠂ ᠡᠷᠲᠡ ᠥᠮᠡᠨ ᠢ ᠰᠢᠭᠰᠢᠨ ᠪᠠᠶᠢᠴᠠᠭᠠᠬᠤ ᠪᠠᠷ ᠳᠡᠮᠵᠢᠨ᠂ ᠥᠷᠭᠡᠨ ᠣᠯᠠᠨ | ᠰᠠᠭᠤᠭᠠᠯᠢ ᠠᠷᠠᠳ ᠲᠤ ᠥᠮᠡᠨ ᠡᠪᠡᠳᠴᠢᠨ ᠢ ᠰᠡᠷᠭᠡᠶᠢᠯᠡᠵᠦ ᠪᠣᠯᠬᠤ ᠵᠠᠰᠠᠵᠤ ᠪᠣᠯᠬᠤ ᠰᠢᠨᠵᠢᠯᠡᠬᠦ ᠤᠬᠠᠭᠠᠨᠴᠢ | ᠦᠵᠡᠯᠲᠡ ᠶᠢ ᠪᠣᠶ ᠪᠣᠯᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠥᠪᠡᠷ ᠢ ᠪᠠᠨ ᠡᠷᠡᠭᠦᠯᠵᠢᠭᠦᠯᠬᠦ | ᠤᠬᠠᠮᠰᠠᠷ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠳᠠᠷᠠᠭ᠎ᠠ ᠨᠢ᠂ ᠴᠢᠰᠤᠨ ᠳᠠᠷᠤᠯᠲᠠ ᠪᠠᠨ | ᠬᠡᠮᠵᠢᠵᠦ᠂ B ᠬᠡᠲᠦ ᠳᠣᠯᠭᠢᠶᠠᠨ ᠤ ᠪᠠᠶᠢᠴᠠᠭᠠᠯᠲᠠ ᠬᠢᠵᠦ᠂ ᠡᠪᠡᠳᠴᠢᠨ ᠤ ᠪᠠᠶᠢᠳᠠᠯ ᠢ ᠵᠠᠳᠠᠯᠵᠤ᠂ ᠠᠩᠬᠠᠷᠬᠤ | ᠵᠦᠶᠯᠡᠰ ᠢ ᠲᠠᠶᠢᠯᠪᠤᠷᠢᠯᠠᠨ᠂ ᠡᠮᠴᠢᠯᠡᠭᠡᠨ ᠤ ᠠᠵᠢᠯᠲᠠᠨ ᠤ ᠡᠯ᠎ᠡ ᠵᠦᠶᠯ ᠤᠨ ᠠᠰᠠᠭᠤᠯᠲᠠ ᠶᠢ ᠨᠠᠷᠢᠨ ᠬᠢᠨᠠᠮᠠᠭᠠᠶ | ᠬᠠᠷᠢᠭᠤᠯᠪᠠ᠃ | ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠵᠡᠭᠡᠯᠢ ᠭᠤᠳᠤᠮᠵᠢ ᠨᠡᠶᠢᠭᠡᠮ | ᠲᠣᠭᠤᠷᠢᠭ ᠤᠨ 《 ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ 》 ᠭᠡᠬᠦ ᠦᠶᠯᠡᠳᠦᠯᠭᠡ ᠶᠢᠨ | ᠠᠵᠢᠯᠯᠠᠭ᠎ᠠ ᠶᠢᠨ ᠣᠭ ᠰᠠᠨᠠᠭ᠎ᠠ ᠶᠢ ᠭᠦᠶᠴᠡᠳ ᠢᠯᠡᠷᠡᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ | ᠰᠠᠶᠢᠨ ᠦᠨᠡᠯᠡᠯᠲᠡ ᠶᠢ ᠤᠯᠪᠠ᠃ | |