ᠰᠢᠭᠤᠶᠢᠲᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠨᠠᠮ ᠤᠨ ᠡᠭᠦᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ ᠨᠠᠮ ᠤᠨ ᠬᠢᠴᠢᠶᠡᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/9
       ᠳᠡᠯᠡᠬᠡᠢ ᠶᠢᠨ ᠲᠠᠪᠴᠠᠩ ᠤᠨ ᠲᠥᠪ ᠲᠤ ᠡᠳᠦᠷ ᠢᠷᠡᠬᠦᠶ᠎ᠡ ᠣᠶᠢᠷᠠᠳᠴᠤ ᠪᠠᠶᠢᠭ᠎ᠠ ᠳᠤᠮᠳᠠᠳᠤ ᠤᠯᠤᠰ ᠲᠤ ᠠᠪᠴᠤ ᠬᠡᠯᠡᠪᠡᠯ᠂ ᠰᠢᠨ᠎ᠡ ᠴᠠᠭ ᠦᠶ᠎ᠡ ᠳᠤ ᠦᠨᠳᠦᠰᠦᠲᠡᠨ ᠤ ᠠᠵᠢᠯ ᠢ ᠦᠷᠭᠦᠯᠵᠢᠯᠡᠨ ᠰᠠᠶᠢᠲᠤᠷ ᠬᠢᠬᠦ ᠨᠢ ᠡᠬᠡ ᠤᠯᠤᠰ ᠤᠨ ᠨᠢᠭᠡᠳᠦᠯ᠂ ᠬᠢᠯᠢ ᠬᠢᠵᠠᠭᠠᠷ ᠤᠨ ᠪᠠᠬᠢᠵᠢᠯ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ ᠳᠤ ᠠᠰᠢᠭᠲᠠᠢ᠂ ᠤᠯᠤᠰ ᠤᠨ ᠥᠨᠢ ᠤᠳᠠᠭᠠᠨ ᠤ ᠠᠮᠤᠷ ᠲᠣᠭᠲᠠᠭᠤᠨ ᠪᠣᠯᠤᠨ ᠳᠤᠮᠳᠠᠳᠤ ᠶᠢᠨ ᠦᠨᠳᠦᠰᠦᠲᠡᠨ ᠤ ᠬᠥᠭᠵᠢᠯ ᠴᠡᠴᠡᠭᠯᠡᠯ ᠳᠤ ᠠᠰᠢᠭᠲᠠᠢ ᠶᠤᠮ᠃ ᠡᠭᠦᠨ ᠤ ᠲᠤᠯᠠᠳᠠ᠂ 2021 ᠣᠨ ᠤ 3 ᠰᠠᠷ᠎ᠠ  ᠶᠢᠨ 9 ᠤ ᠡᠳᠦᠷ᠂ ᠰᠢᠭᠤᠶᠢᠲᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠨᠠᠮ ᠤᠨ ᠡᠭᠦᠷ 《 ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠴᠣᠭᠴᠠᠯᠠᠬᠤ 》 ᠲᠤᠰᠬᠠᠢ ᠰᠡᠳᠦᠪᠲᠦ ᠨᠠᠮ ᠤᠨ ᠬᠢᠴᠢᠶᠡᠯ ᠬᠤᠷᠠᠯᠳᠤᠭᠤᠯᠵᠤ᠂ ᠵᠠᠰᠠᠭ  ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠠᠷᠤᠭ᠎ᠠ ᠳ᠋ᠦᠩ ᠱᠤ᠋ ᠰᠢᠶᠦ᠋ᠩ ᠨᠥᠬᠦᠷ ᠬᠢᠴᠢᠶᠡᠯ ᠣᠷᠣᠪᠠ᠃

       ᠳ᠋ᠦᠩ ᠱᠤ᠋ ᠰᠢᠶᠦ᠋ᠩ ᠨᠥᠬᠦᠷ ᠳᠣᠣᠷᠠᠬᠢ ᠲᠠᠪᠤᠨ ᠲᠠᠯ᠎ᠠ ᠪᠠᠷ ᠪᠢᠳᠡᠨ ᠳᠤ ᠠᠮᠢᠳᠤᠯᠢᠭ ᠲᠠᠶᠢᠯᠪᠤᠷᠢᠯᠠᠪᠠ᠂

ᠨᠢᠭᠡ ᠳᠤ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠴᠠᠭ

ᠦᠶ᠎ᠡ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠨᠢ

ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠬᠤᠶᠠᠷ ᠲᠤ᠂ ᠨᠠᠮ ᠤᠨ ᠤᠳᠤᠷᠢᠳᠤᠯᠭ᠎ᠠ ᠪᠣᠯᠤᠨ ᠺᠠᠳ᠋ᠷ ᠤᠨ

ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠡᠭᠦᠨ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ

ᠪᠣᠯᠭᠠᠨ᠎ᠠ; ᠭᠤᠷᠪᠠ ᠳᠤ ᠥᠪᠥᠷ ᠮᠣᠩᠭᠤᠯ ᠤᠨ ᠡᠭᠦᠷᠭᠡᠯᠡᠵᠦ ᠪᠠᠶᠢᠭ᠎ᠠ ᠴᠢᠬᠤᠯᠠ ᠶᠡᠭᠡ ᠬᠠᠷᠢᠭᠤᠴᠠᠯᠭ᠎ᠠ ᠶᠢ

ᠭᠦᠢᠴᠡᠳ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠳᠤ ᠦᠵᠡᠯ ᠰᠠᠨᠠᠭᠠᠨ ᠤ ᠰᠠᠭᠤᠷᠢ ᠶᠢ ᠪᠠᠲᠤ ᠴᠣᠭᠴᠠᠯᠠᠬᠤ ᠬᠡᠷᠡᠭᠲᠡᠢ ; ᠲᠦᠷᠪᠡ ᠳᠤ᠂ ᠦᠨᠳᠦᠰᠦᠲᠡᠨ

 ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠬᠦᠴᠦᠲᠡᠢ ᠲᠦᠷᠢᠮ ᠤᠨ

ᠪᠠᠲᠤᠯᠠᠭ᠎ᠠ ᠬᠠᠩᠭᠠᠬᠤ ᠬᠡᠷᠡᠭᠲᠡᠢ ; ᠲᠠᠪᠤ ᠳᠤ ᠵᠢᠱᠢᠶᠡᠴᠢ ᠳᠠᠭᠠᠭᠤᠯᠬᠤ ᠦᠢᠯᠡᠳᠦᠯ ᠦᠵᠡᠭᠦᠯᠵᠦ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠲᠤᠯᠢ ᠪᠣᠯᠭᠠᠵᠤ ᠪᠣᠯᠬᠤ

ᠲᠤᠷᠰᠢᠯᠭ᠎ᠠ ᠶᠢᠨ ᠵᠠᠭᠪᠤᠷ ᠬᠠᠩᠭᠠᠬᠤ ᠬᠡᠷᠡᠭᠲᠡᠢ᠃

       ᠲᠣᠰ ᠤᠳᠠᠭᠠᠨ ᠤ ᠨᠠᠮ ᠤᠨ ᠬᠢᠴᠢᠶᠡᠯ ᠤᠨ ᠰᠤᠷᠤᠯᠴᠠᠯᠭ᠎ᠠ ᠪᠠᠷ ᠳᠡᠮᠵᠢᠨ᠂ ᠥᠪᠥᠷ ᠮᠣᠩᠭᠤᠯ ᠮᠠᠨ ᠤ

ᠤᠯᠤᠰ ᠤᠨ ᠬᠠᠮᠤᠭ ᠤᠨ ᠡᠷᠲᠡ ᠪᠠᠶᠢᠭᠤᠯᠤᠭᠳᠠᠭᠰᠠᠨ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠪᠣᠯᠤᠭᠰᠠᠨ

 ᠤ ᠬᠤᠪᠢ ᠳᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠲᠠᠯ᠎ᠠ ᠪᠠᠷ ᠢᠷᠠᠭᠤ ᠠᠯᠳᠠᠷᠲᠤ ᠤᠯᠠᠮᠵᠢᠯᠠᠯ ᠲᠠᠢ

ᠭᠡᠳᠡᠭ ᠢ ᠪᠢᠳᠡ ᠭᠦᠨᠵᠡᠭᠡᠶ ᠲᠠᠨᠢᠵᠤ ᠤᠯᠪᠠ᠂ ᠶᠡᠷᠦᠩᠬᠡᠶ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠴᠠᠭ

ᠢᠮᠠᠭᠲᠠ ᠪᠠᠲᠤ ᠴᠡᠭᠡᠵᠢᠯᠡᠵᠦ᠂ ᠡᠯ᠎ᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠠᠯ᠎ᠠ ᠪᠠᠷ

ᠦᠷᠭᠦᠯᠵᠢᠯᠡᠨ ᠡᠮᠦᠨ᠎ᠡ ᠡᠩᠨᠡᠭᠡᠨ ᠳᠤ ᠶᠠᠪᠤᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠯ᠎ᠠ ᠪᠠᠷ ᠵᠢᠱᠢᠶᠡᠴᠢ

ᠳᠠᠭᠠᠭᠤᠯᠤᠭᠴᠢ ᠶᠢᠨ ᠦᠶᠯᠡᠳᠦᠯ ᠦᠵᠡᠭᠦᠯᠵᠦ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ

ᠪᠦᠯᠬᠦᠮᠳᠡᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ

ᠪᠣᠯᠭᠠᠨ ᠪᠥᠲᠥᠭᠡᠨ ᠪᠠᠶᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃

 
ᠢᠷᠡᠯᠲᠡ᠄ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号