2021 ᠣᠨ ᠤ 4 ᠰᠠᠷ᠎ᠠ ᠶᠢᠨ 7 ᠤ ᠡᠳᠦᠷ ᠤᠨ 15 ᠴᠠᠭ ᠪᠣᠯᠲᠠᠯ᠎ᠠ᠂ ᠮᠠᠨ ᠤ ᠤᠯᠤᠰ ᠤᠨ | ᠰᠢᠶᠠᠩᠭᠠᠩ ᠣᠣᠮᠧᠨ ᠲᠠᠶᠢᠸᠠᠨ ᠠᠴᠠ ᠪᠤᠰᠤᠳ 31 ᠮᠤᠵᠢ ( ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ) ᠪᠣᠯᠤᠨ ᠰᠢᠨᠵᠢᠶᠠᠩ ᠤᠨ ᠦᠶᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠳᠣᠲᠣᠷ᠎ᠠ 3 | ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ᠂ 6 ᠳᠤᠮᠳᠠ ᠠᠶᠤᠯ ᠲᠦᠭᠰᠢᠭᠦᠷᠢ ᠲᠠᠢ ᠭᠠᠵᠠᠷ ᠣᠷᠣᠨ ᠪᠠᠶᠢᠵᠤ᠂ | ᠴᠥᠮ ᠶᠦᠨᠨᠠᠨ ᠮᠤᠵᠢ ᠶᠢᠨ ᠷᠦᠢ ᠯᠢ ᠬᠤᠲᠠ ᠳᠤ ᠪᠠᠶᠢᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠳᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠬᠤ ᠪᠠ ᠪᠠᠭᠤᠷᠠᠭᠤᠯᠬᠤ | ᠶᠢᠨ ᠲᠥᠯᠥᠭᠡ᠂ ᠪᠤᠭᠤᠲᠤ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠥᠷᠭᠡᠨ ᠣᠯᠠᠨ | ᠬᠤᠲᠠ ᠶᠢᠨ ᠠᠷᠠᠳ ᠲᠤ ᠳᠣᠤᠷᠠᠬᠢ ᠮᠡᠲᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠤᠯᠭ᠎ᠠ ᠳᠤᠷᠠᠳᠪᠠ | ᠃ | ᠨᠢᠭᠡ᠂ ᠬᠤᠲᠠ ᠶᠢᠨ ᠠᠷᠠᠳ ᠶᠦᠨᠨᠠᠨ ᠮᠤᠵᠢ ᠶᠢᠨ ᠷᠦᠢ ᠯᠢ ᠬᠤᠲᠠ ᠶᠢᠨ ᠠᠯᠪᠠᠨ ᠤ ᠲᠠᠯ᠎ᠠ ᠶᠢᠨ | ᠨᠡᠶᠢᠲᠡᠯᠡᠭᠰᠡᠨ ᠣᠨᠣᠰᠢᠯᠠᠭᠳᠠᠭᠰᠠᠨ ᠡᠪᠡᠳᠴᠢᠲᠡᠨ ( ᠪᠤᠶᠤ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ) ᠤ | ᠠᠶᠠᠯᠠᠯ ᠤᠨ ᠶᠠᠪᠤᠴᠠ ᠶᠢ ᠦᠷᠭᠦᠯᠵᠢᠯᠡᠨ ᠠᠩᠬᠠᠷᠤᠭᠠᠷᠠᠶ᠃ ᠣᠲᠣ ᠮᠠᠨ ᠤ ᠬᠤᠲᠠ ᠳᠤ ᠰᠠᠭᠤᠵᠤ ᠪᠠᠶᠢᠭ᠎ᠠ ᠪᠥᠭᠡᠳ | ᠶᠦᠨᠨᠠᠨ ᠤ ᠷᠦᠢ ᠯᠢ ᠬᠤᠲᠠ ᠶᠢᠨ ᠣᠨᠣᠰᠢᠯᠠᠭᠳᠠᠭᠰᠠᠨ ᠡᠪᠡᠳᠴᠢᠲᠡᠨ ( ᠪᠤᠶᠤ ᠡᠪᠡᠳᠴᠢᠨ ᠤ ᠢᠯᠡᠷᠡᠯ ᠥᠬᠡᠶ | ᠬᠠᠯᠳᠠᠪᠤᠷᠢᠯᠠᠭᠰᠠᠳ ) ᠤ ᠶᠠᠪᠤᠵᠤ ᠰᠠᠭᠤᠬᠤ ᠵᠠᠮ ᠮᠥᠷ ᠨᠢ ᠰᠣᠯᠪᠢᠴᠠᠭᠰᠠᠨ ᠪᠤᠶᠤ ᠣᠶᠢᠷ᠎ᠠ ᠶᠢᠨ ᠬᠤᠭᠤᠴᠠᠭᠠᠨ | ᠳᠤ ᠳᠡᠭᠡᠷ᠎ᠡ ᠳᠤᠷᠠᠳᠤᠭᠰᠠᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠶᠤᠯ ᠲᠦᠭᠰᠢᠭᠦᠷᠢ ᠲᠠᠢ ᠭᠠᠵᠠᠷ | ᠣᠷᠣᠨ ᠤ ᠬᠠᠮᠢᠶ᠎ᠠ ᠪᠥᠬᠦᠶ ᠬᠥᠮᠦᠰ ᠲᠠᠢ ᠣᠶᠢᠷᠠᠲᠤᠭᠰᠠᠨ ᠬᠤᠲᠠ ᠶᠢᠨ ᠠᠷᠠᠳ ᠪᠠᠶᠢᠪᠠᠯ᠂ ᠬᠠᠷᠢᠶ᠎ᠠ ᠨᠡᠶᠢᠭᠡᠮ | ᠲᠣᠭᠤᠷᠢᠭ ( ᠭᠠᠴᠠᠭ᠎ᠠ ᠲᠣᠰᠬᠤᠨ ) ᠵᠢᠴᠢ ᠬᠠᠷᠢᠶ᠎ᠠ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠲᠥᠪ ᠲᠤ ᠬᠠᠮᠢᠶ᠎ᠠ ᠪᠥᠬᠦᠶ ᠪᠠᠶᠢᠳᠠᠯ ᠢᠶᠠᠨ ᠲᠡᠷᠡ ᠳᠠᠷᠤᠶ ᠳᠤᠨᠢ ᠮᠡᠳᠡᠭᠦᠯᠦᠨ ᠳᠠᠩᠰᠠᠯᠠᠭᠤᠯᠵᠤ᠂ ᠠᠵᠢᠯᠯᠠᠭ᠎ᠠ ᠶᠢᠨ | ᠵᠠᠮ ᠮᠥᠷ ᠪᠠ ᠬᠤᠪᠢ ᠬᠥᠮᠦᠨ ᠤ ᠡᠷᠡᠭᠦᠯ ᠮᠡᠨᠳᠦ ᠶᠢᠨ ᠪᠠᠶᠢᠳᠠᠯ ᠢᠶᠠᠨ ᠦᠨᠡᠨ ᠮᠥᠨ ᠢᠶᠠᠷ ᠨᠢ ᠬᠠᠩᠭᠠᠬᠤ ᠶᠢᠨ | ᠬᠠᠮᠲᠤ ᠵᠢᠭᠠᠨ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠠᠨᠠᠭᠠᠴᠢᠯᠠᠭ᠎ᠠ ᠠᠴᠠ ᠪᠠᠨ ᠬᠦᠷᠴᠦ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠶᠢᠨ ᠬᠠᠮᠲᠤ ᠬᠠᠷᠢᠶ᠎ᠠ | ᠭᠠᠵᠠᠷ ᠤᠨ ᠱᠠᠭᠠᠷᠳᠠᠯᠭ᠎ᠠ ᠶᠣᠰᠣᠭᠠᠷ ᠲᠤᠰᠠᠭᠠᠷᠯᠠᠨ ᠬᠠᠮᠢᠶᠠᠷᠤᠨ ᠡᠵᠡᠮᠳᠡᠬᠦ᠂ ᠡᠷᠡᠭᠦᠯ ᠮᠡᠨᠳᠦ ᠶᠢ ᠮᠥᠷᠳᠡᠨ | ᠪᠠᠶᠢᠴᠠᠭᠠᠬᠤ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ | ᠬᠤᠶᠠᠷ᠂ 3 ᠰᠠᠷ᠎ᠠ ᠶᠢᠨ 15 ᠤ ᠡᠳᠦᠷ ᠠᠴᠠ ᠨᠠᠭᠠᠰᠢ ᠶᠦᠨᠨᠠᠨ ᠤ ᠷᠦᠢ ᠯᠢ ᠬᠤᠲᠠ ᠳᠤ | ᠵᠢᠭᠤᠯᠴᠢᠯᠠᠵᠤ ᠥᠩᠭᠡᠷᠡᠭᠰᠡᠨ ᠬᠤᠲᠠ ᠶᠢᠨ ᠠᠷᠠᠳ ᠥᠪᠡᠷ ᠤᠨ ᠪᠠᠶᠢᠭ᠎ᠠ ᠨᠡᠶᠢᠭᠡᠮ ᠲᠣᠭᠤᠷᠢᠭ ( ᠭᠠᠴᠠᠭ᠎ᠠ᠂ | ᠲᠣᠰᠬᠤᠨ ) ᠪᠣᠯᠤᠨ ᠨᠢᠭᠡᠴᠢ ᠳᠡᠭᠡᠨ ᠬᠠᠮᠢᠶ᠎ᠠ ᠪᠥᠬᠦᠶ ᠪᠠᠶᠢᠳᠠᠯ ᠢᠶᠠᠨ ᠳᠠᠷᠤᠶᠢᠬᠠᠨ ᠰᠠᠨᠠᠭᠠᠴᠢᠯᠠᠭ᠎ᠠ ᠠᠴᠠ ᠪᠠᠨ | ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠬᠠᠷᠢᠶ᠎ᠠ ᠣᠷᠣᠨ ᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠲᠠᠢ ᠬᠠᠮᠵᠢᠯᠴᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠬᠦ ᠬᠡᠷᠡᠭᠲᠡᠶ᠃ ᠲᠣᠰ ᠪᠡᠶ᠎ᠡ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠶᠢ | ᠠᠩᠬᠠᠷᠴᠤ᠂ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠡᠮᠨᠡᠯᠭᠡ ᠳᠤ ᠬᠡᠷᠡᠭᠯᠡᠬᠦ | ᠠᠮᠠᠪᠴᠢ ᠪᠠᠨ ᠴᠠᠭ ᠲᠤᠬᠠᠶ ᠳᠤᠨᠢ ᠵᠡᠭᠦᠵᠦ ᠵᠢᠭᠠᠨ ᠲᠣᠭᠲᠠᠭᠠᠭᠰᠠᠨ ᠬᠠᠯᠠᠭᠤᠷᠠᠯ ᠤᠨ ᠡᠭᠦᠳᠡᠨ ᠡᠮᠨᠡᠯᠭᠡ ᠳᠤ | ᠬᠦᠷᠴᠦ ᠡᠮᠨᠡᠭᠦᠯᠬᠦ ᠬᠡᠷᠡᠭᠲᠡᠶ ( ᠢᠯᠠᠩᠭᠤᠶ᠎ᠠ ᠮᠠᠯᠵᠢᠬᠤ ᠲᠠᠷᠢᠶᠠᠯᠠᠬᠤ ᠣᠷᠣᠨ ᠤ ᠠᠳᠠᠯᠢᠪᠲᠤᠷ ᠬᠥᠮᠦᠰ ᠬᠠᠯᠠᠭᠤᠷᠠᠬᠤ | ᠪᠠ ᠬᠠᠨᠢᠶᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ ᠡᠷᠬᠡᠪᠰᠢ ᠰᠠᠭᠤᠭ᠎ᠠ ᠭᠠᠵᠠᠷ ᠤᠨ ᠵᠢᠭᠠᠨ ᠲᠣᠭᠲᠠᠭᠠᠭᠰᠠᠨ | ᠬᠠᠯᠠᠭᠤᠷᠠᠯ ᠤᠨ ᠡᠭᠦᠳᠡᠨ ᠡᠮᠨᠡᠯᠭᠡ ᠳᠤ ᠡᠮᠨᠡᠭᠦᠯᠬᠦ ᠬᠡᠷᠡᠭᠲᠡᠶ )᠂ ᠡᠮᠨᠡᠭᠦᠯᠬᠦ ᠶᠠᠪᠤᠴᠠ ᠳᠤ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠡᠮᠨᠡᠭᠦᠯᠬᠦ ᠦᠶ᠎ᠡ ᠳᠤ ᠡᠮᠴᠢ | ᠶᠢᠨ ᠵᠢᠭᠤᠯᠴᠢᠯᠠᠯ ᠤᠨ ᠲᠡᠦᠬᠡ᠂ ᠣᠶᠢᠷᠠᠲᠤᠭᠰᠠᠨ ᠲᠡᠦᠬᠡ ᠶᠢ ᠰᠠᠨᠠᠭᠠᠴᠢᠯᠠᠭ᠎ᠠ ᠠᠴᠠ ᠪᠠᠨ ᠨᠠᠷᠢᠨ ᠲᠣᠳᠣᠷᠬᠠᠶ | ᠮᠡᠳᠡᠭᠳᠡᠵᠦ᠂ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠬᠤ ᠪᠠ ᠬᠠᠮᠢᠶᠠᠷᠤᠨ ᠡᠵᠡᠮᠳᠡᠬᠦ ᠳᠤ ᠲᠥᠬᠦᠮ ᠪᠣᠯᠭᠠᠬᠤ | ᠬᠡᠷᠡᠭᠲᠡᠶ᠃ | ᠭᠤᠷᠪᠠ᠂ ᠴᠢᠬᠤᠯᠠ ᠥᠬᠡᠶ ᠪᠣᠯ ᠬᠤᠲᠠ ᠶᠢᠨ ᠠᠷᠠᠳ ᠣᠶᠢᠷ᠎ᠠ ᠶᠢᠨ ᠬᠤᠭᠤᠴᠠᠭᠠᠨ ᠳᠤ ᠶᠦᠨᠨᠠᠨ ᠮᠤᠵᠢ | ᠶᠢᠨ ᠷᠦᠢ ᠯᠢ ᠬᠤᠲᠠ ᠳᠤ ᠣᠴᠢᠬᠤ ᠬᠡᠷᠡᠭ ᠥᠬᠡᠶ᠃ ᠬᠡᠷᠪᠡ ᠦᠨᠡᠨ ᠬᠦ ᠣᠴᠢᠬᠤ ᠴᠢᠬᠤᠯᠠᠲᠠᠶ ᠪᠣᠯ᠂ | ᠤᠷᠢᠳᠴᠢᠯᠠᠨ ᠰᠠᠨᠠᠭᠠᠴᠢᠯᠠᠭ᠎ᠠ ᠠᠴᠠ ᠪᠠᠨ ᠨᠢᠭᠡᠴᠢ᠂ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ( ᠭᠠᠴᠠᠭ᠎ᠠ | ᠲᠣᠰᠬᠤᠨ ) ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ | ᠶᠢ ᠰᠠᠶᠢᠲᠤᠷ ᠬᠢᠵᠦ᠂ ᠪᠤᠴᠠᠵᠤ ᠢᠷᠡᠭᠰᠡᠨ ᠤ ᠳᠠᠷᠠᠭ᠎ᠠ ᠬᠠᠷᠢᠶ᠎ᠠ ᠣᠷᠣᠨ ᠤ ᠪᠠᠨ ᠵᠣᠬᠢᠴᠠᠩᠭᠤᠶ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃ | ᠳᠥᠷᠪᠡ᠂ ᠥᠷᠭᠡᠨ ᠣᠯᠠᠨ ᠲᠦᠮᠡᠨ ᠡᠳᠦᠷ ᠲᠤᠲᠤᠮ ᠤᠨ ᠠᠵᠢᠯ᠂ ᠠᠮᠢᠳᠤᠷᠠᠯ᠂ ᠰᠤᠷᠤᠯᠴᠠᠯᠭ᠎ᠠ | ᠳᠤᠮᠳᠠ ᠪᠠᠨ ᠠᠮᠠᠪᠴᠢ ᠵᠡᠭᠦᠬᠦ ᠶᠢ ᠦᠷᠭᠦᠯᠵᠢᠯᠡᠨ ᠪᠠᠷᠢᠮᠲᠠᠯᠠᠵᠤ᠂ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠵᠤ | ᠂ ᠬᠤᠪᠢ ᠬᠥᠮᠦᠨ ᠤ ᠡᠷᠡᠭᠦᠯ ᠬᠠᠮᠠᠭᠠᠯᠠᠯ ᠢ ᠠᠩᠬᠠᠷᠬᠤ ᠬᠡᠷᠡᠭᠲᠡᠶ; ᠴᠤᠭᠯᠠᠷᠠᠨ ᠬᠤᠭᠤᠯᠠᠯᠠᠬᠤ ᠶᠢ ᠠᠯᠢ ᠴᠢᠳᠠᠬᠤ ᠪᠠᠷ | ᠪᠠᠭᠠᠰᠬᠠᠵᠤ᠂ ᠬᠥᠮᠦᠨ ᠬᠠᠷ᠎ᠠ ᠨᠢᠭᠲᠠᠷᠠᠭᠰᠠᠨ ᠣᠯᠠᠨ ᠨᠡᠶᠢᠲᠡ ᠶᠢᠨ ᠲᠠᠯᠠᠪᠤᠷ ᠲᠤ ᠠᠵᠢᠯᠯᠠᠭ᠎ᠠ ᠬᠢᠬᠦ ᠶᠢ ᠪᠠᠭᠠᠰᠬᠠᠵᠤ | ᠂ ᠢᠯᠠᠩᠭᠤᠶ᠎ᠠ ᠠᠭᠠᠷ ᠨᠡᠪᠲᠡᠷᠡᠬᠦ ᠴᠢᠨᠠᠷ ᠢᠶᠠᠷ ᠠᠨᠠᠶ ᠭᠠᠵᠠᠷ᠂ ᠵᠢᠱᠢᠶᠡᠯᠡᠪᠡᠯ ᠬᠤᠨᠣᠭᠯᠠᠬᠤ᠂ ᠪᠠᠷᠠᠭ᠎ᠠ ᠬᠤᠳᠠᠯᠳᠤᠨ | ᠠᠪᠬᠤ᠂ ᠦᠰᠦ ᠵᠠᠰᠠᠬᠤ᠂ ᠪᠡᠶ᠎ᠡ ᠤᠬᠢᠶᠠᠬᠤ᠂ ᠵᠤᠭ᠎ᠠ ᠴᠡᠩᠭᠡᠯ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠬᠦᠷᠴᠦ | ᠂ ᠣᠯᠠᠨ ᠨᠡᠶᠢᠲᠡ ᠶᠢᠨ ᠣᠷᠣᠨ ᠵᠠᠶ ᠳᠤ ᠠᠮᠠᠪᠴᠢ ᠠᠪᠬᠤ ᠴᠢᠬᠤᠯᠠ ᠥᠬᠡᠶ᠃ ᠮᠢᠨᠴᠦᠭᠦᠷᠡᠨ ᠲᠠᠶᠢᠪᠤᠰᠢᠷᠠᠬᠤ ᠶᠢ | ᠴᠢᠩᠭ᠎ᠠ ᠴᠡᠭᠡᠷᠯᠡᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠬᠤᠪᠢ ᠬᠥᠮᠦᠨ ᠤ ᠰᠡᠷᠭᠡᠶᠢᠯᠡᠯᠲᠡ | ᠬᠠᠮᠠᠭᠠᠯᠠᠯᠲᠠ ᠪᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠮᠠᠨ ᠤ ᠬᠥᠮᠦᠨ ᠨᠢᠭᠡᠪᠦᠷᠢ ᠠᠴᠠ ᠬᠤᠯᠠ | ᠪᠠᠶᠢᠯᠭᠠᠬᠤ ᠬᠡᠷᠡᠭᠲᠡᠢ᠃ | ᠲᠠᠪᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠬᠦ ᠪᠣᠯ ᠡᠪᠡᠳᠴᠢᠨ | ᠡᠮᠭᠡᠭ ᠢ ᠤᠷᠢᠳᠴᠢᠯᠠᠨ ᠰᠡᠷᠭᠡᠶᠢᠯᠡᠬᠦ ᠬᠠᠮᠤᠭ ᠤᠨ ᠠᠮᠤᠷ ᠲᠦᠪᠰᠢᠨ᠂ ᠬᠠᠮᠤᠭ ᠤᠨ ᠬᠢᠮᠳᠠ᠂ ᠬᠠᠮᠤᠭ ᠤᠨ | ᠪᠦᠲᠦᠮᠵᠢᠲᠡᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠮᠥᠨ᠃ ᠸᠠᠺᠼᠢᠨ ᠤ ᠲᠠᠷᠢᠯᠭ᠎ᠠ ᠬᠢᠬᠦ ᠪᠣᠯ ᠠᠷᠠᠳ ᠢᠷᠭᠡᠨ | ᠨᠢᠭᠡᠪᠦᠷᠢ ᠶᠢᠨ ᠭᠦᠶᠴᠡᠳᠬᠡᠪᠡᠰᠦ ᠵᠣᠬᠢᠬᠤ ᠬᠠᠷᠢᠭᠤᠴᠠᠯᠭ᠎ᠠ ᠪᠠ ᠡᠭᠦᠷᠭᠡ ᠮᠥᠨ᠃ ᠪᠤᠭᠤᠲᠤ ᠬᠤᠲᠠ ᠨᠢᠭᠡᠨᠲᠡ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠦᠨ᠎ᠡ ᠲᠥᠯᠥᠪᠦᠷᠢ ᠥᠬᠡᠶ ᠪᠠᠷ ᠲᠠᠷᠢᠯᠭ᠎ᠠ ᠬᠢᠬᠦ | ᠠᠵᠢᠯ ᠢ ᠡᠬᠢᠯᠡᠭᠦᠯᠵᠦ᠂ ᠪᠥᠬᠦ ᠬᠤᠲᠠ ᠶᠢᠨ ᠪᠦᠬᠦᠯᠢ 18 ᠨᠠᠰᠤ ( ᠪᠠᠭᠲᠠᠨ᠎ᠠ ) ᠠᠴᠠ ᠳᠡᠭᠡᠭᠰᠢᠬᠢ ᠠᠷᠠᠳ | ᠢᠷᠭᠡᠳ ᠲᠤ ᠬᠠᠷᠢᠶ᠎ᠠ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠬᠦ | ᠴᠡᠭ ᠲᠤ ᠬᠦᠷᠴᠦ ᠸᠠᠺᠼᠢᠨ ᠤ ᠲᠠᠷᠢᠯᠭ᠎ᠠ ᠬᠢᠬᠦ ᠶᠢ ᠰᠠᠨᠠᠭᠤᠯᠵᠤ ᠪᠠᠶᠢᠨ᠎ᠠ᠃ | ᠰᠠᠨᠠᠭᠤᠯᠤᠮᠵᠢ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ᠂ | ᠮᠢᠨᠴᠦᠭᠦᠷᠡᠨ ᠲᠠᠶᠢᠪᠤᠰᠢᠷᠠᠬᠤ ᠶᠢ ᠴᠢᠩᠭ᠎ᠠ ᠴᠡᠭᠡᠷᠯᠡᠵᠦ᠂ ᠪᠠᠰᠠ ᠠᠮᠠᠪᠴᠢ ᠵᠡᠭᠦᠬᠦ᠂ ᠰᠠᠶᠢᠨ ᠰᠠᠶᠢᠬᠠᠨ ᠬᠤᠪᠢ | ᠬᠥᠮᠦᠨ ᠤ ᠡᠷᠡᠭᠦᠯ ᠬᠠᠮᠠᠭᠠᠯᠠᠯ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠠᠪᠬᠤ ᠬᠡᠷᠡᠭᠲᠡᠶ᠃ | |