ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠥᠪᠯᠡᠷᠡᠭᠦᠯᠦᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠪᠠ
ᠨᠡᠶᠢᠲᠡᠯᠡᠭᠰᠡᠨ ᠴᠠᠭ᠄
2021/4/8
       2021 ᠣᠨ ᠤ 3 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨᠡᠬᠢ 10 ᠴᠠᠭ ᠲᠤ᠂ ᠰᠢᠭᠤᠶᠢᠲᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ 《 ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ 》 ᠭᠤᠤᠯ ᠰᠡᠳᠦᠪ ᠤᠨ ᠲᠣᠭᠤᠷᠢᠨ ᠳᠤ ᠰᠢᠭᠤᠶᠢᠲᠤ ᠣᠷᠣᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠰᠠᠨᠠᠭᠠᠴᠢᠯᠠᠭᠰᠠᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠥᠪᠯᠡᠷᠡᠭᠦᠯᠦᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠪᠠ᠃

       ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠵᠦ᠂ ᠤᠯᠤᠰ ᠤᠨ

ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠤᠯᠴᠠᠵᠤ᠂ ᠰᠠᠶᠢᠲᠤᠷ ᠬᠡᠷᠡᠭᠯᠡᠵᠦ᠂ ᠰᠠᠶᠢᠲᠤᠷ

ᠲᠦᠭᠡᠮᠡᠯᠵᠢᠭᠦᠯᠬᠦ ᠪᠣᠯ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠬᠠᠷᠢᠭᠤᠴᠠᠯᠭ᠎ᠠ ᠡᠭᠦᠷᠭᠡ ᠪᠣᠯᠬᠤ

ᠪᠥᠭᠡᠳ ᠴᠠᠭ ᠦᠶ᠎ᠡ ᠶᠢᠨ ᠬᠥᠭᠵᠢᠯᠲᠡ ᠶᠢᠨ ᠵᠠᠶᠢᠯᠠᠰᠢ ᠦᠭᠡᠢ ᠰᠣᠩᠭᠤᠯᠲᠠ ᠮᠥᠨ᠂ ᠨᠡᠩ ᠴᠤ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠢᠬᠤᠯᠠ ᠠᠷᠭ᠎ᠠ ᠵᠠᠮ ᠮᠥᠨ᠃

       ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤᠮᠳᠠ᠂ ᠮᠠᠨ ᠤ ᠲᠣᠪᠴᠢᠶ᠎ᠠ ᠶᠢᠨ ᠠᠵᠢᠯᠲᠠᠨ

ᠤᠬᠠᠭᠤᠯᠭ᠎ᠠ ᠶᠢᠨ ᠳᠡᠪᠲᠡᠷ ᠵᠢᠴᠢ ᠤᠬᠠᠭᠤᠯᠭ᠎ᠠ ᠶᠢᠨ ᠬᠠᠭᠤᠳᠠᠰᠤ ᠵᠡᠷᠭᠡ ᠮᠠᠲ᠋ᠧᠷᠢᠶᠠᠯ ᠢ ᠪᠦᠲᠦᠮᠵᠢᠲᠡᠶ ᠠᠰᠢᠭᠯᠠᠨ

ᠨᠠᠰᠢ ᠴᠠᠰᠢ ᠶᠠᠪᠤᠬᠤ ᠣᠯᠠᠨ ᠲᠦᠮᠡᠨ ᠳᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠵᠤ᠂

ᠣᠯᠠᠨ ᠲᠦᠮᠡᠨ ᠳᠤ ᠤᠯᠤᠰ ᠤᠨ ᠲᠥᠷᠥ ᠶᠢᠨ ᠪᠣᠳᠣᠯᠭ᠎ᠠ ᠶᠢ ᠵᠥᠪ ᠢᠶᠠᠷ ᠣᠶᠢᠯᠠᠭᠠᠭᠤᠯᠤᠨ ᠡᠵᠡᠮᠰᠢᠭᠦᠯᠬᠦ ᠶᠢᠨ

ᠬᠠᠮᠲᠤ ᠣᠯᠠᠨ ᠲᠦᠮᠡᠨ ᠳᠤ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠠᠴᠢ ᠬᠤᠯᠪᠣᠭᠳᠠᠯ ᠢ

ᠤᠬᠠᠭᠤᠯᠵᠤ᠂ ᠵᠥᠪ ᠲᠠᠯ᠎ᠠ ᠠᠴᠠ ᠬᠥᠲᠥᠯᠦᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠪᠠ᠃ ᠲᠥᠷᠥ ᠶᠢᠨ

ᠪᠣᠳᠣᠯᠭ᠎ᠠ ᠶᠢ ᠬᠦᠯᠢᠴᠡᠩᠭᠦᠢ ᠪᠥᠭᠡᠳ ᠨᠠᠷᠢᠨ ᠨᠢᠮᠪᠠᠢ ᠲᠠᠶᠢᠯᠪᠤᠷᠢᠯᠠᠬᠤ᠂ ᠬᠥᠮᠦᠵᠢᠭᠦᠯᠵᠦ ᠬᠥᠳᠥᠯᠥᠨ ᠵᠢᠯᠣᠭᠤᠳᠬᠤ

 ᠪᠠᠷ ᠳᠠᠮᠵᠢᠭᠤᠯᠤᠨ ᠥᠷᠭᠡᠨ ᠣᠯᠠᠨ ᠲᠦᠮᠡᠨ ᠤ ᠣᠶᠢᠯᠠᠭᠠᠯᠲᠠ᠂ ᠳᠡᠮᠵᠢᠯᠭᠡ ᠪᠠ ᠢᠳᠡᠪᠬᠢᠲᠡᠢ ᠴᠤᠤᠷᠢᠶᠠᠲᠤᠯ ᠢ

ᠣᠯᠪᠠ᠃

       ᠲᠣᠰ ᠤᠳᠠᠭᠠᠨ ᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠥᠪᠯᠡᠷᠡᠭᠦᠯᠦᠨ

ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠤᠯᠤᠰ

 ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠨᠠᠩ

ᠣᠯᠠᠨ ᠣᠶᠢᠯᠠᠭᠠᠯᠲᠠ ᠲᠠᠢ ᠪᠣᠯᠵᠣ᠂ ᠬᠡᠷ ᠤᠨ ᠠᠬᠠᠮᠠᠳ ᠤᠨ ᠡᠷᠡᠭᠡᠯᠵᠡᠯ ᠢ ᠤᠯᠠᠮ ᠨᠢᠭᠡ ᠠᠯᠬᠤᠮ ᠠᠷᠢᠯᠭᠠᠪᠠ᠃

ᠡᠭᠦᠨ ᠤ ᠬᠠᠮᠲᠤ ᠪᠥᠬᠦ ᠣᠷᠣᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠲᠦᠷᠦᠭᠦᠯᠡᠨ ᠤᠯᠤᠰ ᠤᠨ ᠨᠡᠶᠢᠳᠡᠮ

ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ

ᠨᠠᠶᠢᠳᠠᠪᠤᠷᠢᠵᠢᠭᠤᠯᠬᠤ ᠨᠢ ᠦᠨᠳᠦᠰᠦᠲᠡᠨ ᠤ ᠪᠦᠯᠬᠦᠮᠳᠡᠯ ᠪᠣᠯᠤᠨ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ

ᠳᠠᠪᠰᠢᠯᠲᠠ ᠶᠢ ᠠᠬᠢᠭᠤᠯᠬᠤ ᠳᠤ ᠠᠰᠢᠭᠲᠠᠶ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠴᠣᠭᠴᠠᠯᠠᠬᠤ ᠳᠤ ᠠᠰᠢᠭᠲᠠᠶ᠂ ᠦᠨᠳᠦᠰᠦᠲᠡᠨ ᠤ ᠭᠠᠵᠠᠷ ᠣᠷᠣᠨ ᠤ ᠦᠨᠳᠦᠰᠦᠲᠡᠨ ᠨᠦᠭᠦᠳ

 ᠤᠨ ᠣᠯᠠᠨ ᠲᠦᠮᠡᠨ ᠳᠤ ᠨᠠᠩ ᠡᠷᠬᠡ ᠲᠡᠭᠰᠢ᠂ ᠨᠠᠩ ᠴᠢᠨᠠᠷ ᠰᠠᠶᠢᠲᠠᠶ ᠰᠤᠷᠭᠠᠨ ᠬᠥᠮᠦᠵᠢᠯ ᠬᠦᠷᠲᠡᠭᠡᠬᠦ ᠳᠤ

ᠠᠰᠢᠭᠲᠠᠶ᠂ ᠣᠳᠣᠬᠠᠨ ᠳᠤ ᠠᠰᠢᠭᠲᠠᠶ ᠮᠥᠷᠲᠡᠭᠡᠨ ᠠᠯᠤᠰ ᠬᠡᠲᠦ ᠳᠤ ᠠᠰᠢᠭᠲᠠᠶ ᠠᠵᠢᠯ ᠪᠣᠯᠬᠤ ᠪᠥᠭᠡᠳ ᠪᠥᠬᠦ

ᠣᠷᠣᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ

ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠪᠣᠯᠤᠨ᠎ᠠ ᠭᠡᠵᠦ ᠤᠷᠢᠶᠠᠯᠠᠪᠠ᠃

 
ᠢᠷᠡᠯᠲᠡ᠄ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号